ᠴᠠᠢ ᠶᠢᠨ ᠰᠣᠶᠣᠯ ᠢᠶᠠᠷ ᠡᠮᠡᠭᠲᠡᠶᠢᠴᠦᠳ ᠤᠨ ᠥᠩᠭᠡ ᠭᠢᠯᠪᠠᠭ᠎ᠠ ᠶᠢ ᠭᠠᠶᠢᠬᠠᠭᠤᠯᠪᠠ    ​ — ᠥᠪᠡᠷᠲᠡᠭᠡᠨ ᠵᠠᠰᠠᠬᠤ ᠣᠷᠣᠨ ᠤ ᠡᠷᠡᠭᠦᠯᠵᠢᠯ ᠤᠨ ᠲᠤᠰᠠᠯᠠᠬᠤ ᠪᠠᠭᠠᠵᠢ ᠶᠢᠨ ᠲᠥᠪ ᠤᠨ ᠠᠵᠢᠯᠴᠢᠨ ᠤ ᠡᠪᠯᠡᠯ ᠤᠨ ᠬᠢᠨ ︽3 .8︾ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠠᠵᠢᠯᠯᠠᠭ᠎ᠠ ᠥᠷᠨᠢᠭ᠊
ᠨᠡᠶᠢᠲᠡᠯᠡᠭᠰᠡᠨ ᠴᠠᠭ᠄
2023/3/11
                                                  ᠸᠠᠩ ᠵᠧ ᠮᠡᠳᠡᠭᠡᠯᠡᠪᠡ                                                 ᠮᠦᠴᠢᠷ ᠤᠷᠴᠢᠭᠤᠯᠪᠠ    ᠡᠪᠡᠰᠦ ᠮᠣᠳᠣ ᠬᠦᠬᠡᠷᠡᠨ ᠨᠤᠭᠤᠭᠠᠷᠠᠵᠤ᠂ ᠬᠠᠪᠤᠷ ᠤᠨ ᠠᠮᠢᠵᠢᠷᠠᠯ ᠪᠢᠯᠬᠠᠬᠰᠠᠨ ᠭᠤᠷᠪᠠᠳᠤᠭᠠᠷ ᠰᠠᠷ᠎ᠠ ᠳᠤ ᠪᠢᠳᠡ ︽3·8︾  ᠤ ᠳᠡᠯᠡᠬᠡᠢ ᠶᠢᠨ ᠬᠥᠳᠡᠯᠮᠦᠷᠢᠴᠢᠨ ᠡᠮᠡᠭᠳᠡᠶᠢᠴᠤᠳ ᠤᠨ ᠪᠠᠶᠠᠷ ᠢ ᠤᠭᠲᠤᠨ ᠠᠪᠴᠢᠷᠠᠯ᠎ᠠ᠃ ᠡᠨᠡ ᠬᠦ ᠪᠠᠶᠠᠷ ᠤᠨ ᠡᠳᠦᠷ ᠲᠤ ᠲᠤᠬᠢᠶᠠᠯᠳᠤᠭᠤᠯᠤᠨ ᠡᠷᠡᠬᠦᠯᠵᠢᠯ ᠤᠨ ᠲᠤᠰᠠᠯᠠᠬᠤ ᠪᠠᠭᠠᠵᠢ ᠶᠢᠨ ᠲᠥᠪ ᠤᠨ ᠡᠮᠡᠭᠲᠡᠢ ᠺᠠᠳ᠋ᠷ ᠠᠵᠢᠯᠲᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠬᠤ ᠶᠢᠨ ᠲᠥᠯᠥᠭᠡ᠂ 2023 ᠣᠨ ᠤ 3 ᠳ᠋ᠤᠭᠠᠷ ᠰᠠᠷ᠎ᠠ ᠶᠢᠨ 8 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯᠵᠢᠯ ᠤᠨ ᠲᠤᠰᠠᠯᠠᠬᠤ ᠪᠠᠭᠠᠵᠢ ᠶᠢᠨ ᠲᠥᠪ ᠤᠨ ᠠᠵᠢᠯᠴᠢᠨ ᠤ ᠡᠪᠯᠡᠯ ᠤᠨ  ᠬᠢᠨ ᠪᠦᠬᠦ ᠡᠮᠡᠭᠲᠡᠢ ᠠᠵᠢᠯᠲᠠᠨ ᠢ ᠵᠣᠬᠢᠶᠠᠨ ᠪᠠᠶᠢᠭᠤᠯᠵᠤ ︽ᠴᠠᠢ ᠶᠢᠨ ᠰᠣᠶᠣᠯ ᠢᠶᠠᠷ ᠡᠮᠡᠭᠲᠡᠶᠢᠴᠦᠳ ᠤᠨ ᠥᠩᠭᠡ ᠬᠢᠯᠪᠠᠭ᠎ᠠ ᠶᠢ ᠭᠠᠶᠢᠬᠠᠭᠤᠯᠬᠤ︾ ᠭᠤᠣᠯ ᠰᠡᠳᠦᠪᠲᠦ ᠴᠠᠢ ᠶᠢᠨ ᠤᠷᠠᠯᠢᠭ ᠤᠨ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠪᠡ᠃    ᠠᠵᠢᠯᠯᠠᠭᠠᠨ ᠤ ᠲᠤᠬᠠᠢ ᠶᠢᠨ ᠲᠠᠯᠠᠪᠤᠷ ᠲᠤ ᠴᠠᠶᠢᠴᠢᠨ ᠪᠦᠰᠡᠬᠦᠢ ᠬᠠᠷ᠎ᠠ ᠴᠠᠢ ᠶᠢᠨ ᠲᠡᠦᠬᠡ ᠰᠣᠶᠣᠯ ᠢ ᠨᠠᠷᠢᠨ ᠲᠠᠶᠢᠯᠪᠤᠷᠢᠯᠠᠵᠤ᠂ ᠴᠠᠢ ᠶᠢᠨ ᠲᠤᠬᠠᠢ ᠶᠣᠰᠣ ᠵᠢᠷᠤᠮ ᠪᠠ ᠴᠠᠢ  ᠪᠦᠷᠢᠬᠦ ᠠᠷᠭ᠎ᠠ ᠶᠢ ᠲᠠᠨᠢᠯᠴᠠᠭᠤᠯᠪᠠ᠃ ᠲᠤᠰ ᠠᠵᠢᠯᠯᠠᠭ᠎ᠠ ᠳᠤ ᠣᠷᠣᠯᠴᠠᠭᠰᠠᠨ ᠡᠮᠡᠭᠲᠡᠢ ᠠᠵᠢᠯᠲᠠᠳ ᠴᠠᠢ ᠶᠢᠨ ᠰᠣᠶᠣᠯ ᠳᠤ ᠰᠤᠬᠳᠤᠭᠤᠷᠠᠬᠤ ᠶᠢᠨ ᠡᠷᠬᠡ ᠪᠠᠷ ᠦᠪᠡᠷᠰᠡᠳ ᠢᠶᠠᠨ ᠴᠠᠢ ᠪᠦᠷᠢᠵᠤ᠂ ᠰᠠᠶ᠋ᠢᠬᠠᠨ ᠰᠣᠷᠣᠭᠰᠠᠨ ᠴᠠᠢ ᠠᠮᠲᠠᠯᠠᠬᠤ ᠠᠷᠭ᠎ᠠ ᠪᠠᠷ ᠢᠶᠠᠨ ᠴᠠᠢ ᠶᠢᠨ ᠠᠩᠬᠢᠯᠤᠮ᠎ᠠ ᠰᠠᠶᠢᠬᠠᠨ ᠦᠨᠦᠷ ᠠᠮᠲᠠ ᠶᠢ ᠠᠮᠲᠠᠯᠠᠵᠤ᠂ ᠳᠤᠮᠳᠠᠳᠤ ᠤᠯᠤᠰ ᠤᠨ ᠴᠠᠢ ᠶᠢᠨ ᠰᠣᠶᠣᠯ ᠳᠤ ᠤᠯᠠᠮ ᠬᠦᠨ ᠣᠶᠢᠯᠠᠭᠠᠯᠲᠠ ᠲᠠᠢ ᠪᠣᠯᠤᠭᠰᠠᠨ ᠪᠠᠶᠢᠨ᠎ᠠ᠃    ᠡᠨᠡ ᠬᠦ ᠪᠣᠯᠪᠠᠰᠤᠷᠠᠯ ᠢᠶᠠᠷ ᠳᠠᠮᠵᠢᠨ ᠬᠦᠮᠦᠰ ᠴᠠᠢ ᠶᠢᠨ ᠰᠣᠶᠣᠯ ᠤᠨ ᠦᠨᠢ ᠤᠳᠠᠭᠠᠨ ᠲᠡᠤᠬᠡ ᠶᠢ ᠣᠶᠢᠯᠠᠭᠠᠭᠰᠠᠨ ᠢᠶᠠᠷ ᠪᠠᠷᠠᠬᠤ ᠦᠭᠡᠢ᠂ ᠴᠠᠢ ᠶᠢᠨ ᠤᠷᠠᠯᠢᠭ ᠤᠨ ᠲᠤᠬᠠᠢ ᠮᠡᠳᠡᠯᠭᠡ ᠶᠢ ᠬᠦᠷᠳᠡᠪᠡ᠃ ᠲᠡᠷᠡᠴᠢᠯᠡᠨ ᠪᠠᠶᠠᠷ ᠤᠨ ᠡᠳᠤᠷ ᠤᠨ ᠰᠠᠶᠢᠨ ᠰᠠᠶᠢᠬᠠᠨ ᠵᠦᠡᠭᠨᠡᠯ ᠢ ᠲᠠᠮᠵᠢᠭᠤᠯᠵᠤ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠷᠡᠬᠦᠯᠵᠢᠯ ᠤᠨ ᠲᠤᠰᠠᠯᠠᠬᠤ ᠪᠠᠭᠠᠵᠢ ᠶᠢᠨ ᠲᠦᠪ ᠤᠨ ᠬᠢᠨ ᠤ ᠪᠦᠬᠦ ᠡᠮᠡᠭᠳᠡᠢ ᠠᠵᠢᠯᠳᠠᠳ ᠤᠨ ᠡᠷᠡᠬᠦᠯ ᠴᠤᠬᠯᠢᠭ ᠦᠡᠭᠭᠡ ᠲᠦᠷᠬᠦ ᠶᠢ ᠬᠦᠢᠴᠡᠳ ᠢᠯᠡᠷᠡᠬᠦᠯᠬᠦ ᠶᠢᠨ ᠬᠠᠮᠳᠤ ᠠᠵᠢᠯ ᠤᠨ ᠠᠯᠵᠢᠶᠠᠯ ᠢ ᠨᠢ ᠲᠠᠶᠢᠯᠬᠤ ᠶᠢᠨ ᠲᠠᠰᠢᠷᠠᠮ ᠳᠤ ᠠᠵᠢᠯ ᠳᠤ ᠪᠠᠨ ᠤᠯᠠᠮ ᠬᠤᠪᠢ ᠨᠡᠮᠡᠷᠢ ᠦᠵᠡᠬᠦᠯᠬᠦ ᠬᠠᠯᠠᠭᠤᠨ ᠰᠡᠳᠬᠢᠯ᠂ ᠡᠷᠴᠢ ᠵᠤᠷᠢᠭ ᠢ ᠨᠢ ᠬᠦᠪᠴᠢᠯᠡᠭᠰᠡᠨ ᠪᠠᠶᠢᠨ᠎ᠠ ᠃
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ ᠤᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号