ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠨᠠᠢᠮᠠᠨ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ ᠬᠦᠴᠢᠷᠳᠡᠯᠲᠡᠢ ᠣᠯᠠᠨ ᠲᠦᠮᠡᠨ ᠤ ᠠᠮᠤᠷ ᠲᠦᠪᠰᠢᠨ ᠡᠪᠤᠯᠵᠢᠬᠦ᠂ ᠪᠠᠶᠠᠷ  ᠤᠨ ᠡᠳᠤᠷ ᠢ ᠬᠠᠯᠠᠭᠤᠨ ᠲᠤᠯᠠᠭᠠᠨ ᠦᠡᠭᠭᠡᠷᠡᠬᠦᠯᠬᠦ ᠶᠢ ᠪᠠᠳᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2023/12/25
     ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠤᠷᠴᠢᠮ ᠳᠤ  ︽ᠠᠷᠠᠳ ᠳᠤ ᠠᠰᠢᠭ ᠬᠦᠷᠲᠡᠭᠡᠬᠦ᠂ ᠠᠷᠠᠳ ᠤᠨ ᠵᠣᠪᠠᠭᠤᠷᠢ ᠶᠢ ᠰᠢᠢᠳᠪᠦᠷᠢᠯᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ︾ ᠬᠦᠴᠢᠷᠳᠡᠯᠲᠡᠢ ᠣᠯᠠᠨ ᠲᠦᠮᠡᠨ ᠢ ᠬᠠᠯᠠᠮᠵᠢᠯᠠᠨ ᠲᠡᠳᠬᠦᠬᠦ ᠨᠠᠢᠮᠠᠨ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠪᠡ᠃ ᠡᠭᠦᠨ ᠤ ᠵᠣᠷᠢᠯᠭ᠎ᠠ ᠨᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠠᠳ ᠤᠨ ᠶᠠᠪᠤᠳᠠᠯ ᠤᠨ ᠶᠠᠮᠤᠨ ᠪᠣᠯᠣᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠬᠦᠢᠲᠡᠨ ᠠᠭᠤᠷ ᠠᠮᠢᠰᠬᠤᠯ ᠪᠠ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠴᠢᠷᠮᠠᠶᠢᠨ ᠠᠷᠭᠠᠴᠠᠭᠠᠵᠤ᠂ ᠬᠦᠴᠢᠷᠳᠡᠯᠲᠡᠢ ᠣᠯᠠᠨ ᠲᠦᠮᠡᠨ ᠤ ᠠᠮᠤᠷ ᠲᠦᠪᠰᠢᠨ ᠢᠶᠠᠷ ᠡᠪᠦᠯᠵᠢᠬᠦ ᠶᠢ ᠦᠨᠡᠨ ᠬᠦ ᠪᠠᠲᠤᠯᠠᠵᠤ᠂ ᠦᠨᠳᠦᠰᠦᠨ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠦᠨᠡᠨ ᠬᠦ ᠪᠠᠲᠤ ᠰᠠᠬᠢᠬᠤ ᠶᠢᠨ ᠲᠥᠯᠥᠭᠡ ᠶᠤᠮ᠃    ︽ᠬᠦᠴᠢᠷᠳᠡᠯᠲᠡᠢ ᠣᠯᠠᠨ ᠲᠦᠮᠡᠨ ᠤ ᠠᠷᠠᠳ ᠲᠤ ᠠᠰᠢᠭ ᠬᠦᠷᠲᠡᠭᠡᠬᠦ ᠪᠠᠲᠤᠯᠠᠭ᠎ᠠ︾ ᠶᠢᠨ ᠠᠵᠢᠯᠯᠠᠭ᠎ᠠ ᠶᠢ  ᠦᠷᠨᠢᠬᠦᠯᠪᠡ᠃ ᠠᠷᠠᠳ ᠤᠨ ᠶᠠᠪᠤᠳᠠᠯ ᠤᠨ ᠡᠯ᠎ᠡ ᠲᠥᠷᠥᠯ ᠤᠨ ᠲᠤᠰᠠᠯᠠᠮᠵᠢ ᠶᠢᠨ ᠪᠡᠯᠡ ᠮᠥᠩᠭᠦ ᠶᠢ ᠴᠠᠭ ᠲᠤᠬᠠᠢ  ᠳᠤ ᠨᠢ ᠲᠤᠭ᠎ᠠ ᠶᠣᠰᠣᠭᠠᠷ ᠨᠢ ᠬᠥᠮᠥᠨ ᠳᠤ ᠨᠢ ᠠᠳᠬᠤᠭᠤᠯᠬᠤ ᠪᠠ ᠺᠠᠷᠲ ᠲᠤ ᠤᠷᠤᠭᠤᠯᠬᠤ ᠳᠤ ᠪᠠᠨ ᠨᠥᠬᠦᠴᠡᠯ ᠲᠠᠢ ᠭᠠᠵᠠᠷ ᠣᠷᠣᠨ ᠳᠤ ᠤᠷᠢᠳᠴᠢᠯᠠᠨ ᠣᠯᠭᠤᠵᠤ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠴᠢᠷᠳᠡᠯᠲᠡᠢ ᠣᠯᠠᠨ ᠲᠦᠮᠡᠨ ᠤ ᠰᠡᠳᠬᠢᠯ ᠳᠤ ᠬᠦᠷᠬᠡᠪᠡ᠃ ᠦᠨ᠎ᠡ ᠬᠠᠩᠰᠢ ᠶᠢᠨ ᠨᠥᠬᠦᠪᠦᠷᠢ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠨᠠᠭᠠᠲᠤ ᠵᠠᠬ᠎ᠠ ᠶᠢᠨ ᠪᠠᠲᠤᠯᠠᠭ᠎ᠠ ᠬᠦᠷᠳᠡᠭᠴᠢ᠂ ᠣᠨᠴᠠ ᠬᠦᠴᠢᠷᠳᠡᠯᠲᠡᠢ ᠬᠥᠮᠥᠰ ᠵᠡᠷᠭᠡ ᠬᠦᠴᠢᠷᠳᠡᠯᠲᠡᠢ ᠣᠯᠠᠨ ᠲᠦᠮᠡᠨ ᠤ ᠦᠨ᠎ᠡ ᠬᠠᠩᠰᠢ ᠶᠢᠨ ᠲᠦᠷ ᠴᠠᠭ ᠤᠨ ᠨᠥᠬᠦᠪᠦᠷᠢ ᠶᠢ ᠴᠠᠭ ᠲᠤᠬᠠᠢ ᠳᠤ ᠨᠢ ᠤᠯᠭᠤᠪᠠ᠃    ︽ᠰᠠᠨᠠᠭᠠᠴᠢᠯᠠᠭ᠎ᠠ ᠠᠴᠠ ᠪᠠᠨ ᠢᠯᠡᠷᠡᠭᠦᠯᠵᠦ᠂ ᠲᠡᠷᠬᠡᠳᠡᠬᠢ ᠨᠢ ᠠᠪᠤᠷᠠᠬᠤ︾ ᠠᠵᠢᠯᠯᠠᠭ᠎ᠠ ᠶᠢ ᠥᠷᠨᠢᠭᠦᠯᠪᠡ᠃ ᠣᠷᠣᠯᠭ᠎ᠠ ᠪᠠᠭᠠᠲᠠᠢ ᠬᠦᠮᠦᠰ ᠤᠨ ᠬᠥᠳᠡᠯᠦᠩᠭᠦᠢ ᠪᠠᠶᠢᠳᠠᠯ ᠢ ᠪᠠᠷ ᠬᠢᠨᠠᠨ ᠬᠡᠮᠵᠢᠬᠦ ᠪᠠ ᠪᠠᠶᠢᠩᠭᠤ ᠶᠢᠨ ᠴᠢᠨᠠᠷᠲᠠᠢ ᠲᠤᠰᠠᠯᠠᠵᠤ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠵᠦ᠂ ︽ᠲᠣᠮᠣ ᠳ᠋ᠠᠶᠢᠲ᠋ᠠ + ᠲᠡᠮᠦᠷ ᠬᠠᠪᠲᠠᠰᠤ︾ ᠳᠤ ᠲᠦᠰᠢᠭᠯᠡᠨ᠂ ᠠᠶᠢᠯ ᠲᠣᠰᠬᠤᠨ᠂ ᠬᠡᠷ ᠡᠷᠤᠬᠡ ᠳᠤ ᠨᠢ ᠬᠦᠷᠴᠦ ᠪᠠᠶᠢᠴᠠᠭᠠᠨ ᠵᠢᠭᠰᠠᠭᠠᠬᠤ ᠠᠵᠢᠯ ᠢ ᠲᠥᠪᠯᠡᠷᠡᠭᠦᠯᠦᠨ ᠥᠷᠨᠢᠭᠦᠯᠵᠦ᠂ ᠡᠷᠲᠡ ᠣᠯᠵᠤ ᠮᠡᠳᠡᠨ ᠡᠷᠲᠡ  ᠤᠷᠤᠯᠴᠠᠵᠤ᠂ ᠡᠷᠲᠡ ᠲᠤᠰᠠᠯᠠᠪᠠ᠃ ᠨᠡᠶᠢᠭᠡᠮ ᠤᠨ ᠲᠤᠰᠠᠯᠠᠮᠵᠢ ᠶᠢᠨ ᠬᠢᠨᠠᠨ ᠬᠠᠷᠭᠤᠭᠤᠯᠵᠤ ᠨᠤᠲᠠᠯᠠᠬᠤ ᠲᠠᠰ ᠳᠠᠷᠠᠭᠠᠯᠠᠯ ᠢ  ᠲᠦᠬᠦᠮᠴᠢᠯᠡᠵᠤ᠂ ᠨᠡᠶᠢᠭᠡᠮ ᠤᠨ ᠲᠤᠰᠠᠯᠠᠮᠵᠢ ᠶᠢᠨ ᠦᠢᠯᠡᠴᠢᠯᠡᠭᠡᠨ ᠤ ᠪᠠᠶᠢᠡᠭᠭᠤ ᠶᠢᠨ ᠤᠲᠠᠰᠤ ᠶᠢᠨ ᠰᠠᠭᠠᠳ ᠦᠭᠡᠢ ᠨᠡᠪᠳᠡᠷᠡᠬᠦᠯᠤᠨ᠂ ᠬᠦᠴᠢᠷᠳᠡᠯᠲᠡᠢ ᠣᠯᠠᠨ ᠲᠦᠮᠡᠨ ᠤ ᠲᠤᠰᠠᠯᠠᠮᠵᠢ ᠶᠢᠨ ᠭᠤᠶᠤᠴᠢᠯᠠᠯ ᠢ ᠴᠠᠭ ᠲᠤᠬᠠᠢ ᠳᠤ ᠨᠢ ᠭᠥᠯᠢᠶᠡᠨ ᠠᠪᠴᠤ ᠰᠢᠢᠳᠪᠦᠷᠢᠯᠡᠬᠦ ᠪᠠ ᠬᠠᠷᠢᠭᠤ ᠥᠭᠴᠦ᠂ ᠲᠤᠰᠠᠯᠠᠮᠵᠢ ᠭᠤᠶᠤᠴᠢᠯᠠᠬᠤ ᠭᠠᠵᠠᠷ ᠲᠠᠢ᠂ ᠴᠠᠭ ᠲᠤᠬᠠᠢ ᠳᠤ ᠨᠢ ᠲᠤᠰᠠᠯᠠᠮᠵᠢ ᠬᠦᠷᠳᠡᠬᠡᠬᠦ ᠶᠢ ᠦᠨᠡᠨ ᠬᠦ ᠪᠠᠳᠤᠯᠠᠪᠠ᠃   ︽ᠬᠦᠴᠢᠷᠳᠡᠯᠲᠡᠢ ᠨᠠᠰᠤᠲᠠᠶᠢᠴᠤᠳ ᠢ  ᠪᠤᠯᠭᠤᠭᠠᠵᠤ ᠬᠠᠯᠠᠮᠵᠢᠯᠠᠬᠤ︾ ᠠᠵᠢᠯᠯᠠᠭ᠎ᠠ ᠦᠷᠨᠢᠬᠦᠯᠪᠡ᠃ ᠭᠠᠭᠴᠠᠭᠠᠷ ᠰᠠᠭᠤᠭ᠎ᠠ᠂ ᠭᠡᠷ ᠲᠤ ᠪᠠᠨ ᠬᠤᠴᠣᠷᠤᠭᠰᠠᠨ᠂ ᠪᠡᠶ᠎ᠡ ᠳᠤ ᠪᠠᠨ ᠵᠦᠪ ᠦᠬᠡᠢ ᠵᠡᠷᠭᠡ ᠤᠨᠴᠠᠭᠠᠢ ᠬᠦᠴᠢᠷᠳᠡᠯᠲᠡᠢ ᠨᠠᠰᠤᠲᠠᠶᠢᠴᠤᠳ ᠢ ᠪᠤᠯᠭᠤᠭᠠᠨ ᠬᠠᠯᠠᠮᠵᠢᠯᠠᠬᠤ ᠠᠵᠢᠯ ᠢ ᠴᠢᠩᠭᠠᠳᠬᠠᠪᠠ᠃ ᠲᠣᠰᠬᠤᠨ ᠤ ︵ᠰᠠᠭᠤᠭᠠᠯᠢ ᠠᠷᠠᠳ ᠤᠨ ᠵᠥᠪᠯᠡᠯ︶ ᠤᠨ ᠵᠥᠪᠯᠡᠯ᠂ ᠠᠳᠠᠯ ᠠᠬᠤᠢ ᠶᠢᠨ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠰᠠᠶᠢᠨ  ᠲᠤᠷᠠᠴᠤᠤᠯ ᠢ ᠵᠢᠯᠤᠭᠤᠳᠴᠤ ᠪᠠᠶᠢᠭᠠᠳ ᠦᠳᠡᠬᠦᠰ᠂  ᠪᠡᠶ᠎ᠡ ᠳᠤ ᠪᠠᠨ ᠵᠦᠪ ᠦᠬᠡᠢ ᠨᠠᠰᠤᠲᠠᠶᠢᠴᠤᠳ ᠢ ᠬᠠᠨᠳᠤᠯᠭ᠎ᠠ ᠲᠠᠢ ᠪᠠᠷ ᠰᠤᠷᠪᠤᠯᠵᠢᠯᠠᠨ ᠪᠤᠯᠭᠤᠭᠠᠬᠤ᠂ ᠣᠶᠤᠨ ᠰᠠᠨᠠᠭᠠᠨ ᠤ ᠲᠠᠶᠢᠳᠬᠤᠷᠠᠭᠤᠯᠤᠯ᠂ ᠠᠮᠢᠳᠤᠷᠠᠯ ᠤᠨ ᠬᠠᠷᠠᠭᠠᠯᠵᠠᠯ ᠵᠡᠷᠭᠡ ᠦᠢᠯᠡᠴᠢᠯᠡᠭᠡᠨ ᠢ ᠦᠷᠨᠢᠬᠦᠯᠵᠡᠢ᠃    ︽ᠭᠡᠷ ᠲᠤ ᠪᠠᠨ ᠬᠤᠴᠣᠷᠤᠭᠰᠠᠨ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠬᠠᠮᠠᠭᠠᠯᠠᠨ ᠪᠣᠶᠢᠵᠢᠭᠤᠯᠬᠤ︾ ᠠᠵᠢᠯᠯᠠᠭ᠎ᠠ ᠦᠷᠨᠢᠬᠦᠯᠪᠡ᠃ ᠭᠡᠷ ᠲᠤ ᠪᠠᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠬᠤᠣᠰᠯᠠᠯ ᠪᠠᠶᠢᠭᠤᠯᠤᠨ ᠬᠠᠪᠰᠤᠷᠤᠨ ᠲᠡᠳᠬᠦᠬᠦ ᠪᠠ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠨ ᠬᠠᠯᠠᠮᠵᠢᠯᠠᠬᠤ ᠶᠢ ᠲᠥᠷᠥᠯ ᠬᠤᠪᠢᠶᠠᠨ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠲᠦᠭᠰᠢᠭᠦᠷᠢ ᠶᠢᠨ ᠬᠡᠮ ᠰᠣᠭᠤᠭ ᠢ ᠴᠠᠭ ᠲᠤᠬᠠᠢ ᠳᠤ ᠨᠢ ᠪᠠᠭᠤᠷᠠᠭᠤᠯᠵᠠᠢ᠃ ᠨᠢᠭᠦᠯᠡᠰᠦᠩᠭᠦᠢ ᠶᠢᠨ ᠡᠬᠢ ᠪᠠᠶᠠᠯᠢᠭ ᠢ ᠢᠳᠡᠪᠬᠢᠲᠡᠢ ᠪᠠᠷ ᠵᠢᠯᠤᠭᠤᠳᠴᠤ ᠪᠠᠶᠢᠭᠠᠳ ᠠᠮᠢᠳᠤᠷᠠᠯ᠂ ᠰᠤᠷᠭᠠᠨ ᠬᠥᠮᠦᠵᠢᠯ ᠤᠨ ᠲᠠᠯ᠎ᠠ ᠪᠠᠷ ᠬᠦᠴᠢᠷᠳᠡᠯ ᠲᠠᠢ ᠬᠡᠦᠬᠡᠳ ᠤᠳ ᠲᠤ ᠦᠵᠡᠭᠦᠯᠬᠦ ᠳᠡᠮᠵᠢᠯᠭᠡ ᠪᠠᠨ ᠴᠢᠩᠭᠠᠳᠬᠠᠵᠤ᠂ ᠡᠷᠡᠭᠦᠯ ᠴᠢᠭᠢᠷᠠᠭ ᠠᠮᠢᠳᠤᠷᠠᠵᠤ᠂ ᠰᠠᠨᠠᠭ᠎ᠠ ᠠᠮᠤᠷ ᠰᠤᠷᠭᠠᠭᠤᠯᠢ ᠳᠤ ᠣᠷᠣᠬᠤ ᠶᠢ ᠪᠠᠳᠤᠯᠠᠪᠠ᠃    ︽ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠥᠰ ᠢ ᠬᠠᠯᠠᠭᠤᠨ ᠲᠤᠯᠠᠭᠠᠨ ᠡᠪᠤᠯᠵᠢᠬᠦᠯᠬᠦ︾ ᠠᠵᠢᠯᠯᠠᠭ᠎ᠠ ᠥᠷᠨᠢᠭᠦᠯᠪᠡ᠃ ᠰᠠᠨᠠᠭᠠᠴᠢᠯᠠᠭ᠎ᠠ ᠠᠴᠠ ᠪᠠᠨ ᠲᠤᠰᠠᠯᠠᠬᠤ ᠠᠵᠢᠯ ᠢ ᠴᠢᠩᠭᠠᠳᠬᠠᠵᠤ᠂ ᠵᠡᠭᠡᠯᠢ ᠭᠤᠳᠤᠮᠵᠢ ᠪᠠᠷ ᠲᠣᠭᠤᠷᠢᠨ ᠪᠠᠶᠢᠴᠠᠭᠠᠬᠤ ᠡᠷᠴᠢᠮ ᠤᠨ ᠳᠠᠪᠲᠠᠮᠵᠢ ᠶᠢ ᠴᠢᠩᠭᠠᠷᠠᠭᠤᠯᠤᠨ᠂ ᠠᠮᠢᠳᠤᠷᠠᠬᠤ ᠶᠢᠨ ᠠᠷᠭ᠎ᠠ ᠦᠭᠡᠢ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠥᠰ ᠢ ᠴᠠᠭ ᠲᠤᠬᠠᠢ ᠳᠤ ᠨᠢ ᠲᠤᠰᠠᠯᠠᠬᠤ ᠶᠢ ᠪᠠᠳᠤᠯᠠᠪᠠ᠃    ︽ᠬᠦᠴᠢᠷᠳᠡᠯᠲᠡᠢ ᠵᠡᠮᠳᠡᠭᠴᠦᠳ ᠢ ᠲᠤᠰᠠᠯᠠᠬᠤ︾ ᠠᠵᠢᠯᠯᠠᠭ᠎ᠠ ᠥᠷᠨᠢᠭᠦᠯᠪᠡ᠃ ᠵᠡᠮᠳᠡᠭᠴᠦᠳ ᠤᠨ ᠬᠤᠶᠠᠷ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠶᠢ ᠴᠢᠩᠭᠠᠷᠠᠭᠤᠯᠤᠨ᠂ ᠡᠳ᠋ᠯᠡᠪᠡᠰᠦ ᠵᠣᠬᠢᠬᠤ ᠪᠦᠬᠦᠨ ᠢ ᠡᠳ᠋ᠯᠡᠬᠦᠯᠵᠤ᠂ ︽ᠡᠷᠡᠬᠦᠯᠵᠢᠯ ᠳᠤ ᠲᠤᠰᠠᠯᠠᠬᠤ ᠢᠨᠵᠧᠨᠧᠷᠢᠩ︾ ᠤᠨ ᠲᠥᠷᠥᠯ ᠵᠦᠢᠯ ᠤᠨ ᠲᠤᠰᠠᠯᠠᠬᠤ ᠪᠠᠭᠠᠵᠢ ᠶᠢᠨ ᠬᠡᠷᠡᠭᠴᠡᠭᠡ ᠱᠠᠭᠠᠷᠳᠠᠯᠭ᠎ᠠ ᠶᠢ ᠰᠢᠭᠰᠢᠨ ᠪᠠᠶᠢᠴᠠᠭᠠᠬᠤ ᠶᠢ ᠬᠢᠨᠠᠮᠠᠭᠠᠢ ᠰᠠᠶᠢᠲᠤᠷ ᠬᠢᠵᠦ᠂ ᠨᠥᠬᠦᠴᠡᠯ ᠳᠤ ᠨᠡᠶᠢᠴᠡᠬᠦ ᠵᠡᠮᠳᠡᠭᠴᠦᠳ ᠨᠢᠬᠡ ᠪᠦᠷᠢ ᠳᠤ ᠨᠠᠮ ᠪᠠ ᠤᠯᠤᠰ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠬᠦᠷᠳᠡᠬᠡᠪᠡ᠃    ︽ᠪᠠᠴᠢᠮ ᠬᠦᠴᠢᠷᠳᠡᠯ ᠲᠠᠢ ᠬᠦᠮᠦᠰ ᠢ ᠲᠤᠰᠠᠯᠠᠵᠤ ᠠᠷᠠᠳ ᠤᠨ ᠬᠦᠴᠢᠷᠳᠡᠯ ᠢ ᠰᠢᠢᠳᠪᠦᠷᠢᠯᠡᠬᠦ︾ ᠠᠵᠢᠯᠯᠠᠭ᠎ᠠ ᠥᠷᠨᠢᠭᠦᠯᠪᠡ᠃ ᠬᠦᠴᠢᠷᠳᠡᠯᠲᠡᠢ ᠣᠯᠠᠨ ᠲᠦᠮᠡᠨ ᠤ ᠲᠦᠷ ᠴᠠᠭ ᠤᠨ ᠲᠤᠰᠠᠯᠠᠮᠵᠢ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠪᠠᠴᠢᠮ ᠪᠠ ᠪᠡᠷᠬᠡ ᠪᠠᠶᠢᠳᠠᠯ ᠭᠠᠷᠤᠭᠰᠠᠨ ᠭᠠᠵᠠᠷ ᠲᠤ ᠨᠢ ᠰᠢᠭᠤᠳ ᠲᠦᠷ ᠴᠠᠭ ᠤᠨ ᠲᠤᠰᠠᠯᠠᠮᠵᠢ  ᠦᠵᠡᠬᠦᠯᠬᠦ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠦᠨ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠲᠦᠷ ᠴᠠᠭ ᠲᠤᠰᠠᠯᠠᠮᠵᠢ ᠶᠢᠨ ᠪᠡᠯᠡᠳᠬᠡᠯ ᠮᠥᠩᠭᠦ ᠶᠢ ᠵᠣᠬᠢᠰᠲᠠᠢ ᠳᠡᠭᠡᠭᠰᠢᠯᠡᠭᠦᠯᠵᠦ᠂ ︽ᠱᠠᠲᠤ ᠬᠤᠪᠢᠶᠠᠨ ᠬᠢᠨᠠᠨ ᠵᠥᠪᠰᠢᠶᠡᠷᠡᠬᠦ︾᠂ ︽  ᠤᠷᠢᠳ ᠢᠶᠠᠷ ᠲᠤᠰᠠᠯᠠᠬᠤ︾ ᠵᠡᠷᠭᠡ ᠲᠥᠷᠥ ᠶᠢᠨ ᠪᠣᠳᠣᠯᠭ᠎ᠠ ᠶᠢ ᠨᠢᠮᠪᠠᠢ ᠨᠠᠶᠢᠳᠠᠪᠤᠷᠢᠵᠢᠭᠤᠯᠤᠬᠰᠠᠨ ᠪᠠᠶᠢᠨ᠎ᠠ᠃      
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号