ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠲᠤᠰᠠᠯᠠᠮᠵᠢ ᠶᠢᠨ ᠪᠡᠯᠡ ᠮᠥᠩᠭᠦ ᠲᠠᠷᠬᠠᠭᠠᠬᠤ ᠠᠵᠢᠯ ᠢ ᠰᠠᠶᠢᠲᠤᠷ ᠬᠢᠵᠦ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠳᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2023/12/18
      ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠦᠨᠤ ᠵᠢᠯ ᠨᠡᠶᠢᠭᠡᠮ ᠤᠨ ᠲᠤᠰᠠᠯᠠᠮᠵᠢ ᠶᠢᠨ ᠠᠵᠢᠯ ᠤᠨ ᠲᠣᠭᠲᠠᠴᠠ ᠶᠢ ᠤᠯᠠᠮ ᠲᠡᠬᠦᠯᠳᠡᠷᠵᠢᠬᠦᠯᠤᠨ᠂ ᠲᠤᠰᠠᠯᠠᠮᠵᠢ ᠬᠦᠷᠳᠡᠭᠰᠡᠳ ᠢ ᠨᠠᠷᠢᠯᠢᠭ ᠣᠨᠣᠴᠠᠲᠠᠢ ᠪᠠᠷ ᠮᠠᠭᠠᠳᠯᠠᠨ ᠲᠣᠭᠲᠠᠭᠠᠵᠤ᠂ ᠨᠥᠬᠦᠴᠡᠯ ᠳᠤ ᠨᠡᠶᠢᠴᠡᠬᠦ ᠬᠦᠴᠢᠷᠳᠡᠯᠲᠡᠢ ᠬᠥᠮᠥᠰ ᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠤᠨ ᠲᠤᠰᠠᠯᠠᠬᠤ ᠪᠠᠲᠤᠯᠠᠭ᠎ᠠ ᠶᠢᠨ ᠬᠡᠪᠴᠢᠶᠡᠨ ᠳᠤ ᠴᠠᠭ ᠲᠤᠬᠠᠢ ᠳᠤ ᠨᠢ ᠣᠷᠣᠭᠤᠯᠪᠠ᠃ ᠲᠦᠷ ᠴᠠᠭ ᠤᠨ ᠲᠤᠰᠠᠯᠠᠮᠵᠢ ᠶᠢᠨ ᠡᠷᠴᠢᠮ ᠢᠶᠠᠨ ᠴᠢᠩᠭᠠᠷᠠᠭᠤᠯᠵᠤ᠂ ᠭᠡᠨᠡᠳᠲᠡ ᠶᠢᠨ ᠂ ᠲᠤᠯᠭᠠᠮ᠂ ᠲᠦᠷ ᠴᠠᠭ ᠤᠨ ᠠᠮᠢᠳᠤᠷᠠᠯ ᠤᠨ ᠬᠦᠴᠢᠷᠳᠡᠯ ᠳᠤ ᠲᠤᠯᠭᠠᠷᠠᠬᠰᠠᠳ ᠲᠤ ᠲᠦᠷ ᠴᠠᠭ ᠤᠨ ᠲᠤᠰᠠᠯᠠᠮᠵᠢ ᠤᠯᠭᠤᠪᠠ᠃ ᠢᠳᠡᠪᠬᠢᠲᠡᠢ ᠪᠠᠷ ᠪᠦᠲᠦᠮᠵᠢᠲᠡᠶ ᠠᠷᠭ᠎ᠠ ᠠᠪᠴᠤ ᠪᠠᠶᠢᠭᠠᠳ ᠬᠦᠴᠢᠷᠳᠡᠯᠲᠡᠢ ᠣᠯᠠᠨ ᠲᠦᠮᠡᠨ ᠤ ᠲᠤᠰᠠᠯᠠᠮᠵᠢ ᠶᠢᠨ ᠪᠡᠯᠡ ᠮᠥᠩᠭᠦ ᠤᠯᠭᠤᠬᠤ ᠠᠵᠢᠯ ᠳᠤ ᠴᠠᠭ ᠲᠤᠬᠠᠢ  ᠳᠤ ᠨᠢ ᠬᠢᠨᠠᠯᠲᠠ ᠲᠠᠯᠪᠢᠵᠤ᠂ ᠠᠵᠢᠯ ᠤᠨ ᠲᠣᠬᠢᠷᠠᠭᠤᠯᠤᠯᠲᠠ ᠶᠢ ᠴᠢᠩᠭᠠᠷᠠᠭᠤᠯᠤᠨ᠂ ᠲᠤᠰᠠᠯᠠᠮᠵᠢ ᠶᠢᠨ ᠪᠡᠯᠡ ᠮᠥᠩᠭᠦ ᠶᠢ ᠴᠠᠭ ᠲᠤ ᠨᠢ᠂ ᠲᠤᠭ᠎ᠠ ᠶᠣᠰᠣᠭᠠᠷ᠂ ᠣᠨᠣᠪᠴᠢᠲᠠᠶ ᠣᠯᠭᠤᠬᠤ ᠶᠢ ᠪᠠᠳᠤᠯᠠᠯ᠎ᠠ᠃    2023 ᠣᠨ ᠤ 1 ︱ 11 ᠳ᠋ᠤᠬᠡᠷ ᠰᠠᠷ᠎ᠠ ᠳᠤ ᠪᠥᠬᠦ ᠣᠷᠣᠨ ᠳᠤ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠦᠷᠳᠡᠬᠦ 155.96 ᠲᠦᠮᠡᠨ ᠬᠥᠮᠥᠨ ᠢ ᠪᠠᠲᠤᠯᠠᠵᠤ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠮᠥᠩᠭᠦ 68.28 ᠳ᠋ᠦᠩᠰᠢᠭᠤᠷ ᠲᠥᠭᠦᠷᠢᠭ ᠲᠠᠷᠬᠠᠭᠠᠬᠰᠠᠨ ᠪᠠᠶᠢᠨ᠎ᠠ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号