︽ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡ —  ᠮᠠᠨ ᠤ ᠠᠵᠢᠯᠯᠠᠭ᠎ᠠ︾ ᠶᠢᠨ ᠭᠡᠬᠦ ᠰᠢᠷᠢᠰ ᠮᠡᠳᠡᠭᠡᠯᠡᠯ ︵ᠬᠤᠷᠢᠨ ᠳᠣᠯᠤᠭ᠎ᠠ︶
ᠨᠡᠶᠢᠲᠡᠯᠡᠭᠰᠡᠨ ᠴᠠᠭ᠄
2023/12/4
    ᠰᠢ ᠶᠢᠨ ᠫᠢᠩ ᠶᠡᠷᠦᠩᠬᠡᠢ ᠱᠦᠵᠢ ᠶᠢᠨ ᠭᠡᠷ ᠪᠦᠯᠢ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ  ᠶᠢ ᠭᠦᠨᠵᠡᠭᠡᠢ ᠨᠠᠶᠢᠳᠠᠪᠤᠷᠢᠵᠢᠭᠤᠯᠤᠨ᠂ ᠤᠯᠤᠰ ᠢᠶᠠᠨ ᠬᠠᠶᠢᠷᠠᠯᠠᠵᠤ ᠭᠡᠷ ᠢᠶᠠᠨ ᠬᠠᠶᠢᠷᠠᠯᠠᠬᠤ᠂ ᠬᠠᠷᠢᠯᠴᠠᠨ ᠬᠠᠶᠢᠷᠠᠯᠠᠬᠤ᠂ ᠥᠭᠡᠳᠡᠯᠡᠨ ᠳᠠᠪᠰᠢᠬᠤ᠂ ᠬᠠᠮᠳᠤ  ᠪᠠᠷ ᠪᠠᠶᠢᠭᠤᠯᠵᠤ ᠬᠤᠪᠢᠶᠠᠯᠴᠠᠬᠤ ᠨᠡᠶᠢᠭᠡᠮ ᠵᠢᠷᠤᠮ ᠤᠨ ᠭᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠪᠦᠷᠢᠯᠳᠦᠭᠦᠯᠬᠦ ᠶᠢ ᠠᠬᠢᠭᠤᠯᠬᠤ ᠶᠢᠨ ᠲᠦᠯᠤᠬᠡ ᠬᠥᠬᠡᠬᠤᠲᠠ᠂ ᠬᠢᠩᠭᠠᠨ ᠠᠶᠢᠮᠠᠭ᠂ ᠰᠢᠯᠢ ᠶᠢᠨ ᠭᠤᠣᠯ ᠠᠶᠢᠮᠠᠭ ᠵᠡᠷᠭᠡ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠤᠷᠴᠢᠮ ᠳᠤ ᠲᠤᠬᠠᠢ ᠶᠢᠨ ᠭᠠᠵᠠᠷ ᠤᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠴᠡᠭ ᠢ ᠳᠡᠮᠵᠢᠨ ᠵᠣᠷᠢᠭᠵᠢᠭᠤᠯᠵᠤ᠂ ᠭᠡᠷ ᠪᠦᠯᠢ ᠶᠢᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠲᠠᠶᠢᠯᠤᠮᠵᠢ᠂ ᠣᠷᠤᠭ ᠭᠡᠷ ᠪᠦᠯᠢ ᠶᠢᠨ ᠬᠠᠪᠰᠤᠷᠤᠨ ᠵᠢᠯᠣᠭᠤᠳᠤᠯᠭ᠎ᠠ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠦᠷᠨᠢᠬᠦᠯᠤᠬᠡᠳ᠂ ᠬᠠᠷᠢᠶ᠎ᠠ ᠭᠠᠵᠠᠷ ᠤᠨ ᠢᠶᠠᠨ ᠰᠠᠭᠤᠭᠠᠯᠢᠴᠢᠳ ᠢ ᠵᠢᠯᠤᠭᠤᠳᠴᠤ ᠪᠠᠶᠢᠭᠠᠳ ᠵᠥᠪ ᠣᠨᠣᠪᠴᠢᠲᠠᠶ ᠰᠤᠷᠭᠠᠨ ᠬᠥᠮᠦᠵᠢᠯ ᠤᠨ ᠦᠵᠡᠯᠲᠡ᠂ ᠣᠷᠤᠭ  ᠬᠤᠷᠢᠮ ᠤᠨ ᠦᠵᠡᠯᠲᠡ᠂ ᠭᠡᠷ ᠪᠦᠯᠢ ᠶᠢᠨ ᠦᠵᠡᠯᠲᠡ ᠲᠠᠢ ᠪᠣᠯᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠯᠠᠭᠤᠨ ᠬᠦᠷᠢᠶᠡᠯᠡᠯ ᠢ ᠣᠯᠣᠭᠰᠠᠨ ᠪᠠᠶᠢᠨ᠎ᠠ᠃
