ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠭᠢᠮ ᠤᠨ ᠬᠢᠨ ᠤ ︽ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠦᠨᠳᠦ ᠶᠡᠭᠡ ᠡ᠊ᠨᠳᠡᠯ ᠤᠨ ᠭᠡᠮ ᠰᠣᠭᠤᠭ ᠢ ᠮᠠᠭᠠᠳᠯᠠᠨ ᠲᠣᠭᠲᠠᠭᠠᠬᠤ ᠪᠠᠷᠢᠮᠵᠢᠶ᠎ᠠ︾  ᠶᠢ ᠲᠠᠷᠤᠮᠠᠯᠯᠠᠨ ᠲᠠᠷᠭᠠᠬᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/12/14
ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠶᠠᠪᠤᠳᠠᠯ ᠤᠨ ᠲᠢᠩᠬᠢᠮ ︵ᠲᠣᠪᠴᠢᠶ᠎ᠠ︶᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠤ᠄     ᠡᠳᠦᠭᠡ ︽ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠦᠨᠳᠦ ᠶᠡᠭᠡ ᠡ᠊ᠨᠳᠡᠯ ᠤᠨ ᠭᠡᠮ ᠰᠤᠭᠤᠭ ᠢ ᠮᠠᠭᠠᠳᠯᠠᠨ ᠲᠣᠭᠲᠠᠭᠠᠬᠤ ᠪᠠᠷᠢᠮᠵᠢᠶ᠎ᠠ︾ ︵︽ᠪᠠᠷᠢᠮᠵᠢᠶ᠎ᠠ︾ ᠭᠡᠵᠦ  ᠲᠤᠪᠴᠢᠯᠠᠶ᠎ᠠ︶ ᠢ ᠲᠠ ᠨᠠᠷ ᠳᠠᠷᠤᠮᠠᠯᠯᠠᠨ ᠢᠯᠡᠬᠡᠯ᠎ᠡ᠂ ᠬᠢᠨᠠᠮᠠᠭᠠᠢ  ᠬᠡᠷᠡᠭᠵᠢᠭᠦᠯᠲᠦᠭᠡᠢ᠃   ᠡᠯ᠎ᠡ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ︽ᠪᠠᠷᠢᠮᠵᠢᠶ᠎ᠠ︾ ᠶᠢ ᠨᠠᠰᠤᠵᠢᠯ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠴᠢᠬᠤᠯᠠ ᠦᠨᠳᠦᠰᠦᠯᠡᠯ ᠪᠣᠯᠭᠠᠵᠤ᠂ ᠠᠰ ᠢᠶᠠᠷ ᠢᠶᠠᠨ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠠᠢ ᠬᠠᠮᠲᠤᠷᠠᠨ ᠨᠠᠰᠤᠵᠢᠯ ᠤᠨ ᠪᠠᠶᠢᠭᠤᠯᠤᠮᠵᠢ ᠶᠢᠨ ᠵᠠᠰᠠᠭ ᠵᠠᠬᠢᠷᠭᠠᠨ ᠤ ᠪᠠᠶᠢᠴᠠᠭᠠᠯᠲᠠ ᠳᠤ ᠬᠦᠨᠳᠦ ᠶᠡᠭᠡ ᠠᠳᠡᠯ ᠤᠨ ᠬᠡᠮ ᠰᠤᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠴᠢᠩᠭᠠᠳᠬᠠᠬᠤ ᠬᠡᠷᠡᠭᠲᠡᠢ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠢ ᠬᠦᠨᠳᠦ ᠶᠡᠭᠡ ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠬᠦᠨᠳᠦ ᠶᠡᠭᠡ ᠠᠳᠡᠯ ᠤᠨ ᠬᠡᠮ ᠰᠤᠭᠤᠭ ᠢ ᠲᠤᠶᠢᠯᠪᠤᠷᠢᠲᠠᠢ ᠵᠢᠭᠰᠠᠭᠠᠨ ᠪᠠᠶᠢᠴᠠᠭᠠᠵᠤ᠂ ᠣᠨᠣᠪᠴᠢᠲᠠᠶ ᠮᠠᠭᠠᠳᠯᠠᠨ ᠲᠣᠭᠲᠠᠭᠠᠵᠤ᠂ ᠴᠠᠭ ᠲᠤᠬᠠᠢ ᠳᠤ ᠨᠢ ᠠᠷᠢᠯᠭᠠᠵᠤ᠂ ᠬᠦᠨᠳᠦ᠂ ᠣᠨᠴᠠ ᠶᠡᠭᠡ ᠠᠳᠡᠯ ᠡᠭᠦᠰᠬᠦ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃     ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ                     2023 ᠣᠨ ᠤ 11 ᠰᠠᠷ᠎ᠠ ᠶᠢᠨ 27   
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号