︽ᠤᠯᠠᠭᠠᠨᠬᠠᠳᠠ ᠬᠤᠲᠠ ᠶᠢᠨ ᠭᠠᠵᠠᠷ ᠤᠨ ᠨᠡᠷᠡᠰ ᠤᠨ ᠤᠶᠢᠯᠠᠯᠭ᠎ᠠ︾ ᠤᠯᠠᠭᠠᠨᠬᠠᠳᠠ ᠬᠤᠲᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠲᠦᠭᠡᠯ ᠤᠨ ᠵᠠᠰᠠᠭ ᠤᠨ ᠣᠷᠳᠣᠨ ᠤ ᠨᠢᠭᠡᠳᠦᠭᠡᠷ ᠳᠡᠰ ᠤᠨ ᠱᠠᠩᠨᠠᠯ ᠢ ᠭᠥᠷᠳᠡᠪᠡ
ᠨᠡᠶᠢᠲᠡᠯᠡᠭᠰᠡᠨ ᠴᠠᠭ᠄
2023/12/25
    ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠢᠨ 2023 ᠣᠨ ᠤ 11 ᠰᠠᠷ᠎ᠠ ᠶᠢᠨ 28 ᠤ ᠡᠳᠦᠷ ︽ᠤᠯᠠᠭᠠᠨᠬᠠᠳᠠ ᠬᠤᠲᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠲᠦᠭᠡᠯ ᠢ ᠰᠢᠯᠭᠠᠷᠠᠭᠤᠯᠤᠨ ᠱᠠᠩᠨᠠᠬᠤ ᠲᠤᠬᠠᠢ ᠲᠣᠭᠲᠠᠭᠠᠯ︾ ᠢ ᠳᠠᠷᠤᠮᠠᠯᠯᠠᠨ ᠲᠠᠷᠬᠠᠭᠠᠵᠤ᠂ ᠤᠯᠠᠭᠠᠨᠬᠠᠳᠠ ᠬᠤᠲᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠲᠦᠭᠡᠯ ᠤᠨ ᠵᠠᠰᠠᠭ ᠤᠨ ᠣᠷᠳᠣᠨ ᠤ ᠱᠠᠩᠨᠠᠯ ᠭᠥᠷᠳᠡᠭᠰᠡᠨ ᠨᠡᠷᠡᠰ ᠢ ᠨᠡᠶᠢᠲᠡᠯᠡᠪᠡ᠂ ᠡᠭᠦᠨ ᠳᠤ ᠤᠯᠠᠭᠠᠨᠬᠠᠳᠠ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤ ᠨᠠᠶᠢᠷᠠᠭᠤᠯᠤᠨ ᠬᠡᠪᠯᠡᠭᠦᠯᠦᠭᠰᠡᠨ ︽ᠤᠯᠠᠭᠠᠨᠬᠠᠳᠠ ᠬᠤᠲᠠ ᠶᠢᠨ ᠭᠠᠵᠠᠷ ᠤᠨ ᠨᠡᠷᠡᠰ ᠤᠨ ᠤᠶᠢᠯᠠᠯᠭ᠎ᠠ︾ ᠨᠤᠮ ᠨᠢᠭᠡᠳᠦᠭᠡᠷ ᠳᠡᠰ ᠤᠨ ᠱᠠᠩᠨᠠᠯ ᠭᠥᠷᠳᠡᠪᠡ᠃ ᠡᠨᠡ ᠬᠦ ᠢᠷᠠᠭᠤ ᠠᠯᠳᠠᠷ ᠨᠢ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠤᠯᠠᠭᠠᠨᠬᠠᠳᠠ ᠬᠤᠲᠠ ᠶᠢᠨ ᠭᠠᠵᠠᠷ ᠤᠨ  ᠨᠡᠷᠡᠰ ᠤᠨ ᠤᠶᠢᠯᠠᠯᠭ᠎ᠠ︾ ᠶᠢ ᠨᠠᠶᠢᠷᠠᠭᠤᠯᠤᠨ ᠬᠡᠪᠯᠡᠭᠦᠯᠦᠭᠰᠡᠨ ᠠᠵᠢᠯ ᠤᠨ ᠦᠷ᠎ᠡ ᠪᠦᠲᠦᠭᠡᠯ ᠢ ᠨᠤᠲᠠᠯᠠᠭᠰᠠᠨ ᠢ ᠲᠥᠯᠥᠭᠡᠯᠡᠵᠦ ᠪᠠᠶᠢᠬᠤ ᠪᠥᠭᠡᠳ ᠤᠯᠠᠭᠠᠨᠬᠠᠳᠠ ᠬᠤᠲᠠ ᠶᠢᠨ ᠭᠠᠵᠠᠷ ᠤᠨ  ᠨᠡᠷᠡᠰ ᠤᠨ ᠰᠣᠶᠣᠯ ᠤᠨ ᠪᠠᠶᠢᠭᠤᠯᠤᠯᠲᠠ ᠰᠢᠨ᠎ᠡ ᠳᠡᠭᠲᠡᠷ ᠲᠤ ᠭᠠᠷᠬᠤ ᠳᠤ ᠵᠤᠷᠢᠬᠵᠢᠭᠤᠯᠤᠯ ᠪᠤᠯᠬᠤ ᠨᠢ ᠯᠠᠪᠳᠠᠢ᠃     ︽ᠤᠯᠠᠭᠠᠨᠬᠠᠳᠠ ᠬᠤᠲᠠ ᠶᠢᠨ ᠭᠠᠵᠠᠷ ᠤᠨ ᠨᠡᠷᠡᠰ ᠤᠨ ᠤᠶᠢᠯᠠᠯᠭ᠎ᠠ︾ ᠪᠣᠯ ᠤᠯᠠᠭᠠᠨᠬᠠᠳᠠ ᠬᠤᠲᠠ ᠶᠢᠨ ᠡᠯ᠎ᠡ ᠲᠥᠷᠥᠯ ᠤᠨ ᠭᠠᠵᠠᠷ ᠤᠨ ᠨᠡᠷᠡᠰ ᠤᠨ ᠦᠨᠳᠦᠰᠦᠨ ᠮᠡᠳᠡᠭᠡ ᠵᠠᠩᠭᠢ᠂ ᠬᠤᠪᠢᠰᠤᠯᠲᠠ ᠶᠢᠨ ᠲᠡᠦᠬᠡ ᠪᠠ ᠡᠭᠦᠨ ᠲᠠᠢ ᠬᠤᠯᠪᠣᠭᠳᠠᠬᠤ ᠪᠠᠶᠢᠭᠠᠯᠢ᠂ ᠠᠵᠤ ᠠᠬᠤᠢ᠂ ᠰᠣᠶᠣᠯ ᠵᠡᠷᠭᠡ ᠣᠯᠠᠨ ᠲᠠᠯ᠎ᠠ ᠶᠢᠨ ᠣᠨᠴᠠᠯᠢᠭ ᠢ ᠪᠥᠬᠦ ᠲᠠᠯ᠎ᠠ ᠪᠠᠷ ᠰᠢᠰᠲ᠋ᠧᠮ ᠲᠠᠢ ᠲᠡᠮᠳᠡᠭᠯᠡᠭᠰᠡᠨ ᠲᠤᠰᠬᠠᠢ ᠮᠡᠷᠭᠡᠵᠢᠯ ᠤᠨ ᠣᠷᠣᠨ ᠨᠤᠲᠤᠭ ᠤᠨ ᠣᠶᠢᠯᠠᠯᠭ᠎ᠠ ᠪᠣᠯᠣᠨ᠎ᠠ᠃ ᠨᠡᠶᠢᠭᠡᠮ ᠤᠨ ᠬᠥᠭᠵᠢᠯᠲᠡ ᠪᠠ ᠬᠤᠪᠢᠰᠤᠯᠲᠠ ᠶᠢ ᠳᠠᠭᠠᠯᠳᠤᠨ ᠬᠠᠭᠤᠴᠢᠨ ᠭᠠᠵᠠᠷ ᠤᠨ ᠨᠡᠷᠡᠰ ᠲᠠᠰᠤᠷᠠᠯᠲᠠ ᠦᠭᠡᠢ ᠤᠯᠠᠷᠢᠨ ᠬᠤᠪᠢᠷᠠᠵᠤ᠂ ᠰᠢᠨ᠎ᠡ ᠭᠠᠵᠠᠷ ᠤᠨ ᠨᠡᠷᠡᠰ ᠢᠯᠡᠷᠡᠨ ᠭᠠᠷᠤᠬᠰᠠᠨ ᠨᠦᠬᠦᠴᠡᠯ ᠪᠠᠶᠢᠳᠠᠯ ᠤᠨ ᠡᠮᠦᠨ᠎ᠡ ᠤᠯᠠᠭᠠᠨᠬᠠᠳᠠ ᠬᠤᠲᠠ ᠶᠢᠨ ᠭᠠᠵᠠᠷ ᠤᠨ ᠨᠡᠷᠡᠰ ᠤᠨ ᠬᠤᠪᠢᠷᠠᠯᠲᠠ ᠶᠢᠨ ᠠᠬᠢᠴᠠ  ᠶᠢ ᠪᠦᠬᠦ ᠲᠠᠯ᠎ᠠ  ᠪᠠᠷ᠂ ᠰᠢᠰᠲ᠋ᠧᠮ ᠲᠠᠢ᠂ ᠣᠨᠣᠪᠴᠢᠲᠠᠶ ᠲᠤᠰᠬᠠᠬᠤ ᠶᠢᠨ ᠲᠥᠯᠥᠭᠡ ᠤᠯᠠᠭᠠᠨᠬᠠᠳᠠ ᠬᠤᠲᠠ ᠶᠢᠨ ᠬᠢᠨ 2020 ᠣᠨ  ᠠᠴᠠ ︽ᠤᠯᠠᠭᠠᠨᠬᠠᠳᠠ ᠬᠤᠲᠠ ᠶᠢᠨ ᠭᠠᠵᠠᠷ ᠤᠨ  ᠨᠡᠷᠡᠰ ᠤᠨ ᠤᠶᠢᠯᠠᠯᠭ᠎ᠠ︾ ᠶᠢ ᠨᠠᠶᠢᠷᠠᠭᠤᠯᠬᠤ ᠠᠵᠢᠯ ᠢ ᠡᠬᠢᠯᠡᠭᠦᠯᠵᠦ᠂ ᠨᠠᠶᠢᠷᠠᠭᠤᠯᠬᠤ ᠠᠵᠢᠯ ᠳᠤ ︽ᠲᠡᠦᠬᠡ ᠶᠢ ᠬᠦᠨᠳᠦᠳᠬᠡᠵᠦ᠂ ᠦᠨᠡᠨ ᠢ ᠬᠠᠳᠠᠭᠠᠯᠠᠨ ᠦᠨᠡᠨ ᠢ ᠪᠠᠷᠢᠮᠲᠠᠯᠠᠵᠤ᠂ ᠡᠳᠦᠭᠡ ᠶᠢ ᠨᠠᠷᠢᠪᠴᠢᠯᠠᠨ ᠡᠷᠲᠡᠨ ᠤ ᠬᠢ ᠶᠢ ᠲᠣᠪᠴᠢᠯᠠᠬᠤ︾ ᠵᠠᠷᠴᠢᠮ ᠢᠶᠠᠷ ᠬᠤᠶᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠤᠨ ᠨᠡᠷᠡᠰ ᠤᠨ ᠨᠡᠶᠢᠳᠡᠮ ᠤᠨ ᠪᠠᠶᠢᠴᠠᠭᠠᠯᠳᠠ ᠶᠢᠨ ᠮᠠᠲ᠋ᠧᠷᠢᠶᠠᠯ ᠢᠶᠠᠷ ᠰᠠᠭᠤᠷᠢ ᠪᠣᠯᠭᠠᠵᠤ᠂ ᠡᠯᠪᠡᠭ ᠪᠠᠶᠠᠯᠢᠭ ᠨᠠᠷᠢᠨ ᠪᠣᠳᠠᠲᠠᠢ ᠲᠡᠦᠬᠡ ᠶᠢᠨ ᠮᠠᠲ᠋ᠧᠷᠢᠶᠠᠯ ᠤᠨ ᠲᠤᠭ᠎ᠠ ᠪᠠᠷᠢᠮᠲᠠ ᠪᠠᠷ ᠲᠦᠰᠢᠭ ᠪᠣᠯᠭᠠᠵᠤ᠂  ᠬᠢᠨᠠᠮᠠᠭᠠᠢ ᠪᠠᠶᠢᠴᠠᠭᠠᠨ ᠨᠤᠳᠠᠯᠠᠭᠠᠳ ᠭᠠᠵᠠᠷ ᠤᠨ ᠨᠡᠷᠡᠰ ᠤᠨ  ᠴᠠᠭᠠᠨᠠᠬᠢ ᠲᠡᠦᠬᠡ ᠰᠣᠶᠣᠯ ᠤᠨ ᠰᠤᠳᠠᠰᠤ ᠶᠢ ᠭᠦᠨᠵᠡᠭᠡᠢ ᠠᠭᠤᠳᠠᠯᠵᠤ᠂ ᠠᠭᠤᠯᠭ᠎ᠠ ᠶᠢ ᠨᠠᠷᠢᠯᠢᠭ ᠣᠨᠣᠴᠠᠲᠠᠢ᠂ ᠪᠤᠰᠤᠳᠴᠢ᠂  ᠵᠢᠷᠤᠮᠵᠢᠭᠤᠨ ᠪᠠᠶᠢᠯᠭᠠᠬᠤ ᠪᠠᠷ ᠴᠢᠷᠮᠠᠶᠢᠵᠤ᠂ ︽ᠤᠯᠠᠭᠠᠨᠬᠠᠳᠠ ᠬᠤᠲᠠ ᠶᠢᠨ ᠭᠠᠵᠠᠷ ᠤᠨ ᠨᠡᠷᠡᠰ ᠤᠨ ᠣᠶᠢᠯᠠᠯᠭ᠎ᠠ︾ ᠶᠢ ᠣᠷᠣᠨ ᠨᠤᠲᠤᠭ ᠤᠨ ᠣᠶᠢᠯᠠᠯᠭ᠎ᠠ ᠶᠢᠨ ᠰᠣᠳᠣᠨ ᠪᠦᠲᠦᠭᠡᠯ ᠪᠣᠯᠭᠠᠬᠤ ᠳᠤ ᠪᠠᠳᠤᠯᠠᠨ᠂ ᠤᠩᠰᠢᠭᠴᠢᠳ ᠪᠠ ᠬᠤᠶᠢᠴᠢ ᠦᠶ᠎ᠡ ᠶᠢᠨ  ᠬᠢᠨ ᠳᠤ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠭᠠᠵᠠᠷ ᠤᠨ ᠨᠡᠷᠡᠰ ᠤᠨ ᠲᠤᠰᠬᠠᠢ ᠪᠦᠲᠦᠭᠡᠯ ᠢ  ᠦᠯᠡᠳᠡᠭᠡᠭᠰᠡᠨ ᠪᠠᠶᠢᠨ᠎ᠠ᠃  ᠲᠡᠬᠡᠳᠤ ᠲᠤᠤᠷᠠᠳᠤ ᠬᠤᠶᠠᠷ ᠳᠡᠪᠲᠡᠷ ᠢᠶᠠᠷ ᠬᠡᠪᠯᠡᠭᠳᠡᠭᠰᠡᠨ ᠡᠨᠡ ᠬᠦ ᠨᠤᠮ ᠨᠢ 3 ᠠᠩᠭᠢ 10 ᠪᠦᠯᠦᠭ 154 ᠲᠦᠮᠡᠨ ᠥᠰᠥᠭ ᠲᠠᠢ᠂ ᠤᠯᠠᠭᠠᠨᠬᠠᠳᠠ ᠬᠤᠲᠠ ᠶᠢᠨ ᠬᠡᠪᠴᠢᠶᠡᠨ ᠳᠤ ᠬᠢ ᠡᠯ᠎ᠡ ᠲᠥᠷᠥᠯ ᠤᠨ ᠭᠠᠵᠠᠷ ᠤᠨ ᠨᠡᠷᠡᠰ ᠢ 4750 ᠰᠣᠩᠭᠤᠨ ᠣᠷᠣᠭᠤᠯᠵᠤ᠂ ᠤᠯᠠᠭᠠᠨᠬᠠᠳᠠ ᠬᠤᠲᠠ ᠶᠢᠨ ᠬᠥᠭᠵᠢᠯᠲᠡ ᠶᠢᠨ ᠲᠡᠦᠬᠡ ᠪᠠ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠦᠴᠦᠯᠡᠨ ᠳᠡᠯᠭᠡᠨ ᠦᠵᠡᠭᠦᠯᠵᠦ᠂ ᠬᠥᠮᠥᠰ ᠲᠤ ᠤᠯᠠᠭᠠᠨᠬᠠᠳᠠ ᠶᠢᠨ ᠭᠦᠨ ᠵᠤᠵᠠᠭᠠᠨ ᠰᠣᠶᠣᠯ ᠤᠨ ᠠᠭᠤᠯᠬᠤᠨ ᠢ ᠣᠶᠢᠯᠠᠭᠠᠭᠤᠯᠪᠠ᠃   
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号