ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠬᠥᠳᠡᠭᠡ ᠲᠣᠰᠬᠤᠨ ᠢ ᠠᠯᠳᠠᠷᠰᠢᠭᠤᠯᠬᠤ ᠠᠵᠢᠯᠯᠠᠭ᠎ᠠ︾ ᠪᠠᠷ  ᠳᠠᠮᠵᠢᠭᠤᠯᠤᠨ ᠭᠠᠵᠠᠷ ᠤᠨ ᠨᠡᠷᠡᠰ ᠤᠨ ᠰᠣᠶᠣᠯ ᠤᠨ ᠪᠠᠶᠢᠭᠤᠯᠤᠯᠲᠠ ᠶᠢ ᠠᠬᠢᠭᠤᠯᠪᠠ
ᠨᠡᠶᠢᠲᠡᠯᠡᠭᠰᠡᠨ ᠴᠠᠭ᠄
2023/12/28
    ᠣᠶᠢᠷ᠎ᠠ ᠶᠢᠨ ᠵᠢᠯ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ  ᠲᠠᠪᠤᠨ ᠶᠡᠭᠡ ᠡᠭᠦᠷᠭᠡ   ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽︿ᠬᠥᠳᠡᠭᠡ ᠲᠣᠰᠬᠤᠨ ᠢ ᠠᠯᠳᠠᠷᠰᠢᠭᠤᠯᠬᠤ ᠠᠵᠢᠯᠯᠠᠭ᠎ᠠ﹀ ᠶᠢ ᠥᠷᠨᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠲᠤᠬᠠᠢ ᠮᠡᠳᠡᠭᠳᠡᠯ︾ ︵ᠠᠷᠠᠳ ᠵᠠᠬᠢᠳᠠᠯ ﹇2023﹈ 44 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠪᠠᠷ᠂ ᠭᠠᠵᠠᠷ ᠤᠨ ᠨᠡᠷᠡᠰ ᠤᠨ ᠬᠠᠮᠢᠶᠠᠷᠤᠯᠲᠠ ᠶᠢ ᠳᠦᠷᠢᠮᠵᠢᠭᠦᠯᠬᠦ᠂ ᠭᠠᠵᠠᠷ ᠤᠨ ᠨᠡᠷᠡᠰ ᠤᠨ ᠰᠣᠶᠣᠯ ᠤᠨ ᠠᠭᠤᠯᠤᠭᠳᠠᠬᠤᠨ ᠢ ᠪᠠᠶᠠᠯᠢᠭᠵᠢᠭᠤᠯᠬᠤ᠂ ᠭᠠᠵᠠᠷ ᠤᠨ ᠨᠡᠷᠡᠰ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠭᠠᠵᠠᠷ ᠤᠨ ᠨᠡᠷᠡᠰ ᠤᠨ ᠰᠣᠶᠣᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠭᠰᠡᠨ ᠪᠠᠶᠢᠨ᠎ᠠ᠃   ᠨᠢᠭᠡ᠂ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠪᠠᠶᠢᠭᠤᠯᠤᠯᠲᠠ ᠶᠢᠨ ᠲᠤᠭᠲᠠᠴᠠ ᠶᠢ ᠲᠡᠭᠦᠯᠳᠡᠷᠵᠢᠭᠦᠯᠪᠡ  ︵ᠨᠢᠭᠡ︶ ᠭᠠᠵᠠᠷ ᠤᠨ ᠨᠡᠷᠡᠰ ᠤᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠪᠡ᠃ ︽ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠲᠣᠭᠲᠠᠭᠠᠯ︾ ᠳᠤ ᠵᠠᠰᠠᠪᠤᠷᠢ ᠣᠷᠣᠭᠤᠯᠬᠤ ᠶᠢ ᠲᠦᠷᠭᠡᠳᠬᠡᠨ ᠠᠬᠢᠭᠤᠯᠪᠠ᠃ 2023 ᠣᠨ ᠳᠤ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ ᠬᠠᠤᠯᠢ ᠲᠣᠭᠲᠠᠭᠠᠯᠲᠠ ᠶᠢᠨ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠪᠠ ᠬᠢᠨᠠᠨ ᠵᠥᠪᠯᠡᠬᠦ ᠲᠥᠰᠥᠯ ᠢ ᠨᠠᠶᠢᠷᠠᠭᠤᠯᠤᠨ ᠪᠢᠴᠢᠵᠦ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠳᠤ ᠳᠡᠪᠰᠢᠭᠦᠯᠵᠦ᠂ ᠨᠢᠭᠡᠨᠲᠡ 2024 