ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2023/3/16
ᠰᠦᠨ ᠱᠤᠤ ᠴᠧᠩ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠢ  ᠸᠠᠩ ᠯᠢ ᠰᠢᠶᠠ  ᠵᠠᠩ ᠶᠠᠨ ᠺᠦᠨ ᠬᠤᠷᠠᠯ ᠳᠤ ᠣᠷᠣᠯᠴᠠᠵᠠᠢ     3 ᠳ᠋ᠤᠭᠠᠷ ᠰᠠᠷ᠎ᠠ ᠶᠢᠨ 14 ᠤ ᠡᠳᠦᠷ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠨ ᠱᠤᠤ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃
W020230315324899414671.png    
     3 ᠳ᠋ᠤᠭᠠᠷ ᠰᠠᠷ᠎ᠠ ᠶᠢᠨ 14 ᠤ ᠡᠳᠦᠷ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠨ ᠱᠣᠸ ᠴᠧᠩ ᠶᠠᠷᠢᠶ᠎ᠠ  ᠲᠠᠯᠪᠢᠵᠤ ᠪᠠᠶᠢᠭ᠎ᠠ ᠨᠢ
W020230315324899444102.jpg
     3 ᠰᠠᠷ᠎ᠠ ᠶᠢᠨ 14 ᠤ ᠡᠳᠦᠷ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠵᠤ ᠪᠠᠶᠢᠭ᠎ᠠ ᠨᠢ
W020230315324899458576.jpg
     3 ᠰᠠᠷ᠎ᠠ ᠶᠢᠨ 14 ᠤ ᠡᠳᠦᠷ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠪᠠᠶᠢᠭ᠎ᠠ ᠨᠢ        ᠬᠤᠷᠠᠯ ᠳᠡᠭᠡᠷ᠎ᠡ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ ᠶᠢᠨ ᠤᠯᠤᠰ ᠲᠦᠷᠦ ᠶᠢᠨ ᠭᠡᠰᠢᠭᠦᠨ᠂ ᠬᠡᠰᠡᠭ ᠮᠤᠵᠢ ᠶᠢᠨ ᠲᠡᠰ ᠤᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠬᠤᠷᠠᠯ ᠳᠤ ᠤᠷᠤᠯᠴᠠᠪᠠ᠃
W020230315324899450556 (1).jpg
        3 ᠳ᠋ᠤᠭᠠᠷ ᠰᠠᠷ᠎ᠠ ᠶᠢᠨ 14 ᠤ ᠡᠳᠦᠷ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃    ᠰᠦᠨ ᠱᠤᠤ ᠴᠧᠩ ᠬᠡᠯᠡᠭᠰᠡᠨ ᠨᠢ᠂ ᠡᠨᠡ ᠤᠳᠠᠭ᠎ᠠ ᠶᠢᠨ ᠪᠦᠬᠦ ᠤᠯᠤᠰ ᠤᠨ ᠬᠤᠶᠠᠷ ᠬᠤᠷᠠᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠳᠠᠷᠠᠭ᠎ᠠ ᠬᠤᠷᠠᠯᠳᠤᠭᠰᠠᠨ ᠠᠩᠬᠠᠳᠤᠭᠠᠷ ᠤᠳᠠᠭ᠎ᠠ ᠶᠢᠨ ᠪᠦᠬᠦ ᠤᠯᠤᠰ ᠤᠨ ᠬᠤᠶᠠᠷ ᠬᠤᠷᠠᠯ ᠪᠣᠯᠣᠨ᠎ᠠ᠂ ᠦᠷ᠎ᠡ ᠪᠦᠲᠦᠭᠡᠯ ᠨᠢ ᠮᠠᠰᠢ ᠪᠠᠶᠠᠯᠢᠭ᠂ ᠠᠴᠢ ᠬᠤᠯᠪᠣᠭᠳᠠᠯ ᠨᠢ ᠮᠠᠰᠢ ᠴᠢᠬᠤᠯᠠ ᠶᠤᠮ᠃ ᠢᠯᠠᠩᠭᠤᠶ᠎ᠠ ᠰᠢ ᠶᠢᠨ ᠫᠢᠩ ᠨᠥᠬᠦᠷ ᠪᠦᠷᠢᠨ  ᠤᠨᠤᠭ᠎ᠠ ᠪᠠᠷ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠪᠠᠷ ᠰᠣᠩᠭᠤᠭᠳᠠᠭᠰᠠᠨ ᠨᠢ ᠪᠦᠬᠦ ᠨᠠᠮ᠂ ᠪᠦᠬᠦ ᠴᠡᠷᠢᠭ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠵᠣᠷᠢᠭ ᠰᠠᠨᠠᠭ᠎ᠠ᠂ ᠬᠠᠮᠲᠤ ᠶᠢᠨ ᠬᠦᠰᠡᠯ ᠡᠷᠡᠮᠡᠯᠵᠡᠯ᠂ ᠬᠠᠮᠲᠤ ᠶᠢᠨ ᠬᠦᠰᠡᠯ ᠢ ᠭᠦᠢᠴᠡᠳ ᠲᠤᠰᠬᠠᠵᠤ᠂ ᠲᠦᠭ ᠲᠦᠮᠡᠨ ᠠᠷᠠᠳ ᠲᠦᠮᠡᠨ ᠤ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠣᠮᠤᠭ ᠵᠣᠷᠢᠭ ᠪᠠ ᠲᠡᠮᠡᠴᠡᠯ ᠤᠨ ᠵᠣᠷᠢᠭ ᠢ ᠲᠤᠶᠢᠯ ᠤᠨ ᠶᠡᠭᠡ ᠪᠠᠷ ᠬᠥᠭᠵᠢᠭᠡᠪᠡ᠃ ᠪᠦᠬᠦ ᠣᠷᠣᠨ ᠢᠶᠠᠷ ᠢᠶᠠᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ︽ᠬᠤᠶᠠᠷ ᠢ ᠲᠤᠬᠳᠠᠭᠠᠬᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢ ᠴᠢᠩᠭ᠎ᠠ ᠲᠠᠭᠠᠵᠤ ᠰᠢᠨ᠎ᠡ ᠲᠡᠦᠬᠡ ᠶᠢᠨ ᠠᠭᠤᠤ ᠦᠢᠯᠡᠰ ᠢ ᠡᠭᠦᠳᠬᠦ ᠬᠡᠷᠡᠭᠲᠡᠢ᠃    ᠰᠦᠨ ᠱᠤᠤ ᠴᠧᠩ ᠬᠡᠯᠡᠭᠰᠡᠨ ᠨᠢ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠥᠪᠥᠷ ᠮᠣᠩᠭᠤᠯ ᠤᠨ ᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠨᠢᠭᠡᠳᠬᠡᠵᠦ᠂ ᠬᠦᠴᠦᠯᠡᠬᠦ ᠴᠡᠭ ᠢᠶᠠᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠡᠭᠡᠷ᠎ᠡ ᠲᠠᠯᠪᠢᠬᠤ ᠬᠡᠷᠡᠭᠲᠡᠢ᠃ ᠤᠯᠤᠰ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠢᠳᠡᠪᠬᠢᠲᠡᠢ ᠲᠡᠮᠡᠴᠡᠨ ᠣᠯᠵᠤ᠂ ︽ᠲᠠᠪᠤᠨ ᠶᠡᠭᠡ ᠡᠭᠦᠷᠭᠡ︾ ᠶᠢᠨ ᠬᠡᠷᠡᠭᠵᠢᠭᠦᠯᠦᠯᠲᠡ ᠶᠢ ᠪᠠᠴᠢᠮ ᠶᠠᠭᠠᠷᠠᠯᠲᠠᠢ ᠠᠬᠢᠭᠤᠯᠵᠤ᠂ ᠦᠨᠡᠨ ᠪᠣᠳᠠᠲᠠᠢ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠠᠭᠤᠯᠤᠭᠳᠠᠬᠤᠨ ᠪᠠ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠭᠤᠣᠯᠳᠠᠯᠭ᠎ᠠ ᠶᠢ ᠲᠣᠪᠤᠶᠢᠯᠭᠠᠨ᠂ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠪᠠᠷᠢᠴᠨ ᠶᠢ ᠪᠣᠳᠠᠲᠠᠶᠢᠵᠢᠭᠤᠯᠤᠨ᠂ ᠪᠦᠲᠦᠭᠡᠨ ᠪᠠᠶᠢᠭᠤᠯᠤᠯᠲᠠ ᠶᠢᠨ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ ᠴᠢᠨᠠᠷᠯᠢᠭ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠵᠤ ᠠᠬᠤᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠡᠬᠢ ᠪᠠᠶᠠᠯᠢᠭ ᠢ ᠠᠷᠪᠢᠯᠠᠬᠤ ᠠᠵᠢᠯ ᠢ ᠰᠠᠶᠢᠲᠤᠷ ᠠᠳᠬᠤᠵᠤ᠂ ᠬᠡᠷᠡᠭᠯᠡᠭᠡ᠂ ᠪᠠᠷᠠᠭᠠᠨ ᠤ ᠭᠦᠢᠯᠭᠡᠭᠡ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠡᠷᠭᠡ ᠲᠠᠯ᠎ᠠ ᠶᠢᠨ ᠳᠤᠲᠠᠭᠤᠳᠠᠯ ᠢ ᠨᠥᠬᠦᠪᠦᠷᠢᠯᠡᠵᠦ᠂ ᠰᠢᠨ᠎ᠡ ᠡᠨᠧᠷᠭᠢ ᠶᠢᠨ ᠠᠵᠤ ᠦᠢᠯᠡᠰ᠂ ᠬᠤᠪᠣᠷ ᠰᠢᠷᠣᠢ ᠪᠣᠯᠣᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ᠂ ᠮᠠᠯ ᠠᠵᠤ ᠠᠬᠤᠢ ᠲᠠᠷᠢᠶᠠᠯᠠᠩ ᠵᠡᠷᠭᠡ ᠶᠢᠨ ᠳᠤᠲᠠᠭᠤᠳᠠᠯ ᠢ ᠤᠷᠲᠤᠳᠬᠠᠵᠤ᠂ ᠠᠮᠤᠷ ᠲᠦᠪᠰᠢᠨ ᠢᠶᠠᠷ ᠬᠥᠭᠵᠢᠬᠦ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠣᠷᠣᠨ ᠨᠤᠲᠤᠭ ᠤᠨ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠰᠠᠶᠢᠲᠤᠷ ᠠᠳᠬᠤᠵᠤ᠂ ᠡᠯ᠎ᠡ ᠲᠠᠯ᠎ᠠ ᠶᠢᠨ ᠠᠵᠢᠯ ᠤᠨ ᠪᠠᠶᠢᠭᠤᠯᠤᠮᠵᠢ ᠲᠣᠭᠲᠠᠴᠠ ᠶᠢ ᠴᠢᠨᠠᠭᠰᠢᠳᠠ ᠰᠢᠯᠤᠭᠤᠳᠬᠠᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ᠂ ᠬᠢᠨᠠᠨ ᠪᠠᠶᠢᠴᠠᠭᠠᠬᠤ ᠵᠥᠪᠯᠡᠯ ᠪᠠ ᠰᠢᠭᠦᠬᠦ ᠬᠤᠷᠢᠶ᠎ᠠ ᠪᠠᠶᠢᠴᠠᠭᠠᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃    ᠰᠦᠨ ᠱᠤᠤ  ᠴᠸᠡᠭ ᠬᠡᠯᠡᠭᠰᠡᠨ ᠨᠢ᠂ ᠦᠨᠤ ᠵᠢᠯ ᠤᠨ ᠬᠠᠷᠠᠯᠲᠠ ᠡᠭᠦᠷᠭᠡ ᠶᠢ ᠨᠢᠭᠡᠨᠲᠡ ᠲᠣᠳᠣᠷᠬᠠᠢ ᠪᠤᠯᠭᠠᠬᠰᠠᠨ ᠪᠤᠯᠬᠤᠷ ᠵᠠᠯᠭᠠᠭᠠᠳ ᠴᠢᠷᠮᠠᠶᠢᠨ ᠠᠵᠢᠯᠯᠠᠬᠤ ᠬᠡᠷᠡᠭᠲᠡᠢ᠃ ᠡᠯ᠎ᠡ ᠱᠠᠲᠤᠨ ᠤ ᠺᠠᠳ᠋ᠷᠴᠤᠳ ᠬᠠᠷᠢᠭᠤᠴᠠᠯᠭ᠎ᠠ ᠡᠭᠦᠷᠭᠡᠯᠡᠬᠦ ᠶᠢ ᠨᠢᠭᠡ ᠵᠦᠢᠯ ᠤᠨ ᠤᠬᠠᠮᠰᠠᠷ ᠪᠣᠯᠭᠠᠵᠤ᠂ ᠤᠴᠢᠷ ᠪᠤᠯᠭᠠᠨ ᠳᠤ ᠰᠡᠳᠬᠢᠯ ᠲᠠᠯᠪᠢᠨ᠂ ᠦᠨᠡᠨ ᠬᠦ ᠬᠢᠵᠦ ᠪᠣᠳᠠᠲᠠᠢ ᠪᠠᠷ ᠠᠵᠢᠯᠯᠠᠨ᠂ ︽ᠲᠦᠷᠭᠡᠨ︾ ᠢ ᠲᠡᠷᠢᠭᠦᠨ ᠳᠤ ᠲᠠᠯᠪᠢᠵᠤ᠂ ︽ᠪᠣᠳᠠᠲᠠᠢ︾ ᠪᠠᠷ ᠭᠤᠣᠯᠳᠠᠯᠭ᠎ᠠ ᠪᠣᠯᠭᠠᠵᠤ᠂ ᠶᠡᠭᠡ ᠴᠢᠷᠮᠠᠶᠢᠯᠭ᠎ᠠ ᠭᠠᠷᠭᠠᠵᠤ ᠬᠠᠮᠤᠭ ᠤᠨ ᠰᠠᠶᠢᠨ ᠦᠷ᠎ᠡ ᠳ᠋ᠦᠩ ᠢ ᠲᠡᠮᠡᠴᠡᠨ ᠣᠯᠬᠤ ᠪᠠᠷ ᠴᠢᠷᠮᠠᠶᠢᠬᠤ ᠬᠡᠷᠡᠭᠲᠡᠢ᠃ ᠡᠯ᠎ᠡ ᠱᠠᠲᠤᠨ ᠤ ᠺᠠᠳ᠋ᠷᠴᠤᠳ ᠬᠠᠷᠢᠭᠤᠴᠠᠯᠭ᠎ᠠ ᠡᠬᠦᠷᠬᠡᠯᠡᠯ ᠢ ᠤᠬᠠᠮᠰᠠᠷ ᠪᠣᠯᠭᠠᠵᠤ᠂  ᠴᠢᠳᠠᠯ ᠢᠶᠠᠷ ᠢᠶᠠᠨ ᠴᠢᠷᠮᠠᠶᠢᠵᠤ ᠬᠠᠮᠤᠭ ᠤᠨ ᠰᠠᠶᠢᠨ ᠦᠷ᠎ᠡ ᠳ᠋ᠦᠩ ᠣᠯᠬᠤ ᠪᠠᠷ ᠴᠢᠷᠮᠠᠶᠢᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ  ᠬᠢᠨ ᠤ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ 12 ᠠᠷᠭ᠎ᠠ ᠪᠠ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ 8 ᠰᠠᠨᠠᠯ ᠢ ᠨᠠᠶᠢᠳᠠᠪᠤᠷᠢᠵᠢᠭᠤᠯᠵᠤ᠂ ᠨᠡᠩ ᠶᠡᠭᠡ ᠡᠷᠴᠢᠮ ᠢᠶᠠᠷ ᠺᠠᠳ᠋ᠷᠴᠤᠳ ᠤᠨ ᠠᠵᠢᠯ ᠬᠢᠵᠦ ᠦᠢᠯᠡᠰ ᠪᠣᠰᠬᠠᠬᠤ ᠳᠤ ᠲᠦᠰᠢᠭ ᠪᠣᠯᠵᠤ ᠰᠥᠰᠥ ᠵᠣᠷᠢᠭ ᠢ ᠨᠢ ᠬᠥᠪᠴᠢᠯᠡᠵᠦ᠂ ᠡᠷᠴᠢ ᠵᠣᠷᠢᠭ ᠢ ᠨᠢ  ᠪᠠᠳᠠᠷᠠᠭᠤᠯᠬᠤ ᠬᠡᠷᠡᠭᠲᠡᠢ᠃    ᠬᠤᠷᠠᠯ ᠢ  ᠸᠢᠳᠢᠤ᠋ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号