ᠬᠥᠬᠡᠬᠤᠲᠠ ᠶᠢᠨ ᠬᠢᠨ 2023 ᠣᠨ ᠤ ︽ᠬᠠᠯᠠᠭᠤᠨ ᠲᠤᠯᠠᠭᠠᠨ ᠡᠪᠤᠯᠵᠢᠬᠦᠯᠬᠦ︾ ᠲᠤᠰᠬᠠᠢ ᠲᠤᠰᠠᠯᠠᠮᠵᠢ ᠶᠢᠨ ᠠᠵᠢᠯᠯᠠᠭ᠎ᠠ ᠶᠢ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/4
    2023 ᠣᠨ ᠤ ︽ᠬᠠᠯᠠᠭᠤᠨ ᠲᠤᠯᠠᠭᠠᠨ ᠡᠪᠤᠯᠵᠢᠬᠦᠯᠬᠦ︾ ᠲᠤᠰᠬᠠᠢ ᠲᠤᠰᠠᠯᠠᠮᠵᠢ ᠶᠢᠨ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠢ 11 ᠳ᠋ᠤᠬᠡᠷ ᠰᠠᠷ᠎ᠠ ᠶᠢᠨ 29 ᠬᠥᠬᠡᠬᠤᠲᠠ ᠶᠢᠨ ᠵᠠᠰᠠᠭ ᠤᠨ ᠣᠷᠳᠣᠨ ᠳᠤ ᠬᠤᠷᠠᠯᠳᠤᠭᠤᠯᠤᠯ᠎ᠠ᠃ ᠬᠦᠬᠡᠬᠤᠳᠠ ᠶᠢᠨ ᠲᠡᠳ᠋ ᠲᠠᠷᠤᠭ᠎ᠠ ᠮᠠ ᠪᠢᠩ ᠴᠢᠤᠸᠠᠨ ᠬᠤᠷᠠᠯ ᠢ ᠡᠷᠭᠢᠯᠡᠵᠦ᠂ ᠬᠦᠬᠡᠬᠤᠳᠠ  ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠶᠠᠩ ᠶᠦᠩ᠂ ᠬᠦᠬᠡᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠦᠬᠡᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠦᠬᠡᠬᠤᠳᠠ ᠶᠢᠨ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠦᠬᠡᠬᠤᠳᠠ  ᠶᠢᠨ ᠪᠠᠴᠢᠮ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂  ᠬᠦᠬᠡᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠦᠬᠡᠬᠤᠳᠠ ᠶᠢᠨ ᠵᠠᠬ᠎ᠠ ᠳᠡᠯᠭᠡᠭᠦᠷ ᠲᠤ ᠬᠢᠨᠠᠯᠲᠠ ᠬᠠᠮᠢᠶᠠᠷᠤᠯᠲᠠ ᠲᠠᠯᠪᠢᠬᠤ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠡᠯ᠎ᠡ ᠬᠤᠰᠢᠭᠤ ᠰᠢᠶᠠᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠣᠷᠣᠯᠴᠠᠵᠠᠢ᠃
W020231130557107973097_ORIGIN.jpg