W020231201388846425224.png
     ᠬᠥᠬᠡᠬᠤᠲᠠ ᠶᠢᠨ ᠮᠦ ᠰᠢᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠤᠨ ᠬᠢᠨ ᠨᠢ ᠬᠤᠳᠤᠩᠴᠤᠳ  ᠤᠨ  ᠲᠣᠭᠤᠷᠢᠭ ᠤᠨ ᠶᠤᠤᠮᠠᠢ ᠶᠢᠨ ᠪᠠᠶᠢᠰᠢᠩ ᠪᠠᠯᠭᠠᠰᠤ ᠶᠢᠨ ᠴᠠᠭᠠᠨ ᠪᠠᠶᠢᠰᠢᠩ  ᠨᠡᠶᠢᠬᠡᠮ ᠲᠣᠭᠤᠷᠢᠭ ︵攸板镇厂汉板社区︶ ᠤᠨ ᠰᠠᠭᠤᠭᠠᠯᠢ ᠠᠷᠠᠳ ᠤᠨ ᠵᠥᠪᠯᠡᠯ ᠤᠨ ᠬᠢᠨ ᠲᠠᠢ ᠬᠠᠮᠲᠤ ᠪᠠᠷ ᠭᠡᠷ ᠪᠦᠯᠢ ᠶᠢᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠲᠠᠶᠢᠯᠤᠮᠵᠢ ᠥᠷᠨᠢᠭᠦᠯᠵᠡᠢ᠃ ᠨᠡᠶᠢᠭᠡᠮ ᠤᠨ ᠠᠵᠢᠯᠲᠠᠨ ᠪᠠ ᠰᠠᠶᠢᠨ ᠲᠤᠷᠠᠴᠤᠤᠯ‌‍ᠬᠡᠷᠡᠭ ᠤᠨ ᠵᠢᠱᠢᠶ᠎ᠡ ᠶᠢ ᠵᠠᠳᠠᠯᠬᠤ ᠪᠠ ᠠᠬᠤᠢ ᠪᠠᠶᠢᠳᠠᠯ ᠢ ᠳᠠᠬᠢᠨ ᠢᠯᠡᠷᠡᠭᠦᠯᠬᠦ ᠪᠠᠷ ᠳᠠᠮᠵᠢᠭᠤᠯᠤᠨ᠂ ᠠᠳᠠᠯᠢ ᠪᠤᠰᠤ ᠬᠠᠷᠢᠯᠴᠠᠭᠠᠨ ᠤ ᠠᠷᠭ᠎ᠠ ᠠᠴᠠ ᠪᠣᠯᠤᠭᠰᠠᠨ ᠵᠦᠷᠢᠶᠡᠴᠢᠯᠡᠭᠰᠡᠨ ᠦᠷ᠎ᠡ ᠳ᠋ᠦᠩ ᠢ ᠠᠮᠢᠳᠤᠯᠢᠭ ᠢᠶᠠᠷ ᠳᠡᠯᠭᠡᠷᠡᠭᠦᠯᠦᠨ᠂ ᠰᠠᠶᠢᠨ ᠰᠠᠶᠢᠬᠠᠨ ᠭᠡᠷ ᠪᠦᠯᠢ ᠶᠢᠨ ᠠᠭᠤᠷ ᠠᠮᠢᠰᠬᠤᠯ ᠢ ᠪᠣᠶ ᠪᠣᠯᠭᠠᠬᠤ ᠨᠢ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠴᠢᠬᠤᠯᠠ ᠠᠴᠢ ᠬᠤᠯᠪᠣᠭᠳᠠᠯ ᠲᠠᠢ ᠭᠡᠳᠡᠭ ᠢ ᠭᠡᠷ ᠤᠨ ᠠᠬᠠᠮᠠᠳ ᠲᠤ ᠭᠦᠢᠴᠡᠳ ᠲᠠᠨᠢᠭᠤᠯᠵᠤ᠂ ᠮᠠᠰᠢ ᠰᠠᠶᠢᠨ ᠠᠵᠢᠯᠯᠠᠭᠠᠨ ᠤ ᠦᠷ᠎ᠡ ᠪᠦᠲᠦᠮᠵᠢ ᠣᠯᠣᠭᠰᠠᠨ ᠪᠠᠶᠢᠨ᠎ᠠ᠃
          W020231201388846507820.png
     ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ ᠨᠡᠶᠢᠭᠡᠮ ᠤᠨ ᠠᠵᠤ ᠦᠢᠯᠡᠳᠪᠦᠷᠢ ᠶᠢᠨ ᠦᠷᠳᠡᠭᠡ ᠲᠦᠴᠢᠦᠸᠠᠨ ᠰᠢᠶᠠᠨ ᠤ ᠰᠢᠨᠬᠤᠸᠠ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠬᠢᠨ ᠲᠠᠢ ᠬᠠᠮᠲᠤᠷᠠᠨ ︽ᠭᠡᠷ ᠪᠦᠯᠢ ᠪᠠ ᠨᠡᠶᠢᠭᠡᠮ ᠲᠤᠭᠤᠷᠢᠭ ᠤᠨ ᠬᠢᠨ ᠬᠠᠮᠳᠤ ᠪᠠᠷ ᠪᠣᠶᠢᠵᠢᠭᠤᠯᠵᠤ᠂ ᠬᠦᠰᠡᠯ ᠵᠡᠭᠦᠳᠦ ᠶᠢ ᠨᠢ ᠵᠢᠷᠤᠬᠯᠠᠵᠤ ᠠᠯᠤᠰ ᠤᠨ ᠠᠶᠠᠨ ᠳᠤ ᠲᠦᠷᠤᠬᠡᠯᠡᠬᠦᠯᠬᠦ︾ ᠭᠡᠷ ᠪᠦᠯᠢ ᠶᠢᠨ ᠬᠥᠮᠦᠵᠢᠯ ᠤᠨ ᠳᠤᠭᠤᠶᠢᠯᠠᠩ ᠤᠨ ᠠᠵᠢᠯᠯᠠᠭ᠎ᠠ ᠶᠢ ᠥᠷᠨᠢᠭᠦᠯᠵᠡᠢ᠃ ᠭᠡᠷ ᠪᠦᠯᠢ ᠶᠢᠨ ᠬᠥᠮᠦᠵᠢᠯ ᠤᠨ ᠲᠤᠰᠬᠠᠢ ᠮᠡᠷᠭᠡᠵᠢᠯᠲᠡᠨ ᠳᠤᠭᠤᠶᠢᠯᠠᠩ ᠤᠨ ᠪᠦᠷᠢᠯᠳᠦᠭᠦᠨ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠬᠡᠷᠡᠭ ᠤᠨ ᠵᠢᠱᠢᠶ᠎ᠡ ᠶᠢᠨ ᠵᠠᠳᠠᠯᠤᠯᠲᠠ᠂ ᠮᠡᠳᠡᠯᠭᠡ ᠶᠢᠨ ᠤᠬᠠᠭᠤᠯᠭ᠎ᠠ ᠬᠢᠵᠦ᠂ ᠭᠡᠷ ᠪᠦᠯᠢ ᠪᠠ ᠨᠡᠶᠢᠭᠡᠮ ᠲᠣᠭᠤᠷᠢᠭ ᠤᠨ ᠬᠡᠦᠬᠡᠳ ᠤᠨ ᠦᠰᠦᠨ ᠪᠤᠶᠢᠵᠢᠯᠲᠠ ᠶᠢᠨ ᠳᠤᠮᠳᠠᠬᠢ ᠴᠢᠬᠤᠯᠠ ᠦᠢᠯᠡᠳᠦᠯ ᠢ ᠲᠣᠳᠣᠷᠬᠠᠶᠢᠯᠠᠨ ᠥᠭᠦᠯᠡᠵᠦ᠂ ᠨᠡᠶᠢᠭᠡᠮ ᠲᠣᠭᠤᠷᠢᠭ ᠪᠠ ᠭᠡᠷ ᠪᠦᠯᠢ ᠬᠤᠯᠪᠤᠭᠠᠯᠠᠨ ᠰᠠᠶᠢᠨ ᠰᠠᠶᠢᠬᠠᠨ ᠬᠥᠮᠥᠵᠢᠭᠦᠯᠬᠦ ᠣᠷᠴᠢᠨ ᠨᠥᠬᠦᠴᠡᠯ ᠢ ᠪᠣᠶ ᠪᠣᠯᠭᠠᠬᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ᠃
W020231201388846576627.png
ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠣᠷᠤᠭ ᠲᠠᠩᠰᠠᠯᠠᠬᠤ ᠭᠠᠵᠠᠷ ᠤᠨ ᠬᠢᠨ ︽ᠬᠠᠶᠢᠷᠠᠳᠠᠢ︾ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠤᠷᠰᠢᠶ᠎ᠠ ᠶᠢᠨ ᠬᠢᠨ ᠲᠠᠢ ᠬᠠᠮᠲᠤᠷᠠᠨ ᠣᠷᠤᠭ ᠭᠡᠷ ᠪᠦᠯᠢ ᠶᠢᠨ ᠬᠠᠪᠰᠤᠷᠤᠨ ᠵᠢᠯᠤᠭᠤᠳᠬᠤ ᠠᠵᠢᠯᠯᠠᠭ᠎ᠠ ᠥᠷᠨᠢᠭᠦᠯᠪᠡ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号