︽ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡ — ᠮᠠᠨ ᠤ ᠠᠵᠢᠯᠯᠠᠭ᠎ᠠ︾ ᠰᠢᠷᠢᠰ ᠮᠡᠳᠡᠭᠡᠯᠡᠯ ︵ᠭᠤᠴᠢ︶
ᠨᠡᠶᠢᠲᠡᠯᠡᠭᠰᠡᠨ ᠴᠠᠭ᠄
2023/12/25
     ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠳᠤᠮᠳᠠᠳᠤ ᠶᠢᠨ ᠰᠢᠯᠢᠳᠡᠭ ᠰᠤᠶᠤᠯ ᠢ ᠤᠯᠠᠮᠵᠢᠯᠠᠨ ᠪᠠᠳᠠᠷᠠᠭᠤᠯᠬᠤ ᠶᠢᠨ ᠲᠥᠯᠥᠭᠡ ᠬᠥᠬᠡᠬᠤᠲᠠ᠂ ᠬᠢᠩᠭᠠᠨ ᠠᠶᠢᠮᠠᠭ᠂ ᠠᠯᠠᠱᠠ ᠠᠶᠢᠮᠠᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠲᠤᠬᠠᠢ ᠶᠢᠨ ᠭᠠᠵᠠᠷ ᠤᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠲᠠᠶᠢᠴᠢᠯᠠᠨ ᠨᠡᠶᠢᠭᠡᠮ ᠲᠣᠭᠤᠷᠢᠭ ᠤᠨ ᠠᠵᠢᠯᠯᠠᠭ᠎ᠠ ᠵᠣᠬᠢᠶᠠᠨ ᠪᠠᠶᠢᠭᠤᠯᠤᠨ᠂ ᠰᠠᠭᠤᠭᠠᠯᠢ ᠠᠷᠠᠳ ᠤᠨ ᠰᠣᠶᠣᠯ ᠤᠨ ᠬᠡᠷᠡᠭᠴᠡᠭᠡ ᠶᠢ ᠬᠠᠨᠭ᠍ᠭᠠᠬᠤ ᠶᠢᠨ ᠬᠠᠮᠳᠤ ᠨᠡᠶᠢᠭᠡᠮ ᠲᠣᠭᠤᠷᠢᠭ ᠤᠨ ᠬᠢᠨ ᠪᠤᠯᠤᠨ ᠪᠣᠯᠣᠨ ᠰᠠᠭᠤᠭᠠᠯᠢ ᠠᠷᠠᠳ ‍ᠤ᠊ ᠰᠤᠯᠢᠯᠴᠠᠭ᠎ᠠ ᠶᠢ ᠴᠢᠩᠭᠠᠳᠬᠠᠵᠤ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠢ ᠲᠡᠭᠡᠭᠰᠢᠯᠡᠬᠦᠯᠵᠤ ᠪᠠᠶᠢᠨ᠎ᠠ᠃
W020231226543826244885.png
        ᠬᠥᠬᠡᠬᠤᠲᠠ ᠶᠢᠨ ᠮᠤ᠋ ᠰᠢᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠤᠨ ᠬᠢᠨ ᠬᠤᠳᠤᠩᠴᠤᠳ ᠤᠨ ᠲᠣᠭᠤᠷᠢᠭ ᠤᠨ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠦᠩᠪᠸᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠬᠢᠨ ᠲᠠᠢ ᠬᠠᠮᠳᠤᠷᠠᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ︽ᠪᠥᠰ ᠨᠠᠭᠠᠮᠠᠯ ᠵᠢᠷᠤᠭ︾ ᠤᠨ ᠵᠠᠯᠭᠠᠮᠵᠢᠯᠠᠭᠴᠢ ᠶᠢ ᠤᠷᠢᠵᠤ᠂ ︽ᠪᠣᠳᠠᠰ ᠤᠨ ᠪᠤᠰᠤ ᠰᠣᠶᠣᠯ ᠤᠨ ᠥᠪ ᠢ ᠨᠡᠶᠢᠭᠡᠮ ᠲᠣᠭᠤᠷᠢᠭ ᠲᠤ ᠣᠷᠣᠭᠤᠯᠬᠤ︾ ᠭᠤᠣᠯ ᠰᠡᠳᠦᠪᠲᠦ ᠠᠵᠢᠯᠯᠠᠭ᠎ᠠ ᠦᠷᠨᠢᠬᠦᠯᠪᠡ᠃ ᠨᠡᠶᠢᠭᠡᠮ ᠤᠨ ᠠᠵᠢᠯᠲᠠᠨ ᠤ ᠨᠢᠭᠡᠳᠦᠯᠲᠡᠢ ᠵᠣᠬᠢᠶᠠᠨ ᠪᠠᠶᠢᠭᠤᠯᠤᠯᠲᠠ  ᠪᠠᠷ ᠬᠠᠷᠢᠶ᠎ᠠ ᠣᠷᠣᠨ ᠤ ᠨᠠᠰᠤᠲᠠᠶᠢᠴᠤᠳ ᠴᠥᠮ ᠪᠥᠰ ᠨᠠᠭᠠᠮᠠᠯ ᠵᠢᠷᠤᠭ ᠬᠢᠬᠦ ᠡᠩᠨᠡᠭᠡᠨ ᠳᠤ ᠣᠷᠣᠵᠤ᠂ ᠠᠬᠤᠢ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠯ᠎ᠠ᠃ ᠡᠨᠡ ᠬᠦ ᠠᠵᠢᠯᠯᠠᠭ᠎ᠠ ᠬᠠᠷᠢᠶ᠎ᠠ ᠣᠷᠣᠨ ᠤ ᠪᠠᠨ ᠨᠠᠰᠤᠲᠠᠶᠢᠴᠤᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠮᠥᠷᠲᠡᠭᠡᠨ ᠪᠠᠰᠠ ᠤᠯᠠᠮᠵᠢᠯᠠᠯᠲᠤ ᠰᠣᠶᠣᠯ ᠤᠷᠠᠯᠢᠭ ᠤᠨ ᠲᠤᠬᠠᠢ ᠣᠶᠢᠯᠠᠭᠠᠯᠲᠠ ᠶᠢ ᠨᠢ ᠭᠦᠨᠵᠡᠭᠡᠶᠢᠷᠡᠭᠦᠯᠵᠦ᠂ ᠮᠠᠰᠢ ᠰᠠᠶᠢᠨ ᠦᠷ᠎ᠡ ᠪᠦᠲᠦᠮᠵᠢ ᠣᠯᠣᠭᠰᠠᠨ ᠪᠠᠶᠢᠨ᠎ᠠ᠃
W020231226543826302770.png
     ᠬᠢᠩᠭᠠᠨ ᠠᠶᠢᠮᠠᠭ ᠤᠨ ᠨᠡᠶᠢᠭᠡᠮ ᠤᠨ ᠠᠵᠢᠯ ᠤᠨ ᠨᠡᠶᠢᠭᠡᠮᠯᠢᠭ ᠤᠨ ᠬᠢᠨ ᠵᠠᠯᠠᠶᠢᠳ ᠬᠤᠰᠢᠭᠤᠨ ᠤ ᠪᠠᠶᠠᠨᠭᠤᠣᠯ ᠪᠠᠯᠭᠠᠰᠤᠨ ᠤ ᠪᠠᠶᠠᠨ ᠨᠡᠶᠢᠭᠡᠮ ᠲᠣᠭᠤᠷᠢᠭ ᠤᠨ ᠬᠢᠨ ᠲᠠᠢ ᠬᠤᠯᠪᠤᠭᠠᠯᠠᠨ ᠰᠠᠭᠤᠭᠠᠯᠢ ᠠᠷᠠᠳ ᠤᠨ ᠵᠥᠪᠯᠡᠯ ︽ᠬᠡᠩᠭᠡᠷᠭᠡ ᠴᠠᠩ ᠳᠡᠯᠡᠳᠦᠨ ᠶᠠᠩᠭᠠᠷ ᠪᠥᠵᠢᠭᠯᠡᠵᠦ᠂ ᠵᠣᠯ ᠵᠢᠷᠭᠠᠯᠲᠤ ᠰᠢᠨ᠎ᠡ ᠠᠮᠢᠳᠤᠷᠠᠯ ᠢ ᠪᠤᠢ ᠪᠣᠯᠭᠠᠬᠤ︾ ᠠᠵᠢᠯᠯᠠᠭ᠎ᠠ ᠶᠢ ᠥᠷᠨᠢᠭᠦᠯᠪᠡ᠃ ᠨᠡᠶᠢᠭᠡᠮ ᠤᠨ ᠠᠵᠢᠯᠲᠠᠨ ᠲᠤᠰᠬᠠᠢ ᠮᠡᠷᠭᠡᠵᠢᠯ ᠤᠨ ᠪᠠᠭᠰᠢ ᠶᠢ ᠤᠷᠢᠵᠤ ᠰᠠᠭᠤᠭᠠᠯᠢ ᠠᠷᠠᠳ ᠲᠤ ᠲᠤᠬᠠᠢ ᠶᠢᠨ ᠲᠠᠯᠠᠪᠤᠷ ᠤᠨ ᠵᠢᠯᠣᠭᠤᠳᠤᠯᠭ᠎ᠠ ᠬᠢᠯᠭᠡᠵᠦ᠂  ᠬᠠᠷᠢᠶ᠎ᠠ ᠣᠷᠣᠨ ᠤ ᠰᠠᠭᠤᠭᠠᠯᠢ ᠠᠷᠠᠳ ᠲᠤ ᠰᠣᠨᠢᠷᠬᠠᠭᠤᠯᠬᠤ ᠪᠠ ᠢᠳᠡᠪᠬᠢᠲᠡᠢ ᠤᠷᠤᠯᠴᠠᠭᠤᠯᠵᠤ᠂ ᠲᠡᠳᠡᠨ ᠤ ᠨᠡᠶᠢᠭᠡᠮ ᠲᠣᠭᠤᠷᠢᠭ ᠤᠨ ᠠᠵᠢᠯᠯᠠᠭ᠎ᠠ ᠳᠤ ᠤᠷᠤᠯᠴᠠᠬᠤ ᠤᠷᠮ᠎ᠠ ᠶᠢ ᠬᠦᠭᠵᠢᠬᠡᠯ᠎ᠡ᠃
W020231226543826369692.png
      ᠠᠯᠠᠱᠠ ᠠᠶᠢᠮᠠᠭ ᠤᠨ ᠨᠡᠶᠢᠭᠡᠮ ᠤᠨ ᠠᠵᠢᠯ ᠤᠨ ᠬᠦᠭᠵᠢᠬᠦᠯᠤᠯᠳᠡ ᠶᠢᠨ ᠦᠢᠯᠡᠴᠢᠯᠡᠭᠡᠨ ᠤ ᠲᠥᠪ ᠤᠨ ᠬᠢᠨ ᠠᠯᠠᠱᠠ ᠵᠡᠭᠦᠨ ᠬᠤᠰᠢᠭᠤᠨ ᠤ ᠢᠬᠡᠷ᠎ᠡ ᠬᠤᠳᠳᠤᠭ ᠨᠡᠶᠢᠭᠡᠮ ᠲᠣᠭᠤᠷᠢᠭ ᠤᠨ ᠬᠢᠨ ᠲᠠᠢ ᠬᠠᠮᠲᠤᠷᠠᠨ ᠨᠠᠰᠤᠲᠠᠶᠢᠴᠤᠳ ᠤᠨ ᠰᠣᠶᠣᠯ ᠲᠠᠮᠢᠷ ᠤᠨ ᠠᠵᠢᠯᠯᠠᠭ᠎ᠠ ᠶᠢ ᠦᠷᠨᠢᠬᠦᠯᠪᠡ᠃ ᠨᠡᠶᠢᠭᠡᠮ ᠤᠨ ᠠᠵᠢᠯᠲᠠᠨ ᠪᠠ ᠰᠠᠶᠢᠨ ᠲᠤᠷᠠᠴᠤᠤᠯ ᠤᠨ ᠨᠢᠮᠪᠠᠢ ᠵᠣᠬᠢᠶᠠᠨ ᠪᠠᠶᠢᠭᠤᠯᠤᠯᠲᠠ ᠪᠠᠷ 60 ᠭᠠᠷᠤᠢ ᠨᠠᠰᠤᠲᠠᠶᠢᠴᠤᠳ ᠰᠢᠲᠠᠷ᠎ᠠ᠂ ᠮᠠᠵᠢᠶᠠᠩ᠂ ᠬᠥᠵᠥᠷ ᠤᠨ ᠤᠷᠤᠯᠳᠤᠭᠠᠨ ᠳᠤ ᠣᠷᠣᠯᠴᠠᠵᠠᠢ᠃ ᠠᠵᠢᠯᠯᠠᠭ᠎ᠠ ᠨᠢ ᠨᠠᠰᠤᠲᠠᠶᠢᠴᠤᠳ ᠤᠨ ᠭᠠᠷ ᠲᠠᠷᠢᠬᠢᠨ ᠤ ᠵᠣᠬᠢᠴᠠᠭᠤᠯᠬᠤ ᠴᠢᠳᠠᠪᠤᠷᠢ ᠶᠢ ᠪᠣᠯᠪᠠᠰᠤᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠰᠠᠭᠤᠭᠠᠯᠢ ᠠᠷᠠᠳ ᠤᠨ ᠬᠠᠮᠵᠢᠯᠴᠠᠬᠤ ᠤᠬᠠᠮᠰᠠᠷ ᠪᠠ ᠨᠡᠶᠢᠭᠡᠮ ᠲᠣᠭᠤᠷᠢᠭ ᠤᠨ ᠨᠢᠭᠲᠠᠷᠠᠯ ᠲᠦᠪᠯᠡᠷᠡᠯ ᠤᠨ ᠬᠦᠴᠦᠨ ᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠬᠢᠨ ᠪᠠ ᠰᠠᠭᠤᠭᠠᠯᠢᠴᠢᠳ ᠤᠨ ᠲᠠᠭᠠᠰᠢᠶᠠᠯ ᠢ ᠤᠯᠤᠬᠰᠠᠨ ᠪᠠᠶᠢᠨ᠎ᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号