    ᠬᠤᠷᠠᠯ ᠳᠡᠭᠡᠷ᠎ᠡ ᠬᠦᠬᠡᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ ᠵᠠᠩ ᠭᠦᠸᠧ ᠹᠦ᠋ 2023 ᠣᠨ ᠤ ︽ᠬᠠᠯᠠᠭᠤᠨ ᠲᠤᠯᠠᠭᠠᠨ ᠡᠪᠤᠯᠵᠢᠬᠦᠯᠬᠦ︾ ᠲᠤᠰᠬᠠᠢ ᠲᠤᠰᠠᠯᠠᠮᠵᠢ ᠶᠢᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ᠢ ᠲᠤᠳᠤᠷᠬᠠᠶᠢᠯᠠᠵᠤ᠂ ᠬᠥᠬᠡᠬᠤᠲᠠ ᠶᠢᠨ ︽ᠬᠠᠯᠠᠭᠤᠨ ᠲᠤᠯᠠᠭᠠᠨ ᠡᠪᠤᠯᠵᠢᠬᠦᠯᠬᠦ︾ ᠲᠤᠰᠬᠠᠢ ᠲᠤᠰᠠᠯᠠᠮᠵᠢ ᠶᠢᠨ ᠠᠵᠢᠯ ᠤᠨ ᠲᠤᠰᠬᠠᠢ ᠠᠩᠭᠢ ᠪᠠᠶᠢᠭᠤᠯᠤᠭᠰᠠᠨ ᠪᠥᠭᠡᠳ ᠲᠤᠰᠬᠠᠢ  ᠲᠤᠰᠠᠯᠠᠮᠵᠢ ᠶᠢᠨ ᠠᠵᠢᠯᠯᠠᠭ᠎ᠠ  ᠶᠢ ᠪᠠᠶᠢᠷᠢᠯᠠᠭᠤᠯᠵᠤ᠂ ᠬᠤᠷᠠᠯ ᠳᠤ ᠣᠷᠣᠯᠴᠠᠭᠰᠠᠨ ᠡᠯ᠎ᠡ ᠨᠢᠬᠡᠴᠢ ᠶᠢᠨ ᠬᠢᠨ ᠣᠪᠣᠷ ᠢᠶᠠᠨ ᠢᠯᠡᠳᠬᠡᠪᠡ᠃
W020231130557108001830_ORIGIN.jpg
    ᠬᠦᠬᠡᠬᠤᠳᠠ ᠶᠢᠨ ᠲᠡᠳ᠋ ᠲᠠᠷᠤᠭ᠎ᠠ ᠮᠠ ᠪᠢᠩ ᠴᠢᠤᠸᠠᠨ 10 ᠵᠢᠯ ᠤᠨ ᠲᠤᠷᠰᠢᠬᠢ ᠲᠤᠰᠬᠠᠢ ᠲᠤᠰᠠᠯᠠᠮᠵᠢ ᠶᠢᠨ ᠠᠵᠢᠯ ᠢ ᠨᠤᠲᠠᠯᠠᠵᠤ᠂ ᠲᠤᠰᠬᠠᠢ ᠲᠤᠰᠠᠯᠠᠮᠵᠢ ᠶᠢᠨ ᠠᠵᠢᠯᠯᠠᠭ᠎ᠠ ᠥᠷᠨᠢᠭᠦᠯᠬᠦ ᠪᠣᠯ ᠰᠢ ᠶᠢᠨ ᠫᠢᠩ ᠶᠡᠷᠦᠩᠬᠡᠢ ᠱᠦᠵᠢ  ᠶᠢᠨ  ᠬᠦᠴᠢᠷᠳᠡᠯ ᠲᠠᠢ ᠣᠯᠠᠨ ᠲᠦᠮᠡᠨ ᠢ ᠬᠠᠯᠠᠮᠵᠢᠯᠠᠬᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠮᠥᠨ᠂ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠪᠠᠲᠤᠯᠠᠬᠤ᠂ ᠪᠠᠴᠢᠮ ᠬᠦᠴᠢᠷᠳᠡᠯᠳᠡᠶᠢᠴᠤᠳ ᠢ ᠠᠪᠤᠷᠠᠬᠤ ᠡᠭᠦᠷᠭᠡ ᠴᠢᠳᠠᠪᠤᠷᠢ ᠪᠠᠨ ᠭᠦᠢᠴᠡᠳᠬᠡᠬᠦ ᠶᠢᠨ ᠴᠢᠬᠤᠯᠠ ᠱᠠᠭᠠᠷᠳᠠᠯᠭ᠎ᠠ ᠮᠥᠨ᠃ ᠡᠯ᠎ᠡ ᠰᠠᠯᠠᠭ᠎ᠠ ᠮᠥᠴᠢᠷ ᠤᠨ ᠬᠢᠨ ᠲᠤᠰᠬᠠᠢ ᠲᠤᠰᠠᠯᠠᠮᠵᠢ ᠶᠢᠨ ᠠᠵᠢᠯᠯᠠᠭ᠎ᠠ ᠶᠢ ᠴᠢᠬᠤᠯᠠᠴᠢᠯᠠᠵᠤ᠂ ᠵᠡᠭᠡᠯᠢ ᠭᠤᠳᠤᠮᠵᠢ ᠪᠠᠷ ᠲᠣᠭᠤᠷᠢᠨ ᠪᠠᠶᠢᠴᠠᠭᠠᠬᠤ ᠡᠷᠴᠢᠮ ᠢᠶᠠᠨ ᠬᠦᠴᠦ ᠪᠠᠨ ᠬᠠᠮᠲᠤᠳᠬᠠᠨ ᠴᠢᠩᠭᠠᠷᠠᠭᠤᠯᠵᠤ᠂ ᠲᠥᠷᠥᠯ ᠬᠤᠪᠢᠶᠠᠨ ᠲᠤᠰᠠᠯᠠᠬᠤ ᠶᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠪᠠᠷ ᠬᠡᠷᠡᠭᠵᠢᠭᠦᠯᠵᠦ᠂ ᠲᠤᠰᠠᠯᠠᠮᠵᠢ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ᠂ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠥᠰ ᠵᠡᠷᠭᠡ ᠡᠯ᠎ᠡ ᠲᠥᠷᠥᠯ ᠤᠨ ᠲᠦᠷ ᠴᠠᠭ ᠬᠦᠴᠢᠷᠳᠡᠯ ᠳᠤ ᠲᠤᠯᠭᠠᠷᠠᠭᠰᠠᠨ ᠬᠥᠮᠥᠰ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠢ ᠬᠡᠵᠡᠢ᠃