ᠣᠨ ᠤ ᠬᠠᠤᠯᠢ ᠲᠣᠭᠲᠠᠭᠠᠯᠲᠠ ᠶᠢᠨ ᠬᠢᠨᠠᠨ ᠵᠥᠪᠯᠡᠬᠦ ᠵᠦᠢᠯᠡᠰ ᠲᠤ ᠵᠢᠭᠰᠠᠭᠠᠨ ᠣᠷᠣᠭᠤᠯᠪᠠ᠃ ᠭᠠᠵᠠᠷ ᠤᠨ ᠨᠡᠷᠡᠰ ᠢ ᠨᠡᠷᠡᠶᠢᠳᠴᠦ ᠨᠡᠷᠡᠰ ᠢ ᠬᠠᠯᠠᠬᠤ ᠪᠥᠬᠦ ᠶᠠᠪᠤᠴᠠ ᠶᠢ ᠳᠦᠷᠢᠮᠵᠢᠭᠦᠯᠦᠨ ᠬᠠᠮᠢᠶᠠᠷᠬᠤ ᠶᠢ ᠠᠬᠢᠭᠤᠯᠵᠤ᠂ ᠭᠠᠵᠠᠷ ᠤᠨ ᠨᠡᠷᠡᠰ ᠢ ᠭᠤᠶᠤᠴᠢᠯᠠᠨ ᠮᠡᠳᠡᠭᠦᠯᠬᠦ᠂ ᠨᠤᠲᠠᠯᠠᠬᠤ᠂ ᠬᠢᠨᠠᠨ ᠵᠥᠪᠰᠢᠶᠡᠷᠡᠬᠦ᠂ ᠳᠠᠩᠰᠠᠯᠠᠭᠤᠯᠬᠤ᠂ ᠵᠠᠷᠯᠠᠨ ᠨᠡᠶᠢᠲᠡᠯᠡᠬᠦ ᠵᠡᠷᠭᠡ ᠳᠦᠷᠢᠮ ᠢ ᠪᠠᠶᠢᠭᠤᠯᠤᠨ ᠪᠦᠷᠢᠨᠰᠢᠭᠦᠯᠪᠡ᠃ ︽ᠭᠠᠵᠠᠷ ᠤᠨ ᠨᠡᠷᠡᠰ ᠢ ᠳᠠᠩᠰᠠᠯᠠᠬᠤ ᠠᠯᠪᠠᠨ ᠵᠠᠷ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠦᠨᠳᠦᠰᠦᠯᠡᠨ᠂ ᠤᠯᠤᠰ ᠤᠨ ᠭᠠᠵᠠᠷ ᠤᠨ ᠨᠡᠷᠡᠰ ᠤᠨ ᠮᠡᠳᠡᠭᠡ ᠵᠠᠩᠭᠢ ᠶᠢᠨ ᠬᠥᠮᠥᠷᠭᠡ ᠳᠤ ᠬᠥᠳᠡᠭᠡ ᠲᠣᠰᠬᠤᠨ ᠤ ᠭᠠᠵᠠᠷ ᠤᠨ ᠨᠡᠷᠡᠰ  ᠢ ᠳᠠᠩᠰᠠᠯᠠᠬᠤ ᠠᠯᠪᠠᠨ ᠵᠠᠷ ᠨᠡᠶᠢᠲᠡᠯᠡᠵᠦ᠂ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠳᠦᠷᠢᠮᠵᠢᠭᠰᠡᠨ᠂ ᠰᠢᠨᠵᠢᠯᠡᠬᠦ ᠤᠬᠠᠭᠠᠨᠴᠢᠯᠠᠭᠰᠠᠨ᠂ ᠨᠠᠷᠢᠯᠢᠭᠵᠢᠭᠤᠯᠤᠭᠰᠠᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ 2023 ᠣᠨ ᠤ 9 ᠳ᠋ᠤᠭᠡᠷ ᠰᠠᠷ᠎ᠠ ᠶᠢᠨ 30 ᠤ ᠡᠳᠦᠷ ᠪᠣᠯᠲᠠᠯ᠎ᠠ᠂ ᠪᠥᠬᠦ ᠣᠷᠣᠨ ᠤ 12 ᠠᠶᠢᠮᠠᠭ ᠬᠤᠲᠠ ᠶᠢᠨ ᠰᠢᠨ᠎ᠡ ᠪᠠᠷ ᠨᠡᠷᠡᠶᠢᠳᠦᠭᠰᠡᠨ ᠭᠠᠵᠠᠷ ᠤᠨ ᠨᠡᠷ᠎ᠡ 253᠂ ᠳᠠᠩᠰᠠᠯᠠᠭᠤᠯᠤᠭᠰᠠᠨ ᠠᠯᠪᠠᠨ ᠵᠠᠷ 253 ᠪᠠᠶᠢᠵᠤ᠂ ᠳᠠᠩᠰᠠᠯᠠᠭᠤᠯᠤᠭᠰᠠᠨ ᠠᠯᠪᠠᠨ ᠵᠠᠷ ᠤᠨ ᠨᠣᠷᠮ᠎ᠠ 100% ᠳᠤ ᠬᠦᠷᠴᠦ᠂ ᠭᠠᠵᠠᠷ ᠤᠨ ᠨᠡᠷᠡᠰ ᠤᠨ ᠰᠣᠶᠣᠯ ᠤᠨ ᠪᠠᠶᠢᠭᠤᠯᠤᠯᠲᠠ ᠶᠢ ᠰᠠᠶᠢᠵᠢᠷᠠᠭᠤᠯᠬᠤ ᠳᠤ ᠰᠠᠶᠢᠨ ᠰᠠᠭᠤᠷᠢ ᠶᠢ ᠲᠠᠯᠪᠢᠭᠰᠠᠨ ᠪᠠᠶᠢᠨ᠎ᠠ᠃   ︵ᠬᠤᠶᠠᠷ︶ ᠭᠠᠵᠠᠷ ᠤᠨ ᠨᠡᠷᠡᠰ ᠢ ᠨᠡᠷᠡᠶᠢᠳᠴᠦ ᠬᠠᠯᠠᠬᠤ ᠶᠢ ᠳᠦᠷᠢᠮᠵᠢᠭᠦᠯᠪᠡ᠃ ᠦᠢᠯᠡᠳᠦᠯᠭᠡ ᠶᠢᠨ ᠳᠤᠮᠳᠠ ᠪᠠᠨ ᠲᠡᠦᠬᠡ ᠪᠠ ᠣᠳᠣᠬᠢ ᠪᠠᠶᠢᠳᠠᠯ ᠢ ᠭᠦᠢᠴᠡᠳ ᠬᠦᠨᠳᠦᠳᠬᠡᠵᠦ᠂ ᠭᠠᠵᠠᠷ ᠤᠨ ᠨᠡᠷᠡᠰ ᠤᠨ ᠲᠡᠦᠬᠡ ᠰᠣᠶᠣᠯ ᠢ ᠬᠠᠮᠠᠭᠠᠯᠠᠨ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠵᠠᠷᠴᠢᠮ ᠢ ᠪᠠᠷᠢᠮᠲᠠᠯᠠᠵᠤ᠂ ︽ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠬᠢᠨᠠᠨ ᠬᠠᠷᠭᠤᠭᠤᠯᠵᠤ ᠵᠥᠪᠰᠢᠶᠡᠷᠡᠬᠦ ᠭᠤᠭᠴᠤᠭ᠎ᠠ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠰᠢᠨ᠎ᠡ ᠪᠠᠷ ᠨᠡᠷᠡᠶᠢᠳᠬᠦ ᠭᠠᠵᠠᠷ ᠤᠨ ᠨᠡᠷᠡᠰ ᠤᠨ ᠲᠤᠲᠤᠷ᠎ᠠ ︽ᠶᠡᠬᠡᠳᠬᠡᠭᠰᠡᠨ ᠨᠡᠷ᠎ᠡ ᠬᠠᠷᠢ ᠶᠢᠨ ᠨᠡᠷ᠎ᠡ ᠰᠤᠨᠢᠨ ᠨᠡᠷ᠎ᠡ ᠪᠠ ᠳᠠᠪᠬᠤᠷᠳᠠᠬᠤ ᠨᠡᠷ᠎ᠡ︾ ᠢᠯᠡᠷᠡᠬᠦ ᠶᠢ ᠡᠷᠡᠰ ᠲᠡᠪᠴᠢᠵᠦ ᠳᠦᠷᠢᠮᠵᠢᠭᠦᠯᠵᠦ ᠴᠢᠳᠠᠭᠰᠠᠨ ᠪᠠᠶᠢᠨ᠎ᠠ᠃ 2023 ᠣᠨ ᠤ 9 ᠳ᠋ᠤᠭᠡᠷ ᠰᠠᠷ᠎ᠠ ᠶᠢᠨ ᠰᠡᠭᠦᠯᠴᠢ ᠪᠣᠯᠲᠠᠯ᠎ᠠ᠂ 111 ᠨᠡᠷᠡᠰ ᠢ ᠬᠠᠯᠠᠭᠰᠠᠨ ᠨᠢ ᠴᠥᠮ ︽ᠳᠦᠷᠢᠮ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠳᠤ ᠨᠡᠶᠢᠴᠡᠵᠦ᠂ ᠭᠠᠵᠠᠷ ᠤᠨ ᠨᠡᠷᠡᠰ ᠤᠨ ᠰᠤᠶᠤᠯ ᠢ ᠬᠠᠮᠠᠭᠠᠯᠠᠬᠤ ᠳᠤ ᠢᠳᠡᠪᠬᠢ ᠦᠢᠯᠡᠳᠦᠯ ᠦᠵᠡᠭᠦᠯᠦᠭᠰᠡᠨ ᠪᠠᠶᠢᠨ᠎ᠠ᠃   ᠬᠤᠶᠠᠷ᠂ ᠭᠠᠵᠠᠷ ᠤᠨ ᠨᠡᠷᠡᠰ ᠤᠨ ᠫᠠᠶᠢᠰᠠ ᠲᠡᠮᠳᠡᠭ ᠢ ᠪᠠᠶᠢᠷᠢᠯᠠᠭᠤᠯᠵᠣ ᠰᠦᠯᠵᠢᠶᠡᠨ ᠳᠤ ᠭᠠᠷᠭᠠᠪᠠ    ︵ᠨᠢᠭᠡ︶ ᠭᠠᠵᠠᠷ ᠤᠨ ᠨᠡᠷᠡᠰ ᠤᠨ ᠫᠠᠶᠢᠰᠠ ᠲᠡᠮᠳᠡᠭ ᠢ ᠪᠠᠶᠢᠷᠢᠯᠠᠭᠤᠯᠵᠤ ᠬᠠᠮᠠᠭᠠᠯᠠᠬᠤ ᠶᠢ ᠴᠢᠩᠭᠠᠳᠬᠠᠪᠠ᠃ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠫᠠᠶᠢᠰᠠ ᠲᠡᠮᠳᠡᠭ ᠤᠨ ᠪᠠᠶᠢᠷᠢᠯᠠᠭᠤᠯᠤᠯᠲᠠ ᠶᠢᠨ ᠣᠳᠣᠬᠢ ᠪᠠᠶᠢᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠠᠷᠢᠶ᠎ᠠ ᠣᠷᠣᠨ  ᠳᠤ ᠬᠢ ᠫᠠᠶᠢᠰᠠ ᠳᠡᠮᠲᠡᠭ ᠪᠠᠶᠢᠬᠤ ᠦᠭᠡᠢ ᠭᠠᠵᠠᠷ᠂ ᠫᠠᠶᠢᠰᠠ ᠲᠡᠮᠳᠡᠭ ᠨᠢ ᠡᠪᠳᠡᠷᠡᠵᠦ ᠰᠦᠢᠳᠦᠭᠰᠡᠨ ᠪᠠ ᠳᠦᠷᠢᠮᠵᠢᠯ ᠦᠭᠡᠢ ᠪᠢᠴᠢᠭᠰᠡᠨ ᠫᠠᠶᠢᠰᠠ ᠲᠡᠮᠳᠡᠭ ᠵᠡᠷᠭᠡ ᠶᠢ ᠵᠢᠭᠰᠠᠭᠠᠨ ᠪᠠᠶᠢᠴᠠᠭᠠᠪᠠ᠃ ︽ᠭᠠᠵᠠᠷ ᠤᠨ ᠨᠡᠷᠡᠰ ᠤᠨ ᠲᠡᠮᠳᠡᠭ︾ ︵GB17733 ︱ 2008︶ ᠤᠨ ᠤᠯᠤᠰ ᠤᠨ ᠪᠠᠷᠢᠮᠵᠢᠶ᠎ᠠ ᠶᠢ ᠦᠨᠳᠦᠰᠦᠯᠡᠨ᠂ ᠲᠣᠰᠬᠤᠨ ᠤ ᠨᠡᠷᠡᠰ ᠤᠨ ᠫᠠᠶᠢᠰᠠ ᠲᠡᠮᠳᠡᠭ᠂ ᠵᠡᠭᠡᠯᠢ ᠭᠤᠳᠤᠮᠵᠢ ᠶᠢᠨ ᠫᠠᠶᠢᠰᠠ ᠲᠡᠮᠳᠡᠭ᠂ ᠡᠭᠦᠳᠡ ︵ᠡᠷᠦᠬᠡ︶ ᠶᠢᠨ ᠫᠠᠶᠢᠰᠠ ᠲᠡᠮᠳᠡᠭ ᠵᠡᠷᠭᠡ ᠶᠢ ᠳᠦᠷᠢᠮᠵᠢᠭᠦᠯᠦᠨ ᠪᠠᠶᠢᠷᠢᠯᠠᠭᠤᠯᠵᠤ᠂ ᠴᠠᠭ ᠲᠤᠬᠠᠢ ᠳᠤ ᠨᠢ ᠰᠢᠨᠡᠳᠬᠡᠨ ᠬᠠᠮᠠᠭᠠᠯᠠᠪᠠ᠃ 1580 ᠬᠥᠳᠡᠭᠡ ᠲᠣᠰᠬᠤᠨ᠂ 521 ᠬᠥᠳᠡᠭᠡ ᠲᠣᠰᠬᠤᠨ ᠤ ᠵᠠᠮ ᠵᠡᠭᠡᠯᠢ ᠭᠤᠳᠤᠮᠵᠢ᠂ 76 ᠬᠥᠳᠡᠭᠡ ᠲᠣᠰᠬᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ᠂ 6 ᠬᠤᠪᠢᠰᠬᠠᠯ ᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ᠂ 6 ᠵᠤᠭᠠᠴᠠᠯ ᠤᠨ ᠦᠵᠡᠮᠵᠢ ᠶᠢᠨ ᠣᠷᠣᠨ ᠪᠠ 14 ᠬᠥᠳᠡᠭᠡ ᠲᠣᠰᠬᠤᠨ ᠤ ᠵᠤᠭᠠᠴᠠᠯ ᠤᠨ ᠭᠠᠵᠠᠷ ᠤᠨ ᠫᠠᠶᠢᠰᠠ ᠲᠡᠮᠳᠡᠭ ᠢ ᠪᠠᠶᠢᠷᠢᠯᠠᠭᠤᠯᠤᠨ ᠤᠭᠰᠠᠷᠠᠬᠤ ᠶᠢ ᠪᠡᠶᠡᠯᠡᠭᠦᠯᠪᠡ᠃ ᠭᠠᠵᠠᠷ ᠤᠨ ᠨᠡᠷᠡᠰ ᠤᠨ ᠤᠳᠤᠷᠢᠳᠤᠮᠵᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠦᠢᠯᠡᠳᠦᠯ ᠢ ᠭᠦᠢᠴᠡᠳ ᠪᠠᠳᠠᠷᠠᠭᠤᠯᠪᠠ᠃   ︵ᠬᠤᠶᠠᠷ︶ ᠭᠠᠵᠠᠷ ᠤᠨ ᠨᠡᠷᠡᠰ ᠢ ᠰᠢᠨᠵᠢᠯᠡᠬᠦ ᠤᠬᠠᠭᠠᠨᠴᠢ ᠪᠠᠷ ᠥᠨᠳᠥᠷ ᠦᠷ᠎ᠡ ᠪᠦᠲᠦᠮᠵᠢᠲᠡᠶ ᠪᠠᠷ ᠰᠦᠯᠵᠢᠶᠡᠨ ᠵᠢᠷᠤᠭ ᠲᠤ ᠣᠷᠤᠭᠤᠯᠪᠠ᠃ ᠤᠯᠤᠰ ᠤᠨ ᠭᠠᠵᠠᠷ ᠤᠨ ᠨᠡᠷᠡᠰ ᠤᠨ ᠮᠡᠳᠡᠭᠡ ᠵᠠᠩᠭᠢ ᠶᠢᠨ ᠬᠥᠮᠥᠷᠭᠡ ᠪᠠ ᠢᠨᠲ᠋ᠧᠷ ᠰᠦᠯᠵᠢᠶᠡᠨ ᠤ ᠭᠠᠵᠠᠷ ᠤᠨ ᠵᠢᠷᠤᠭ ᠲᠤ ᠲᠦᠰᠢᠭᠯᠡᠨ᠂ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠮᠡᠳᠡᠭᠡ ᠵᠠᠩᠭᠢ ᠶᠢ ᠪᠠᠶᠢᠩᠭᠤᠵᠢᠭᠤᠯᠤᠨ ᠴᠤᠭᠯᠠᠭᠤᠯᠵᠤ᠂ ᠰᠢᠨᠡᠳᠬᠡᠨ ᠬᠠᠮᠠᠭᠠᠯᠠᠬᠤ ᠲᠣᠭᠲᠠᠴᠠ ᠶᠢ ᠪᠠᠶᠢᠭᠤᠯᠪᠠ᠃ ᠬᠥᠳᠡᠭᠡ ᠲᠣᠰᠬᠤᠨ᠂ ᠵᠠᠮ ᠵᠡᠭᠡᠯᠢ ᠭᠤᠳᠤᠮᠵᠢ᠂ ᠵᠠᠮ ᠬᠠᠷᠢᠯᠴᠠᠭ᠎ᠠ ᠤᠰᠤᠨ ᠠᠰᠢᠭᠯᠠᠯᠲᠠ᠂ ᠣᠯᠠᠨ ᠨᠡᠶᠢᠲᠡ ᠶᠢᠨ ᠦᠢᠯᠡᠴᠢᠯᠡᠭᠡ᠂ ᠰᠣᠶᠣᠯ ᠵᠢᠭᠤᠯᠴᠢᠯᠠᠯ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠵᠡᠷᠭᠡ ᠭᠠᠵᠠᠷ ᠤᠨ ᠨᠡᠷᠡᠰ ᠤᠨ ᠮᠡᠳᠡᠭᠡ ᠵᠠᠩᠭᠢ ᠶᠢᠨ ᠬᠤᠷᠢᠶᠠᠪᠠᠰᠤ ᠵᠣᠬᠢᠬᠤ ᠶᠢ ᠨᠢ ᠴᠥᠮ ᠬᠤᠷᠢᠶᠠᠵᠤ᠂ ᠬᠡᠪ ᠤᠨ ᠪᠠᠶᠢᠳᠠᠯ ᠢᠶᠠᠷ ᠰᠢᠨᠡᠳᠬᠡᠵᠦ᠂ ᠳᠦᠷᠢᠮᠵᠢᠯ ᠲᠠᠢ ᠪᠠᠷ ᠰᠦᠯᠵᠢᠶᠡᠨ ᠵᠢᠷᠤᠭ ᠲᠤ ᠭᠠᠷᠭᠠᠪᠠ᠃ ᠣᠲᠣ ᠪᠣᠯᠲᠠᠯ᠎ᠠ 3466 ᠭᠠᠵᠠᠷ ᠤᠨ ᠨᠡᠷᠡᠰ ᠢ ᠰᠦᠯᠵᠢᠶᠡᠨ ᠳᠤ ᠭᠠᠷᠭᠠᠵᠤ᠂ ᠴᠢᠬᠤᠯᠠ ᠲᠡᠦᠬᠡᠲᠦ ᠠᠴᠢ ᠬᠤᠯᠪᠣᠭᠳᠠᠯ ᠲᠠᠢ᠂ ᠡᠯᠪᠡᠭ ᠪᠠᠶᠠᠯᠢᠭ ᠰᠣᠶᠣᠯ ᠤᠨ ᠠᠭᠤᠯᠤᠭᠳᠠᠬᠤᠨ ᠲᠠᠢ ᠬᠥᠳᠡᠭᠡ ᠲᠣᠰᠬᠤᠨ ᠤ ᠭᠠᠵᠠᠷ ᠤᠨ ᠨᠡᠷᠡᠰ ᠢ ᠪᠠᠢ ᠳᠤ ᠪᠦᠭᠦᠳᠡ ᠬᠤᠷᠢᠶᠠᠩᠭᠤᠢ ᠦᠭᠡᠰ ᠤᠨ ᠲᠠᠶᠢᠯᠪᠤᠷᠢ ᠳᠤ ᠴᠠᠭ ᠲᠤᠬᠠᠢ ᠳᠤ ᠨᠢ ᠨᠥᠬᠦᠪᠦᠷᠢᠯᠡᠨ ᠤᠷᠤᠭᠤᠯᠵᠤ᠂ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠪᠠ᠃  ᠭᠤᠷᠪᠠ᠂ ᠭᠠᠵᠠᠷ ᠤᠨ ᠨᠡᠷᠡᠰ ᠤᠨ ᠰᠣᠶᠣᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠪᠠ  ︵ᠨᠢᠭᠡ︶ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠲᠡᠦᠬᠡ ᠰᠣᠶᠣᠯ ᠢ ᠬᠠᠮᠠᠭᠠᠯᠠᠵᠤ  ᠵᠠᠯᠭᠠᠮᠵᠢᠯᠠᠬᠤ ᠶᠢ ᠴᠢᠩᠭᠠᠷᠠᠭᠤᠯᠪᠠ᠃ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠠᠭᠤᠰᠬᠠᠨ ᠤᠷᠤᠭᠤᠯᠵᠤ᠂ ᠠᠳᠠᠯᠢ ᠪᠤᠰᠤ ᠳᠡᠰ ᠳᠠᠪᠬᠤᠷᠭ᠎ᠠ ᠶᠢᠨ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠭᠠᠵᠠᠷ ᠤᠨ ᠨᠡᠷᠡᠰ ᠤᠨ ᠲᠡᠦᠬᠡ ᠰᠣᠶᠣᠯ ᠤᠨ ᠥᠪ ᠬᠦᠷᠦᠩᠭᠡ ᠶᠢ ᠴᠢᠬᠤᠯᠠᠴᠢᠯᠠᠨ ᠬᠠᠮᠠᠭᠠᠯᠠᠵᠣ᠂ ᠬᠡᠷᠡᠭᠯᠡᠵᠦ ᠦᠩᠭᠡᠷᠡᠭᠰᠡᠨ ᠭᠠᠵᠠᠷ ᠤᠨ ᠨᠡᠷᠡᠰ ᠤᠨ ᠰᠣᠶᠣᠯ ᠤᠨ ᠤᠯᠠᠮᠵᠢᠯᠠᠯ ᠤᠨ ᠨᠥᠯᠥᠭᠡ ᠶᠢ ᠲᠤᠰᠬᠠᠶᠢᠯᠠᠨ ᠨᠤᠲᠠᠯᠠᠵᠤ ᠦᠨᠡᠯᠡᠨ ᠵᠢᠱᠢᠬᠦ ᠶᠢ ᠴᠢᠩᠭᠠᠳᠬᠠᠵᠤ᠂ ᠲᠡᠦᠬᠡ ᠰᠣᠶᠣᠯ ᠤᠨ ᠤᠯᠠᠮᠵᠢᠯᠠᠯ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠪᠦᠷᠢᠨᠰᠢᠭᠦᠯᠦᠨ ᠨᠠᠶᠢᠳᠠᠪᠤᠷᠢᠵᠢᠭᠤᠯᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠤᠨ ᠨᠡᠷᠡᠰ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠷᠡᠰ ᠤᠨ  ᠲᠡᠮᠳᠡᠭᠯᠡᠯ ᠢ ᠮᠠᠭᠠᠳᠯᠠᠨ ᠲᠣᠭᠲᠠᠭᠠᠬᠤ ᠠᠵᠢᠯ ᠤᠨ ᠬᠡᠷᠡᠭᠵᠢᠭᠦᠯᠬᠦ ᠲᠥᠰᠥᠯ︾ ︵ᠥᠪᠥᠷ ᠠᠷᠠᠳ ᠤᠨ ᠶᠠᠪᠤᠳᠠᠯ ᠲᠠᠷᠬᠠᠭᠠᠭᠰᠠᠨ ﹇2022﹈ 1 ᠳ᠋ᠤᠭᠡᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠣᠳᠣᠬᠠᠨ ᠳᠤ ᠡᠯ᠎ᠡ ᠠᠶᠢᠮᠠᠭ ᠬᠤᠲᠠ ᠠᠴᠠ ᠭᠠᠵᠠᠷ ᠤᠨ ᠨᠡᠷᠡᠰ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠷᠡᠰ ᠤᠨ ᠲᠡᠮᠲᠡᠭᠯᠡᠯ ᠳᠤ ᠮᠡᠳᠡᠭᠦᠯᠦᠨ ᠬᠦᠷᠭᠡᠭᠰᠡᠨ ᠭᠤᠶᠤᠴᠢᠯᠠᠯ ᠤᠨ ᠮᠠᠲ᠋ᠧᠷᠢᠶᠠᠯ ᠢ ᠨᠢᠭᠡᠨᠲᠡ 100 ᠭᠠᠷᠤᠢ ᠬᠤᠪᠢ ᠬᠤᠷᠢᠶᠠᠨ ᠣᠯᠪᠠ᠃ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠵᠠᠭᠤᠴᠢᠯᠠᠭᠤᠷ ᠢᠶᠠᠷ ᠳᠠᠮᠵᠢᠭᠤᠯᠤᠨ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠭᠠᠵᠠᠷ ᠤᠨ ᠨᠡᠷᠡᠰ ᠤᠨ ᠲᠡᠦᠬᠡ ᠰᠣᠶᠣᠯ ᠤᠨ ᠠᠭᠤᠯᠭ᠎ᠠ ᠶᠢ ᠤᠬᠠᠭᠤᠯᠪᠠ᠃ ᠥᠪᠥᠷ ᠮᠣᠩᠭᠤᠯ ᠤᠨ ᠠᠷᠠᠳ ᠤᠨ ᠶᠠᠪᠤᠳᠠᠯ ᠤᠨ ᠲᠢᠩᠬᠢᠮ ᠤᠨ  ᠸᠢᠴᠠᠲ ᠳᠠᠪᠴᠠᠩ ᠳᠤ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠲᠡᠦᠬᠡ ᠰᠣᠶᠣᠯ ᠤᠨ ᠮᠡᠳᠡᠭᠡ ᠵᠠᠩᠭᠢ ᠶᠢ ᠨᠢᠭᠡᠨᠲᠡ ᠵᠠᠯᠭᠠᠭ᠎ᠠ ᠪᠠᠷ 10 ᠭᠠᠷᠤᠢ ᠬᠤᠭᠤᠴᠠᠭ᠎ᠠ ᠨᠡᠶᠢᠲᠡᠯᠡᠪᠡ᠃  ︵ᠬᠤᠶᠠᠷ︶ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠰᠣᠶᠣᠯ ᠤᠨ ᠬᠠᠮᠠᠭᠠᠯᠠᠯᠲᠠ ᠶᠢᠨ ᠤᠬᠠᠭᠤᠯᠭ᠎ᠠ ᠶᠢ ᠴᠢᠩᠭᠠᠷᠠᠭᠤᠯᠪᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠭᠠᠵᠠᠷ ᠤᠨ ᠨᠡᠷᠡᠰ ᠤᠨ ᠰᠣᠶᠣᠯ ᠤᠨ ᠥᠪ ᠢ ᠦᠨᠡᠯᠡᠨ ᠲᠣᠭᠲᠠᠭᠠᠬᠤ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠨᠥᠬᠦᠴᠡᠯ ᠳᠤ ᠨᠡᠶᠢᠴᠡᠬᠦ ᠬᠥᠳᠡᠭᠡ ᠲᠣᠰᠬᠤᠨ ᠤ ᠭᠠᠵᠠᠷ ᠤᠨ ᠨᠡᠷᠡᠰ ᠢ ᠭᠠᠵᠠᠷ ᠤᠨ ᠨᠡᠷᠡᠰ ᠤᠨ ᠰᠣᠶᠣᠯ ᠤᠨ ᠥᠪ ᠢ ᠬᠠᠮᠠᠭᠠᠯᠠᠬᠤ ᠬᠦᠷᠢᠶ᠎ᠡ ᠬᠡᠪᠴᠢᠶᠡᠨ ᠳᠤ ᠣᠷᠣᠭᠤᠯᠵᠤ᠂ ᠬᠥᠳᠡᠭᠡ ᠲᠣᠰᠬᠤᠨ ᠤ ᠭᠠᠵᠠᠷ ᠤᠨ ᠨᠡᠷᠡᠰ ᠢ ᠬᠠᠮᠠᠭᠠᠯᠠᠬᠤ ᠨᠡᠷᠡᠰ ᠤᠨ ᠲᠡᠮᠳᠡᠭᠯᠡᠯ ᠢ ᠪᠠᠶᠢᠭᠤᠯᠤᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠪᠠ᠃ ᠡᠨᠡ ᠵᠢᠯ ᠣᠷᠳᠣᠰ ᠬᠤᠳᠠ ᠶᠢᠨ ᠬᠠᠩᠭᠢᠨ ᠬᠤᠰᠢᠭᠤ ᠪᠣᠯᠣᠨ ᠬᠥᠯᠥᠨ ᠪᠤᠶᠢᠷ ᠬᠤᠳᠠ ᠶᠢᠨ ᠣᠷᠴᠣᠨ ᠤ ᠥᠪᠡᠷᠲᠡᠭᠡᠨ ᠵᠠᠰᠠᠬᠤ ᠬᠤᠰᠢᠭᠤ ᠬᠥᠳᠡᠭᠡ ᠲᠣᠰᠬᠤᠨ ᠤ ᠨᠡᠷᠡᠰ ᠤᠨ ᠲᠡᠮᠳᠡᠭᠯᠡᠯ ᠢ ᠵᠠᠯᠭᠠᠪᠡᠷ ᠳᠠᠷᠤᠮᠠᠯᠯᠠᠨ ᠬᠡᠪᠯᠡᠭᠦᠯᠪᠠ᠃ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠰᠣᠶᠣᠯ ᠤᠨ ᠦᠵᠡᠭᠦᠯᠦᠯᠭᠡ ᠶᠢᠨ ᠲᠥᠬᠦᠭᠡᠷᠦᠮᠵᠢ ᠶᠢ ᠪᠠᠶᠢᠭᠤᠯᠵᠤ᠂ ᠭᠠᠵᠠᠷ ᠤᠨ ᠨᠡᠷᠡᠰ ᠲᠤ ᠠᠭᠤᠯᠤᠭᠳᠠᠵᠤ ᠪᠠᠶᠢᠭ᠎ᠠ ᠡᠯᠪᠡᠭ ᠪᠠᠶᠠᠯᠢᠭ ᠲᠡᠦᠬᠡ ᠰᠣᠶᠣᠯ ᠤᠨ ᠠᠭᠤᠯᠤᠭᠳᠠᠬᠤᠨ ᠢ ᠭᠦᠢᠴᠡᠳ ᠳᠡᠯᠭᠡᠨ ᠦᠵᠡᠭᠦᠯᠵᠦ᠂ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠡᠮᠳᠡᠭᠲᠦ ᠶᠢ ᠪᠣᠶ ᠪᠣᠯᠭᠠᠬᠤ ᠳᠤ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠪᠠ᠃  ᠳᠥᠷᠪᠡ᠂ ᠭᠠᠵᠠᠷ ᠤᠨ ᠨᠡᠷᠡᠰ ᠤᠨ ᠮᠡᠳᠡᠭᠡ ᠵᠠᠩᠭᠢ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠭᠦᠨᠵᠡᠭᠡᠶᠢᠷᠡᠭᠦᠯᠪᠡ  ︵ᠨᠢᠭᠡ︶ ᠭᠠᠵᠠᠷ ᠤᠨ ᠨᠡᠷᠡᠰ ᠤᠨ ᠮᠡᠳᠡᠭᠡ ᠵᠠᠩᠭᠢ ᠶᠢ  ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠠᠬᠢᠭᠤᠯᠪᠠ᠃ ︽ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠦᠢᠯᠡᠴᠢᠯᠡᠭᠡ ᠶᠢ ᠭᠦᠨᠵᠡᠭᠡᠶᠢᠷᠡᠭᠦᠯᠵᠦ᠂ ᠰᠠᠶᠢᠨ ᠰᠠᠶᠢᠬᠠᠨ ᠭᠡᠷ ᠣᠷᠣᠨ ᠢᠶᠠᠨ ᠭᠡᠶᠢᠭᠦᠯᠬᠦ︾ ᠲᠤᠷᠰᠢᠯᠲᠠ ᠶᠢᠨ ᠠᠵᠢᠯᠯᠠᠭ᠎ᠠ ᠳᠤ᠂ ᠣᠷᠳᠣᠰ ᠬᠤᠲᠠ ᠶᠢᠨ ᠬᠠᠩᠭᠢᠨ ᠬᠤᠰᠢᠭᠤᠨ ᠤ ᠬᠢᠨ ᠡᠬᠢ ᠪᠠᠶᠠᠯᠢᠭ ᠢ ᠲᠥᠪᠯᠡᠷᠡᠭᠦᠯᠦᠨ᠂ ᠭᠠᠵᠠᠷ ᠤᠨ ᠨᠡᠷᠡᠰ ᠤᠨ ᠮᠡᠳᠡᠭᠡ ᠵᠠᠩᠭᠢᠵᠢᠯᠲᠠ ᠶᠢᠨ ᠰᠢᠨ᠎ᠡ ᠵᠠᠮ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠣᠣ ᠸᠧᠢ ᠬᠠᠷᠢᠯᠴᠠᠨ ᠦᠢᠯᠡᠳᠦᠯᠴᠡᠬᠦ ᠭᠠᠵᠠᠷ ᠤᠨ ᠵᠢᠷᠤᠭ ᠤᠨ ᠵᠥᠭᠡᠯᠡᠨ ᠲᠣᠨᠤᠭ ᠢ ᠠᠰᠢᠭᠯᠠᠨ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠪᠣᠳᠠᠲᠠᠢ ᠭᠠᠵᠠᠷ ᠵᠦᠢ ᠶᠢᠨ ᠪᠠᠶᠢᠷᠢᠰᠢᠯ᠂ ᠪᠠᠶᠢᠷᠢ ᠴᠡᠭ᠂ ᠰᠢᠨᠵᠢ ᠴᠢᠨᠠᠷ ᠵᠡᠷᠭᠡ ᠦᠨᠳᠦᠰᠦᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠵᠥᠪ ᠣᠨᠤᠪᠴᠢᠲᠠᠢ ᠪᠠᠶᠢᠴᠠᠭᠠᠨ ᠯᠠᠪᠯᠠᠬᠤ ᠬᠠᠷᠠᠯᠲᠠ ᠶᠢ ᠪᠡᠶᠡᠯᠡᠭᠦᠯᠪᠡ᠃ ᠲᠣᠰ ᠠᠷᠭ᠎ᠠ ᠬᠢᠳᠡᠯ ᠨᠢ ᠠᠷᠠᠳ ᠤᠨ ᠶᠠᠪᠤᠳᠠᠯ ᠤᠨ ᠶᠠᠮᠤᠨ ᠤ ︽︿ᠬᠥᠳᠡᠭᠡ ᠲᠣᠰᠬᠤᠨ ᠢ ᠠᠯᠳᠠᠷᠰᠢᠭᠤᠯᠬᠤ ᠠᠵᠢᠯᠯᠠᠭ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ﹀ ᠪᠥᠬᠦ ᠤᠯᠤᠰ ᠤᠨ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠪᠠᠶᠢᠭᠤᠯᠤᠯᠲᠠ ᠶᠢᠨ ᠠᠵᠢᠯᠯᠠᠭ᠎ᠠ ᠶᠢᠨ ᠵᠢᠱᠢᠶ᠎ᠡ ᠶᠢᠨ ᠰᠣᠩᠭᠤᠮᠠᠯ︾ ᠳᠤ ᠰᠤᠩᠭᠤᠭᠳᠠᠪᠠ᠃ ᠲᠣᠰ ᠵᠥᠭᠡᠯᠡᠨ ᠲᠣᠨᠤᠭ ᠢᠶᠠᠷ ᠳᠠᠮᠵᠢᠭᠤᠯᠤᠨ ᠡᠯ᠎ᠡ ᠲᠥᠷᠥᠯ ᠤᠨ ᠮᠡᠳᠡᠭᠡ ᠵᠠᠩᠭᠢ ᠶᠢᠨ ᠰᠢᠨᠡᠴᠢᠯᠡᠭᠰᠡᠨ ᠲᠤᠭ᠎ᠠ ᠪᠠᠷᠢᠮᠲᠠ ᠶᠢ ᠴᠠᠭ ᠲᠤᠬᠠᠢ ᠳᠤ ᠨᠢ ᠪᠠᠶᠢᠴᠠᠭᠠᠨ ᠯᠠᠪᠯᠠᠵᠤ᠂ ᠭᠠᠵᠠᠷ ᠤᠨ ᠨᠡᠷᠡᠰ ᠤᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠭᠠᠵᠠᠷ ᠤᠨ ᠨᠡᠷᠡᠰ ᠤᠨ ᠰᠣᠶᠣᠯ ᠤᠨ ᠤᠬᠠᠭᠤᠯᠭ᠎ᠠ ᠬᠢᠬᠦ ᠵᠢᠴᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠴᠠᠭᠳᠠᠭ᠎ᠠ ᠭᠥᠯᠢᠶᠡᠨ ᠠᠪᠬᠤ᠂ ᠭᠠᠯ ᠤᠨ ᠭᠠᠮᠰᠢᠭ ᠠᠴᠠ ᠠᠪᠤᠷᠠᠨ ᠲᠤᠰᠠᠯᠠᠬᠤ᠂ ᠴᠠᠬᠢᠯᠭᠠᠨ ᠬᠦᠴᠦᠨ ᠴᠠᠬᠢᠯᠭᠠᠨ ᠬᠤᠯᠪᠣᠭ᠎ᠠ ᠵᠡᠷᠭᠡ ᠲᠠᠯ᠎ᠠ ᠶᠢᠨ ᠬᠠᠮᠢᠶᠠᠷᠤᠯᠲᠠ ᠪᠠ ᠦᠢᠯᠡᠴᠢᠯᠡᠭᠡ ᠶᠢ ᠪᠦᠲᠦᠮᠵᠢᠲᠡᠶ ᠳᠡᠭᠡᠭᠰᠢᠯᠡᠭᠦᠯᠬᠦ ᠢᠳᠡᠪᠬᠢ ᠦᠢᠯᠡᠳᠦᠯ ᠦᠵᠡᠭᠦᠯᠵᠦ᠂ ᠲᠣᠮᠣ ᠳ᠋ᠠᠶᠢᠲ᠋ᠠ ᠶᠢᠨ ᠬᠡᠷᠡᠭᠯᠡᠯᠲᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠡᠶᠡᠯᠡᠭᠦᠯᠪᠡ᠃   ︵ᠬᠤᠶᠠᠷ︶ ᠭᠠᠵᠠᠷ ᠨᠡᠷᠡᠰ ᠤᠨ ᠤᠯᠠᠨ ᠨᠡᠶᠢᠳᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠪᠠ᠃ ︽ᠳᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ ᠬᠥᠲᠥᠯᠥᠮᠵᠢ ᠪᠣᠯᠭᠠᠵᠤ᠂ ᠡᠯ᠎ᠡ ᠱᠠᠲᠤᠨ ᠤ ᠭᠠᠵᠠᠷ ᠤᠨ ᠨᠡᠷᠡᠰ ᠤᠨ ᠬᠠᠮᠲᠤᠷᠠᠭᠰᠠᠨ ᠬᠤᠷᠠᠯ ᠤᠨ ᠳᠦᠷᠢᠮ ᠢ ᠨᠡᠶᠢᠲᠡᠯᠡᠬᠦ ᠶᠢ ᠢᠳᠡᠪᠬᠢᠲᠡᠢ ᠪᠠᠷ ᠠᠬᠢᠭᠤᠯᠵᠤ᠂ ᠬᠤᠰᠢᠭᠤ ᠰᠢᠶᠠᠨ ᠪᠣᠯᠣᠨ ᠰᠢᠶᠠᠩ ᠪᠠᠯᠭᠠᠰᠤ ᠰᠤᠮᠤ ᠬᠤᠶᠠᠷ ᠱᠠᠲᠤᠨ ᠤ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠪᠠᠶᠢᠷᠢᠯᠠᠭᠤᠯᠤᠯᠲᠠ᠂ ᠨᠢᠭᠡᠨᠲᠡ ᠬᠠᠶᠢᠨ ᠲᠣᠭᠲᠠᠭᠠᠭᠰᠠᠨ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠤᠨ ᠲᠤᠭ᠎ᠠ ᠪᠠᠷᠢᠮᠲᠠ᠂ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠲᠤᠭ᠎ᠠ ᠪᠠᠷᠢᠮᠲᠠ ᠵᠡᠷᠭᠡ ᠶᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠲᠣᠭᠲᠠᠭᠠᠯ ᠶᠣᠰᠣᠭᠠᠷ ᠲᠣᠰ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠭᠠᠵᠠᠷ ᠤᠨ ᠨᠡᠷᠡᠰ ᠤᠨ ︽ᠨᠢᠭᠡ ᠯᠠ ᠵᠢᠷᠤᠭ︾ ᠲᠤ ᠣᠷᠤᠭᠤᠯᠬᠤ ᠪᠠᠷ ᠴᠢᠷᠮᠠᠶᠢᠪᠠ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠦᠴᠢᠷ᠂ ᠬᠠᠤᠯᠢ ᠴᠠᠭᠠᠵᠠ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠠᠵᠢᠯ ᠢ ᠬᠠᠮᠲᠤᠷᠠᠨ ᠥᠷᠨᠢᠭᠦᠯᠪᠠ᠃ ᠣᠳᠣᠬᠠᠨ ᠳᠤ ᠰᠢᠯᠢ ᠶᠢᠨ ᠬᠤᠲᠠ ᠶᠢᠨ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠵᠥᠪᠯᠡᠯ ᠨᠢ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠪᠡᠶᠡᠯᠡᠭᠦᠯᠦᠨ ᠢᠯᠡᠳᠲᠡ ᠦᠷ᠎ᠡ ᠪᠦᠲᠦᠮᠵᠢ ᠣᠯᠪᠠ᠂ ᠡᠨᠡ ᠬᠦ ᠠᠷᠭ᠎ᠠ  ᠠᠪᠴᠠᠯ ᠨᠢ ᠠᠷᠠᠳ ᠤᠨ ᠶᠠᠪᠤᠳᠠᠯ ᠤᠨ ᠶᠠᠮᠤᠨ ᠤ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠠᠵᠢᠯ ᠤᠨ ᠨᠡᠶᠢᠲᠡᠯᠢᠭ  ᠠᠵᠢᠯᠯᠠᠭ᠎ᠠ ᠶᠢᠨ ᠵᠢᠱᠢᠶ᠎ᠡ ᠪᠠᠷ ᠰᠣᠩᠭᠤᠭᠲᠠᠭᠰᠠᠨ ᠪᠠᠶᠢᠨ᠎ᠠ᠃
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ ᠤᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号