W020231130557108033201_ORIGIN.jpg
    ᠬᠤᠷᠠᠯ  ᠲᠡᠬᠡᠷ᠎ᠡ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠠᠷᠠᠳ ᠤᠨ ᠶᠠᠪᠤᠳᠠᠯ ᠤᠨ ᠬᠢᠨ ᠲᠦᠷᠦᠭᠦᠯᠡᠭᠦᠯᠬᠦ᠂ ᠰᠠᠯᠠᠭ᠎ᠠ ᠮᠥᠴᠢᠷ ᠤᠨ ᠬᠢᠨ ᠬᠠᠷᠢᠭᠤᠴᠠᠬᠤ᠂ ᠨᠡᠶᠢᠭᠡᠮ ᠤᠨ ᠬᠢᠨ ᠣᠷᠣᠯᠴᠠᠬᠤ ᠠᠵᠢᠯ ᠤᠨ ᠲᠣᠭᠲᠠᠴᠠ ᠶᠢ ᠪᠦᠷᠢᠯᠳᠦᠭᠦᠯᠵᠦ᠂ ︽ᠬᠠᠯᠠᠭᠤᠨ ᠲᠤᠯᠠᠭᠠᠨ ᠡᠪᠤᠯᠵᠢᠬᠦᠯᠬᠦ︾ ᠲᠤᠰᠬᠠᠢ ᠠᠵᠢᠯᠯᠠᠭ᠎ᠠ ᠶᠢ ᠯᠠᠪᠳᠠᠭᠤᠨ ᠪᠦᠲᠦᠮᠵᠢᠲᠡᠢ ᠥᠷᠨᠢᠭᠦᠯᠬᠦ ᠶᠢ ᠪᠠᠲᠤᠯᠠᠬᠤ ᠬᠡᠷᠡᠭᠲᠡᠢ᠃ ᠡᠯ᠎ᠡ ᠨᠢᠬᠡᠴᠢ ᠶᠢᠨ ᠬᠢᠨ ᠲᠣᠰ ᠲᠣᠰ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠲᠣᠰ ᠰᠢᠰᠲ᠋ᠧᠮ ᠤᠨ ᠢᠶᠠᠨ ︽ᠬᠠᠯᠠᠭᠤᠨ ᠲᠤᠯᠠᠭᠠᠨ ᠡᠪᠤᠯᠵᠢᠬᠦᠯᠬᠦ︾ ᠠᠵᠢᠯ ᠢ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠬᠤ ᠬᠡᠷᠡᠭᠲᠡᠢ᠃ ᠪᠦᠲᠦᠮᠵᠢᠲᠡᠶ ᠤᠬᠠᠭᠤᠯᠭ᠎ᠠ ᠶᠢᠨ ᠬᠡᠯᠪᠡᠷᠢ ᠪᠠ ᠤᠯᠠᠮᠵᠢᠯᠠᠬᠤ ᠲᠠᠪᠴᠠᠩ ᠢ ᠭᠦᠢᠴᠡᠳ ᠬᠡᠷᠡᠭᠯᠡᠨ᠂    ᠲᠤᠰᠠᠯᠠᠮᠵᠢ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠪᠠ ᠬᠠᠯᠠᠭᠤᠨ ᠲᠤᠯᠠᠭᠠᠨ ᠡᠪᠤᠯᠵᠢᠬᠦᠯᠬᠦ ᠠᠷᠭ᠎ᠠ ᠶᠢ ᠥᠷᠭᠡᠨ ᠢᠶᠠᠷ ᠤᠬᠠᠭᠤᠯᠵᠤ᠂ ᠣᠯᠠᠨ ᠲᠦᠮᠡᠨ ᠪᠤᠶᠤ ᠲᠡᠨᠦᠭᠦᠴᠢᠯᠡᠨ ᠭᠤᠶᠢᠷᠠᠨᠴᠢᠯᠠᠬᠰᠠᠳ ᠤᠨ ᠰᠠᠨᠠᠭᠠᠴᠢᠯᠠᠭ᠎ᠠ ᠠᠴᠠ ᠪᠠᠨ ᠲᠤᠰᠠᠯᠠᠮᠵᠢ ᠭᠤᠶᠤᠴᠢᠯᠠᠬᠤ ᠶᠢ ᠲᠠᠶᠢᠴᠢᠯᠠᠬᠤ ᠬᠡᠷᠡᠭᠲᠡᠢ᠃ ᠲᠤᠰᠠᠯᠠᠮᠵᠢ ᠶᠢᠨ ᠦᠢᠯᠡᠴᠢᠯᠡᠭᠡᠨ ᠤ ᠠᠷᠭ᠎ᠠ ᠵᠠᠮ ᠪᠠ ᠠᠵᠢᠯ ᠤᠨ ᠦᠷ᠎ᠡ ᠪᠦᠲᠦᠮᠵᠢ ᠶᠢ ᠨᠡᠶᠢᠭᠡᠮ ᠤᠨ ᠡᠯ᠎ᠡ ᠡᠲᠡᠭᠡᠳ ᠲᠤ ᠮᠡᠳᠡᠭᠦᠯᠵᠦ᠂ ᠪᠠᠭᠤᠷᠠᠶᠢᠴᠤᠳ ᠢ ᠨᠡᠶᠢᠬᠡᠮ ᠲᠠᠶᠠᠭᠠᠷ ᠢᠶᠠᠨ  ᠬᠠᠯᠠᠮᠵᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠬᠤ ᠬᠡᠷᠡᠭᠳᠡᠢ ᠭᠡᠵᠦ ᠱᠠᠭᠠᠷᠳᠠᠪᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号