ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠲᠤᠮᠳᠠᠳᠤ ᠶᠢᠨ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠶ᠎ᠠ | — ᠰᠢ ᠶᠢᠨ ᠫᠢᠩ ᠲᠡᠷᠢᠭᠦᠯᠡᠭᠴᠢ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠲᠡᠭᠦᠰᠬᠦ ᠬᠤᠷᠠᠯ ᠳᠡᠭᠡᠷ᠎ᠡ | ᠲᠠᠯᠪᠢᠭᠰᠠᠨ ᠴᠢᠬᠤᠯᠠ ᠶᠠᠷᠢᠶ᠎ᠠ ᠥᠪᠥᠷ ᠮᠣᠩᠭᠤᠯ ᠳᠤ ᠴᠢᠩᠭ᠎ᠠ ᠲᠤᠰᠬᠠᠯ ᠭᠠᠷᠪᠠ | | ᠬᠠᠪᠤᠷ ᠤᠨ ᠤᠷᠢᠨ ᠢᠷᠡᠵᠤ᠂ ᠤᠳᠠ ᠤᠯᠢᠶᠠᠰᠤ ᠬᠦᠯᠤᠬᠡᠯᠡᠪᠡ᠃ 3 ᠳ᠋ᠤᠭᠠᠷ ᠰᠠᠷ᠎ᠠ ᠶᠢᠨ 13 ᠤ ᠡᠳᠦᠷ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠠᠷᠪᠠᠨ ᠳᠥᠷᠪᠡᠳᠦᠭᠡᠷ | ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ | ᠬᠤᠷᠠᠯᠳᠤᠭᠠᠨ ᠤ ᠲᠡᠭᠦᠰᠬᠦ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠮᠠᠨ ᠤ ᠣᠷᠣᠨ ᠤ ᠺᠠᠳ᠋ᠷ ᠣᠯᠠᠨ | ᠲᠦᠮᠡᠨ ᠤ ᠳᠤᠮᠳᠠ ᠴᠢᠩᠭ᠎ᠠ ᠲᠤᠰᠬᠠᠯ ᠭᠠᠷᠴᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ | ᠲᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ᠂ ᠭᠡᠷᠡᠯ | ᠰᠠᠴᠤᠷᠠᠩᠭᠤᠢ ᠰᠢᠨ᠎ᠡ ᠡᠭᠦᠳᠦᠯᠲᠡ ᠶᠢ ᠲᠠᠬᠢᠨᠳᠠ ᠡᠭᠦᠳᠦᠨ᠎ᠡ ᠭᠡᠵᠦ ᠢᠯᠡᠳᠬᠡᠵᠡᠭᠡᠪᠡ᠃ | ᠴᠢᠨᠠᠷᠯᠢᠭ ᠬᠥᠭᠵᠢᠯᠲᠡ ᠶᠢ ᠭᠤᠶᠢᠪᠢᠰᠢ ᠦᠭᠡᠢ ᠠᠬᠢᠭᠤᠯᠤᠶ᠎ᠠ | ᠰᠢ ᠶᠢᠨ ᠫᠢᠩ ᠲᠡᠷᠢᠭᠦᠯᠡᠭᠴᠢ ᠶᠢᠨ ᠴᠢᠬᠤᠯᠠ ᠶᠠᠷᠢᠶ᠎ᠠ ᠶᠢ ᠲᠤᠬᠠᠢ ᠶᠢᠨ ᠲᠠᠯᠠᠪᠠᠢ ᠳᠤ ᠰᠣᠨᠣᠰᠤᠭᠠᠳ᠂ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠤᠭᠤᠲᠤ ᠶᠢᠨ ᠬᠤᠪᠣᠷ | ᠰᠢᠷᠣᠢ ᠶᠢᠨ ᠰᠤᠳᠤᠯᠭᠠᠨ ᠤ ᠬᠦᠷᠢᠶᠡᠯᠡᠩ ᠤᠨ ᠬᠠᠩᠵᠧᠦ ᠶᠢᠨ ᠬᠤᠪᠢᠶᠠᠷᠢ ᠬᠦᠷᠢᠶᠡᠯᠡᠩ ᠤᠨ ᠳᠡᠳ᠋ ᠳᠠᠷᠤᠭ᠎ᠠ ᠶᠠᠨ | ᠸᠧᠢ ᠸᠧᠢ ᠲᠤᠶᠢᠯ ᠢᠶᠠᠷ ᠤᠷᠮᠠᠰᠢᠨ ᠵᠣᠷᠢᠭᠵᠢᠪᠠ᠃ ᠶᠠᠩ ᠶᠠᠨ ᠸᠧᠢ᠄ ︽ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ᠂ ᠲᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠢᠨ᠎ᠡ ᠠᠶᠠᠨ ᠵᠠᠮ ᠳᠤ | ᠪᠢᠳᠡ ᠴᠢᠨᠠᠷᠯᠢᠭ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ | ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠨ ᠪᠡᠶᠡᠯᠡᠭᠦᠯᠬᠦ ᠶᠤᠰᠤᠳᠠᠢ᠃ | ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠪᠣᠯᠤᠭᠰᠠᠨ ᠤ ᠬᠤᠪᠢ ᠳᠤ ᠬᠠᠷᠢᠭᠤᠴᠠᠯᠭ᠎ᠠ ᠬᠦᠨᠳᠦ ᠭᠡᠳᠡᠭ ᠢ ᠪᠢ | ᠭᠦᠨ ᠣᠶᠢᠯᠠᠭᠠᠵᠤ ᠪᠠᠶᠢᠨ᠎ᠠ᠃ ᠮᠠᠨ ᠤ ᠤᠯᠤᠰ ᠤᠨ ᠬᠤᠪᠣᠷ ᠰᠢᠷᠣᠢ ᠶᠢᠨ ᠠᠵᠤ ᠦᠢᠯᠡᠰ ᠤᠨ ᠬᠥᠭᠵᠢᠯᠲᠡ ᠬᠡᠳᠤᠢ | ᠪᠠᠷ ᠵᠣᠬᠢᠬᠤ ᠠᠮᠵᠢᠯᠲᠠ ᠶᠢ ᠣᠯᠣᠭᠰᠠᠨ ᠪᠣᠯᠪᠠᠴᠤ ᠰᠢᠨ᠎ᠡ ᠮᠠᠲ᠋ᠧᠷᠢᠶᠠᠯ ᠢ ᠰᠤᠳᠤᠯᠤᠨ ᠨᠡᠭᠡᠭᠡᠬᠦ᠂ ᠰᠢᠨ᠎ᠡ | ᠬᠡᠷᠡᠭᠯᠡᠭᠡ ᠶᠢ ᠥᠷᠭᠡᠳᠬᠡᠬᠦ ᠬᠦᠷᠢᠶᠡᠨ ᠳᠤ ᠮᠥᠨ ᠬᠦ ᠯᠤᠲᠤ ᠶᠡᠭᠡ ᠬᠥᠭᠵᠢᠯᠲᠡ ᠶᠢᠨ ᠣᠷᠣᠨ ᠵᠠᠢ ᠲᠠᠢ ᠶᠤᠮ᠃ | ᠪᠢᠳᠡ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠠᠶᠢᠲᠤᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠤᠪᠣᠷ ᠰᠢᠷᠣᠢ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠤᠭᠤᠮᠳᠠ | ᠶᠢ ᠰᠢᠨ᠎ᠡ ᠪᠠᠷ ᠡᠭᠦᠳᠦᠨ ᠰᠢᠢᠳᠪᠦᠷᠢᠯᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ | ᠲᠤᠷᠰᠢᠯᠲᠠ ᠶᠢᠨ ᠲᠠᠰᠤᠭ ᠤᠨ ᠰᠤᠳᠤᠯᠤᠨ ᠨᠡᠭᠡᠭᠡᠯᠲᠡ ᠠᠴᠠ ᠠᠵᠤ ᠦᠶᠢᠯᠡᠰᠵᠢᠭᠰᠡᠨ ᠦᠢᠯᠡᠳᠪᠦᠷᠢᠯᠡᠯ ᠳᠠᠰᠢ | ᠬᠤᠪᠢᠷᠠᠭᠤᠯᠬᠤ ᠶᠢ ᠬᠦᠴᠦᠯᠡᠨ ᠠᠬᠢᠭᠤᠯᠵᠤ᠂ ᠬᠤᠪᠣᠷ ᠰᠢᠷᠣᠢ ᠶᠢᠨ ᠪᠦᠲᠦᠭᠡᠭᠳᠡᠬᠦᠨ ᠢ ᠨᠠᠩ ᠣᠯᠠᠨ ᠬᠦᠷᠢᠶ᠎ᠡ | ᠴᠠᠷᠠᠭᠠᠨ ᠳᠤ ᠬᠡᠷᠡᠭᠯᠡᠬᠦ ᠶᠢᠨ ᠤᠯᠠᠮ ᠠᠴᠠ ᠬᠤᠪᠣᠷ ᠰᠢᠷᠣᠢ ᠶᠢᠨ ᠠᠵᠤ ᠦᠢᠯᠡᠰ ᠤᠨ ᠴᠢᠨᠠᠷᠯᠢᠭ ᠬᠥᠭᠵᠢᠯᠲᠡ ᠶᠢ | ᠠᠬᠢᠭᠤᠯᠤᠨ᠎ᠠ︾ ᠭᠡᠵᠡᠢ᠃ | ︽ᠰᠢ ᠶᠢᠨ ᠫᠢᠩ ᠶᠡᠷᠤᠩᠭᠡᠢ ᠱᠦᠵᠢ ᠶᠢᠨ ᠴᠢᠬᠤᠯᠠ ᠶᠠᠷᠢᠶ᠎ᠠ ᠪᠣᠯᠣᠨ ᠪᠥᠬᠦ ᠤᠯᠤᠰ ᠤᠨ ᠬᠤᠶᠠᠷ ᠬᠤᠷᠠᠯ ᠤᠨ | ᠵᠣᠷᠢᠭ ᠰᠠᠨᠠᠭ᠎ᠠ ᠨᠢ ᠪᠢᠳᠡᠨ ᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠢᠲᠡᠭᠡᠯ ᠵᠣᠷᠢᠭ ᠢ ᠪᠠᠲᠤᠳᠬᠠᠵᠤ᠂ | ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠪᠢᠳᠡ ᠬᠦᠨᠳᠦ ᠶᠡᠭᠡ ᠠᠶᠤᠯ ᠲᠦᠭᠰᠢᠬᠦᠷᠢ ᠶᠢ | ᠰᠡᠷᠭᠡᠶᠢᠯᠡᠨ ᠠᠷᠢᠯᠭᠠᠬᠤ ᠡᠬᠦᠷᠬᠡ ᠬᠠᠷᠢᠭᠤᠴᠠᠯᠭᠠᠲᠤ ᠰᠡᠳᠬᠢᠯᠭᠡ᠂ ᠲᠤᠯᠭᠠᠮ ᠰᠡᠳᠬᠢᠯᠭᠡ ᠪᠠᠨ ᠤᠯᠠᠮ | ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠴᠢᠩᠭ᠎ᠠ ᠳᠠᠭᠠᠵᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ | ᠡᠷᠡᠮᠡᠯᠵᠡᠯ ᠲᠠᠢ ᠨᠢᠭᠲᠠ ᠤᠶᠠᠯᠳᠤᠭᠤᠯᠤᠨ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ | ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ | ᠠᠶᠤᠯ ᠦᠬᠡᠢ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠠᠶᠤᠯ ᠦᠬᠡᠢ ᠦᠢᠯᠡᠳᠪᠦᠷᠢᠯᠡᠯ ᠤᠨ | ᠰᠠᠨᠠᠭᠠᠴᠢᠯᠠᠭᠠᠲᠤ ᠳᠠᠶᠢᠯᠠᠯᠳᠤᠭᠠᠨ ᠢ ᠰᠤᠯᠠᠷᠠᠭᠤᠯᠤᠯ ᠦᠭᠡᠢ ᠰᠠᠶᠢᠲᠤᠷ ᠬᠢᠵᠦ᠂ ᠠᠷᠠᠳ ᠲᠦᠮᠡᠨ ᠢ ᠳᠡᠭᠡᠳᠦᠯᠡᠬᠦ᠂ | ᠠᠮᠢ ᠨᠠᠰᠤ ᠶᠢ ᠳᠡᠭᠡᠳᠦᠯᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠡᠯ᠎ᠡ ᠵᠦᠢᠯ ᠤᠨ ᠭᠤᠣᠯᠳᠠᠯᠭ᠎ᠠ ᠲᠠᠢ | ᠠᠵᠢᠯ ᠤᠨ ᠡᠭᠦᠷᠭᠡ ᠶᠢ ᠪᠣᠳᠠᠲᠠᠢ ᠠᠳᠬᠤᠨ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠪᠣᠭᠤᠮᠲᠠ ᠨᠢᠬᠡ | ᠪᠦᠷᠢ ᠶᠢ ᠴᠢᠩᠭ᠎ᠠ ᠨᠢᠮᠪᠠᠢ ᠰᠠᠶᠢᠲᠤᠷ ᠠᠳᠬᠤᠬᠤ ᠬᠡᠷᠡᠭᠲᠡᠢ︾ ᠭᠡᠵᠤ ᠦᠪᠤᠷ ᠮᠤᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠠᠴᠢᠮ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠲᠥᠷᠥ ᠶᠢᠨ ᠪᠣᠳᠣᠯᠭ᠎ᠠ ᠬᠠᠤᠯᠢ | ᠲᠣᠭᠲᠠᠭᠠᠯ ᠤᠨ ᠭᠠᠵᠠᠷ ᠤᠨ ᠳᠠᠷᠤᠭ᠎ᠠ ᠵᠦ ᠯᠢ ᠺᠦᠨ ᠬᠡᠯᠡᠪᠡ᠃ | ᠪᠤᠭᠤᠲᠤ ᠬᠤᠳᠠ ᠶᠢᠨ ᠬᠥᠨᠳᠡᠯᠡᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠᠶᠢᠨ | ᠳᠠᠷᠤᠭ᠎ᠠ ᠵᠠᠩ ᠵᠢᠶᠧ᠄ ︽ᠰᠢ ᠶᠢᠨ ᠫᠢᠡᠭ ᠶᠡᠷᠤᠩᠭᠡᠢ ᠱᠦᠵᠢ ᠶᠢᠨ ᠴᠢᠬᠤᠯᠠ ᠶᠠᠷᠢᠶ᠎ᠠ ᠨᠢ ᠰᠢᠨᠵᠢᠯᠡᠬᠦ ᠤᠬᠠᠭᠠᠨ | ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ᠂ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠳᠠᠬᠢᠨᠲᠠ | ᠴᠢᠬᠤᠯᠠᠴᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠴᠢᠨᠠᠷ ᠢ ᠲᠤᠪᠤᠶᠢᠯᠭᠠᠪᠠ᠃ ᠳᠠᠷᠠᠭᠠᠴᠢ ᠪᠠᠷ ᠪᠢᠳᠡ | ᠬᠦᠨᠳᠡᠯᠡᠨ ᠲᠣᠭᠤᠷᠢᠭ ᠤᠨ ︿ᠨᠢᠭᠡ ᠴᠥᠮ᠎ᠡ ᠬᠤᠶᠠᠷ ᠬᠦᠷᠢᠶᠡᠯᠡᠩ᠂ ᠬᠤᠶᠠᠷ ᠬᠡᠯᠬᠢᠶ᠎ᠡ ᠲᠦᠷᠪᠡᠨ ᠪᠦᠯᠦᠭᠯᠡᠯ﹀ ᠤᠨ | ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠤᠨ ᠲᠣᠭᠤᠷᠢᠨ ᠳᠤ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠦᠢᠯᠡᠴᠢᠯᠡᠭᠡᠨ ᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠲᠦᠷᠦ ᠶᠢᠨ ᠪᠣᠳᠣᠯᠭ᠎ᠠ ᠪᠠᠷ | ᠬᠥᠲᠥᠯᠥᠨ ᠵᠢᠯᠤᠭᠤᠳᠬᠤ ᠶᠢ ᠲᠠᠰᠤᠷᠠᠯᠳᠡ ᠦᠭᠡᠢ ᠴᠢᠩᠭᠠᠳᠬᠠᠵᠤ᠂ ᠰᠢᠨ᠎ᠡ ᠶᠢ ᠡᠭᠦᠳᠬᠦ ᠬᠤᠯᠪᠣᠭᠠᠲᠤ | ᠴᠣᠭᠴᠠ ᠶᠢᠨ ᠪᠠᠶᠢᠭᠤᠯᠤᠯᠲᠠ ᠶᠢ ᠵᠣᠷᠢᠭᠵᠢᠭᠤᠯᠤᠨ ᠳᠡᠮᠵᠢᠵᠦ᠂ ᠣᠷᠣᠨ ᠨᠤᠲᠤᠭ ᠤᠨ ᠠᠵᠤ ᠠᠬᠤᠢ ᠶᠢᠨ ᠴᠢᠨᠠᠷᠯᠢᠭ | ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ︾ ᠭᠡᠵᠦ ᠬᠡᠯᠡᠪᠡ᠃ | ᠠᠷᠠᠳ ᠲᠦᠮᠡᠨ ᠢ ᠳᠡᠭᠡᠳᠦᠯᠡᠬᠦ ᠶᠢ ᠢᠮᠠᠭᠲᠠ ᠪᠠᠷᠢᠮᠲᠠᠯᠠᠬᠤ ᠬᠡᠷᠡᠭᠲᠡᠢ | ᠰᠢ ᠶᠢᠨ ᠫᠢᠩ ᠶᠡᠷᠤᠩᠭᠡᠢ ᠱᠦᠵᠢ᠂ ᠪᠢᠳᠡ ᠠᠷᠠᠳ ᠲᠦᠮᠡᠨ ᠢ ᠳᠡᠭᠡᠳᠦᠯᠡᠬᠦ ᠶᠢ ᠢᠮᠠᠭᠲᠠ ᠪᠠᠷᠢᠮᠲᠠᠯᠠᠬᠤ | ᠬᠡᠷᠡᠭᠲᠡᠢ ᠭᠡᠵᠤ ᠵᠢᠭᠠᠪᠤᠷᠢᠯᠠᠬᠰᠠᠨ ᠶᠤᠮ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠠᠢ ᠶᠢᠩ ᠵᠢᠶᠦ᠋ᠨ᠄ ︽ᠬᠥᠮᠥᠨ ᠤ ᠬᠦᠴᠦᠨ ᠤ ᠡᠬᠢ ᠪᠠᠶᠠᠯᠢᠭ | ᠪᠣᠯᠣᠨ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠲᠠᠯ᠎ᠠ ᠪᠠᠷ ᠨᠠᠮ ᠤᠨ ᠰᠡᠳᠬᠢᠯ ᠢ ᠬᠤᠯᠪᠣᠵᠤ᠂ ᠠᠷᠠᠳ ᠤᠨ ᠪᠦᠬᠦ | ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠬᠢᠨ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠰᠢᠨ᠎ᠡ ᠶᠢ ᠡᠭᠦᠳᠬᠦ ᠨᠠᠮ ᠤᠨ | ᠪᠠᠶᠢᠭᠤᠯᠤᠯᠲᠠ ᠪᠠᠷ ᠬᠥᠲᠥᠯᠥᠨ ᠵᠢᠯᠤᠭᠤᠳᠴᠤ ᠪᠠᠶᠢᠭᠠᠳ ᠶᠠᠰᠤ ᠴᠢᠨᠠᠷ ᠢ ᠳᠡᠭᠡᠭᠰᠢᠯᠡᠭᠦᠯᠬᠦ᠂ ᠠᠵᠢᠯ ᠣᠯᠭᠤᠯᠲᠠ | ᠦᠢᠯᠡᠰ ᠪᠤᠰᠬᠠᠬᠤ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ᠂ ᠨᠡᠶᠢᠭᠡᠮ ᠤᠨ | ᠪᠠᠲᠤᠯᠠᠭ᠎ᠠ ᠶᠢᠨ ᠥᠭᠡᠷᠡᠴᠢᠯᠡᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠮᠡᠷᠭᠡᠵᠢᠯ ᠤᠷ᠎ᠠ ᠴᠢᠳᠠᠪᠤᠷᠢ ᠶᠢᠨ | ᠴᠢᠳᠠᠪᠤᠷᠢᠲᠠᠨ ᠢ ᠬᠥᠮᠥᠵᠢᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ᠂ ᠬᠥᠳᠡᠯᠮᠦᠷᠢ ᠶᠢᠨ ᠬᠠᠷᠢᠴᠠᠭ᠎ᠠ ᠶᠢ ᠵᠠᠰᠠᠬᠤ ᠶᠢᠨ | ᠶᠠᠰᠤ ᠴᠢᠨᠠᠷ ᠢ ᠳᠡᠭᠡᠭᠰᠢᠯᠡᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠯᠢᠳᠡᠭ ᠢ ᠡᠭᠦᠳᠴᠦ ᠶᠠᠰᠤ | ᠴᠢᠨᠠᠷ ᠢ ᠳᠡᠭᠡᠭᠰᠢᠯᠡᠭᠦᠯᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ ᠬᠠᠯᠬᠠᠪᠴᠢ ᠪᠠᠶᠢᠭᠤᠯᠵᠤ ᠶᠠᠰᠤ | ᠴᠢᠨᠠᠷ ᠢ ᠳᠡᠭᠡᠭᠰᠢᠯᠡᠭᠦᠯᠬᠦ ᠵᠡᠷᠭᠡ 7 ᠢᠨᠵᠧᠨᠧᠷᠢᠩ ᠢ ᠭᠦᠨᠵᠡᠭᠡᠢ ᠬᠡᠷᠡᠭᠵᠢᠭᠦᠯᠪᠡ᠃ ᠠᠷᠭ᠎ᠠ ᠪᠦᠬᠦᠨ ᠢ ᠰᠦᠪᠡᠭᠴᠢᠯᠡᠨ | ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠥᠷᠭᠡᠳᠬᠡᠵᠦ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠤᠯᠠᠮ | ᠪᠦᠷᠢᠨᠰᠢᠭᠦᠯᠵᠦ᠂ ᠴᠢᠳᠠᠪᠤᠷᠢᠲᠠᠨ ᠤ ᠰᠢᠨ᠎ᠡ ᠶᠢ ᠡᠭᠦᠳᠬᠦ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ | ᠬᠥᠭᠵᠢᠭᠡᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠵᠣᠪᠠᠭᠤᠷᠢ ᠶᠢ ᠠᠷᠢᠯᠭᠠᠬᠤ᠂ ᠠᠷᠠᠳ ᠤᠨ ᠰᠡᠳᠬᠢᠯ ᠢ | ᠳᠤᠯᠠᠭᠠᠴᠠᠭᠤᠯᠬᠤ ᠲᠦᠷᠦ ᠶᠢᠨ ᠪᠣᠳᠣᠯᠭ᠎ᠠ ᠶᠢ ᠢᠯᠡᠭᠦᠬᠡᠨ ᠬᠡᠷᠡᠭᠵᠢᠭᠦᠯᠵᠦ᠂ ᠦᠨᠡᠨ ᠪᠣᠳᠠᠲᠠᠢ ᠠᠷᠭ᠎ᠠ | ᠠᠵᠢᠯᠯᠠᠭ᠎ᠠ ᠪᠠᠷ ᠢᠶᠠᠨ ᠠᠷᠠᠳ ᠤᠯᠠᠨ ᠤ ︿ᠲᠣᠭᠲᠠᠭᠤᠨ ᠵᠣᠯ ᠵᠢᠷᠭᠠᠯ﹀ ᠢ ᠪᠠᠲᠤᠯᠠᠬᠤ ᠬᠡᠷᠡᠭᠲᠡᠢ ᠶᠤᠮ︾ ᠬᠡᠵᠡᠢ᠃ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ | ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠪᠣᠯᠪᠠᠰᠤᠷᠠᠯ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ | ᠳᠠᠷᠤᠭ᠎ᠠ ᠯᠢ ᠴᠢᠶᠠᠩ᠄ ︽︿ᠬᠤᠶᠠᠷ ᠢ ᠪᠠᠭᠠᠰᠬᠠᠬᠤ﹀ ᠪᠣᠯ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠭᠰᠠᠨ | ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠣᠯᠠᠨ ᠲᠦᠮᠡᠨ ᠤ ᠪᠠᠴᠢᠮᠳᠠᠯ ᠬᠦᠴᠢᠷᠳᠡᠯ ᠵᠤᠪᠠᠨᠢᠯ ᠢ | ᠰᠢᠢᠳᠪᠦᠷᠢᠯᠡᠬᠦ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠶᠣᠰᠣ ᠮᠣᠷᠠᠯ ᠢ ᠪᠣᠶ ᠪᠣᠯᠭᠠᠵᠤ | ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ᠂ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠲᠠᠢ | ᠬᠤᠯᠪᠣᠭᠳᠠᠵᠤ ᠪᠠᠶᠢᠳᠠᠭ᠃ ᠪᠢᠳᠡ ᠡᠷᠬᠡᠪᠰᠢ ︿ᠬᠤᠶᠠᠷ ᠢ ᠪᠠᠭᠠᠰᠬᠠᠬᠤ﹀ ᠠᠵᠢᠯ ᠤᠨ ᠲᠤᠶᠢᠯ ᠤᠨ ᠴᠢᠬᠤᠯᠠ ᠴᠢᠨᠠᠷ | ᠢ ᠭᠦᠢᠴᠡᠳ ᠲᠠᠨᠢᠵᠤ᠂ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠲᠠᠢ ᠨᠢᠭᠡᠳᠬᠡᠵᠦ᠂ ᠶᠤᠰᠤᠴᠢᠯᠠᠨ ᠨᠠᠶᠢᠳᠠᠪᠤᠷᠢᠵᠢᠭᠤᠯᠤᠨ ᠰᠠᠶᠢᠲᠤᠷ ᠠᠳᠬᠤᠵᠤ᠂ | ᠬᠠᠷᠠᠯᠲᠠ ᠡᠭᠦᠷᠭᠡ ᠪᠠᠨ ᠲᠣᠭᠲᠠᠭᠠᠵᠤ᠂ ᠰᠤᠷᠭᠠᠭᠤᠯᠢ ᠶᠢᠨ ᠬᠥᠮᠥᠨ ᠬᠥᠮᠥᠵᠢᠭᠦᠯᠬᠦ ᠭᠤᠣᠯ ᠵᠢᠭᠰᠠᠭᠠᠯ ᠤᠨ | ᠭᠠᠵᠠᠷ ᠤᠨ ᠦᠢᠯᠡᠳᠦᠯ ᠢ ᠦᠷᠭᠦᠯᠵᠢᠯᠡᠨ ᠴᠢᠩᠭᠠᠳᠬᠠᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ | ᠵᠠᠰᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠰᠤᠷᠤᠭᠴᠢᠳ ᠤᠨ ᠳᠠᠰᠬᠠᠯ ᠤᠨ ᠳᠠᠷᠤᠭᠠᠰᠤ | ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ᠂ ᠭᠡᠷ ᠪᠦᠯᠢ ᠶᠢᠨ ᠬᠥᠮᠦᠵᠢᠯ ᠤᠨ ᠵᠠᠷᠤᠯᠭ᠎ᠠ ᠪᠠ | ᠭᠡᠷ ᠤᠨ ᠠᠬᠠᠮᠠᠳ ᠤᠨ ᠬᠠᠷᠠᠭᠠᠯᠵᠠᠭᠰᠠᠨ ᠤᠶᠤᠨ ᠤ ᠳᠠᠷᠤᠭᠠᠰᠤ ᠶᠢ ᠤᠯᠠᠮ ᠬᠥᠩᠭᠡᠷᠡᠭᠦᠯᠵᠦ᠂ ᠠᠷᠠᠳ ᠤᠯᠠᠨ ᠤ | ᠰᠤᠷᠭᠠᠨ ᠬᠥᠮᠦᠵᠢᠯ ᠤᠨ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ︾ ᠬᠡᠵᠡᠢ᠃ | ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠢ ᠬᠦᠢ ᠶᠤᠸᠠᠨ ᠨᠡᠶᠢᠭᠡᠮ | ᠲᠣᠭᠤᠷᠢᠭ ᠲᠤ᠋ᠨᠠᠮ ᠤᠨ ᠭᠡᠰᠢᠭᠦᠨ ᠺᠠᠳ᠋ᠷ ᠤᠯᠠᠨ ᠲᠦᠮᠡᠨ ᠲᠣᠭᠤᠷᠢᠨ ᠰᠠᠭᠤᠵᠤ ᠰᠢ ᠶᠢᠨ ᠫᠢᠩ ᠲᠡᠷᠢᠭᠦᠯᠡᠭᠴᠢ ᠶᠢᠨ | ᠴᠢᠬᠤᠯᠠ ᠶᠠᠷᠢᠶ᠎ᠠ ᠶᠢ ᠰᠣᠨᠣᠰᠪᠠ᠃ ᠪᠢ ᠬᠦᠢ ᠶᠤᠸᠠᠨ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ | ᠪᠦᠦ ᠶᠤᠸᠠᠨ ᠶᠤᠸᠠᠨ᠄ ︽ᠰᠢ ᠶᠢᠨ ᠫᠢᠩ ᠶᠡᠷᠤᠩᠭᠡᠢ ᠱᠦᠵᠢ ᠠᠷᠠᠳ ᠤᠯᠠᠨ ᠤ ᠵᠣᠯ ᠵᠢᠷᠭᠠᠯ ᠤᠨ ᠲᠦᠯᠤᠬᠡ | ᠢᠮᠠᠬᠳᠠ ᠰᠠᠨᠠᠭᠠᠰᠢᠷᠠᠳᠠᠭ ᠪᠦᠬᠡᠳ ᠠᠷᠠᠳ ᠤᠨ ᠠᠮᠢᠳᠤᠷᠠᠯ ᠤᠨ ᠠᠰᠠᠭᠤᠳᠠᠯ ᠢᠮᠠᠭᠲᠠ ᠠᠩᠬᠠᠷᠤᠯ ᠤᠨ | ᠭᠤᠣᠯᠳᠠᠯᠭ᠎ᠠ ᠨᠢ ᠪᠣᠯᠣᠭᠰᠠᠭᠠᠷ ᠢᠷᠡᠵᠠᠢ᠃ ᠦᠨᠤ ᠵᠢᠯ ᠪᠢ ᠬᠦᠶ ᠶᠤᠸᠠᠨ ᠨᠡᠶᠢᠭᠡᠮ ᠲᠣᠭᠤᠷᠢᠭ ᠤᠨ ᠬᠢᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ ︿ᠲᠠᠪᠤ ᠳᠤ | ᠦᠢᠯᠡᠴᠢᠯᠡᠭᠡ ᠲᠠᠢ᠂ ᠲᠠᠪᠤ ᠳᠤ ᠨᠠᠰᠤᠵᠢᠯ ᠤᠨ ᠠᠰᠠᠷᠠᠮᠵᠢ ᠲᠠᠢ﹀ ᠠᠵᠢᠯ ᠤᠨ ᠵᠠᠭᠪᠤᠷ ᠢ ᠦᠢᠯᠡᠳᠦᠯᠭᠡᠵᠢᠭᠦᠯᠦᠨ᠂ | ᠨᠠᠰᠤᠲᠠᠶᠢᠴᠤᠳ ᠤᠨ ᠭᠡᠷ ᠤᠨ ᠡᠭᠦᠳᠡᠨ ᠳᠤ ᠬᠢ ᠨᠠᠰᠤᠵᠢᠯ ᠤᠨ ᠠᠰᠠᠷᠠᠮᠵᠢ ᠶᠢᠨ ︿ᠵᠢᠷᠭᠠᠯᠳᠤ ᠲᠤᠭᠤᠷᠢᠭ﹀ ᠢ ᠪᠣᠶ | ᠪᠣᠯᠭᠠᠵᠤ᠂ ᠬᠠᠷᠢᠶᠠᠲᠤ ᠣᠷᠣᠨ ᠤ ᠨᠠᠰᠤᠲᠠᠶᠢᠴᠤᠳ ᠲᠤ ᠨᠠᠩ ᠳᠥᠭᠦᠮ ᠳᠥᠲᠡ᠂ ᠪᠠᠶᠠᠷ ᠬᠥᠷ ᠲᠠᠢ ᠦᠳᠡᠯᠤᠬᠡ | ᠨᠠᠰᠤᠨ ᠤ ᠠᠮᠢᠳᠤᠷᠠᠯ ᠢ ᠡᠳ᠋ᠯᠡᠭᠦᠯᠪᠡ᠃ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠪᠤᠤᠬᠢᠶ᠎ᠠ | ᠶᠢ ᠲᠤᠰᠪᠠ | ᠰᠢ ᠶᠢᠨ ᠫᠢᠩ ᠶᠡᠷᠤᠩᠭᠡᠢ ᠱᠦᠵᠢ ᠴᠢᠩ ᠰᠡᠳᠬᠢᠯ ᠤᠨ ᠨᠠᠶᠢᠳᠠᠯᠭ᠎ᠠ ᠂ ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ᠂ ᠲᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢᠨ ᠪᠤᠤᠬᠢᠶ᠎ᠠ ᠶᠢ ᠲᠡᠦᠬᠡᠨ | ᠶᠣᠰᠣ ᠪᠠᠷ ᠮᠠᠨ ᠤ ᠦᠶ᠎ᠡ ᠶᠢᠨ ᠬᠢᠨ ᠤ ᠮᠦᠷᠤᠨ ᠳᠡᠭᠡᠷ᠎ᠡ ᠲᠠᠯᠪᠢᠭᠳᠠᠯ᠎ᠠ᠃ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ ᠤᠨ ᠺᠠᠳ᠋ᠷ ᠤᠨ ᠨᠢᠬᠡᠳᠤᠬᠡᠷ ᠭᠠᠵᠠᠷ ᠤᠨ ᠺᠠᠳ᠋ᠷ ᠬᠠᠨ ᠰᠢᠶᠣᠣ᠄ ︽ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ᠂ ᠲᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠤᠭ᠎ᠠ ᠬᠠᠷᠠᠯᠲᠠ ᠶᠢ | ᠪᠡᠶᠡᠯᠡᠭᠦᠯᠬᠦ ᠳᠤ ᠮᠠᠨ ᠤ ᠦᠶ᠎ᠡ ᠶᠢᠨ ᠬᠢᠨ ᠤ ᠴᠥᠬᠦᠷᠡᠰᠢ ᠦᠭᠡᠢ ᠴᠢᠷᠮᠠᠶᠢᠯᠭ᠎ᠠ ᠬᠡᠷᠡᠭᠲᠡᠢ᠃ ᠪᠢᠳᠡ ︽ᠬᠤᠶᠠᠷ ᠢ | ᠲᠤᠬᠳᠠᠭᠠᠬᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ | ᠢ ᠴᠢᠩᠭᠠᠳᠬᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ | ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠳᠤ ᠪᠠᠨ ᠰᠠᠭᠤᠷᠢᠯᠠᠨ᠂ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠨ ᠠᠵᠢᠯ ᠶᠠᠪᠤᠳᠠᠯ ᠬᠢᠵᠦ᠂ ᠨᠠᠮ ᠤᠨ ᠭᠡᠰᠢᠭᠦᠨ ᠺᠠᠳ᠋ᠷᠴᠤᠳ ᠪᠣᠯᠣᠨ ᠡᠯ᠎ᠡ ᠲᠠᠯ᠎ᠠ ᠶᠢᠨ ᠴᠢᠳᠠᠪᠤᠷᠢᠲᠠᠨ ᠢ | ᠪᠦᠲᠦᠮᠵᠢᠲᠡᠢ ᠵᠣᠬᠢᠶᠠᠨ ᠪᠠᠶᠢᠭᠤᠯᠵᠤ᠂ ᠦᠨᠳᠦᠰᠦᠨ ᠱᠠᠲᠤᠨ ᠤ ᠤᠯᠠᠨ ᠲᠦᠮᠡᠨ ᠢ ᠥᠷᠭᠡᠨ ᠢᠶᠠᠷ ᠨᠢᠭᠲᠠᠷᠠᠭᠤᠯᠵᠤ᠂ | ᠦᠨᠳᠦᠰᠦᠨ ᠱᠠᠲᠤᠨ ᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠺᠠᠳ᠋ᠷ ᠤᠯᠠᠨ ᠲᠦᠮᠡᠨ ᠢ | ᠬᠥᠲᠥᠯᠥᠨ ᠵᠢᠯᠤᠭᠤᠳᠴᠤ ᠪᠠᠶᠢᠭᠠᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠷᠠᠯᠲᠠ ᠵᠦᠭ | ᠤᠷᠤᠭᠰᠢᠯᠠᠨ ᠤᠷᠤᠭᠰᠢᠯᠠᠭᠤᠯᠬᠤ ᠶᠤᠰᠤᠳᠠᠢ︾ ᠭᠡᠵᠤ ᠬᠡᠯᠡᠪᠡ᠃ | ᠰᠢ ᠶᠢᠨ ᠫᠢᠩ ᠶᠡᠷᠤᠩᠭᠡᠢ ᠱᠦᠵᠢ ᠶᠢᠨ ᠴᠢᠬᠤᠯᠠ ᠶᠠᠷᠢᠶ᠎ᠠ ᠶᠢ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠬᠢᠩᠭᠠᠨ | ᠠᠶᠢᠮᠠᠭ ᠤᠨ ᠲᠦᠴᠢᠦᠸᠠᠨ ᠰᠢᠶᠠᠨ ᠤ ᠬᠠᠨᠭ᠍ᠭᠠᠯᠭ᠎ᠠ ᠶᠢᠨ ᠬᠤᠷᠰᠢᠶᠠᠨ ᠤ ᠠᠵᠢᠯᠳᠠᠨ᠂ ᠲᠦᠴᠢᠦᠸᠠᠨ ᠰᠢᠶᠠᠨ ᠤ ᠵᠢᠤ | ᠯᠦᠡᠭ ᠰᠢᠶᠠᠩ ᠤᠨ ᠵᠢᠤ ᠳ᠋ᠢᠩ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠰᠦᠩ ᠴᠦᠨ ᠬᠤᠤ ᠰᠡᠳᠬᠢᠯ | ᠲᠤᠬᠳᠤᠯᠬᠤ ᠳᠤ ᠪᠠᠨ᠄ ︽ᠲᠣᠰᠬᠤᠨ ᠳᠤ ᠰᠠᠭᠤᠭᠰᠠᠨ 7 ᠵᠢᠯ ᠤᠨ ᠬᠤᠭᠤᠴᠠᠭᠠᠨ ᠳᠤ᠂ ᠪᠢ ᠲᠣᠰᠬᠤᠨ ᠤ | ᠠᠷᠠᠳ ᠤᠨ ᠭᠡᠷ᠂ ᠲᠠᠷᠢᠶᠠᠨ ᠵᠠᠬ᠎ᠠ ᠪᠠᠷ ᠬᠦᠷᠴᠦ᠂ ᠠᠷᠠᠳ ᠤᠨ ᠳᠠᠭᠤᠨ ᠠᠷᠠᠳ ᠤᠨ ᠰᠠᠨᠠᠭ᠎ᠠ ᠶᠢ ᠰᠣᠨᠣᠰᠬᠤ | ᠳᠤᠮᠳᠠ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠨ | ᠲᠦᠮᠡᠨ ᠤ ᠲᠤᠯᠭᠠᠮ ᠬᠦᠴᠢᠷ ᠵᠤᠪᠠᠭᠤᠷᠢ ᠶᠢ ᠴᠠᠭ ᠲᠤᠬᠠᠢ ᠳᠤ ᠨᠢ ᠰᠢᠢᠳᠪᠦᠷᠢᠯᠡᠵᠦ᠂ ᠵᠠᠯᠠᠭᠤ ᠨᠠᠰᠤᠨ ᠤ ᠬᠦᠴᠤ | ᠬᠥᠯᠥᠰᠦ ᠪᠠᠨ ᠨᠤᠲᠤᠭ ᠤᠨ ᠰᠢᠷᠤᠢ ᠲᠡᠬᠡᠷ᠎ᠡ ᠪᠠᠨ ᠤᠷᠤᠰᠬᠠᠬᠰᠠᠨ᠃ ᠤᠳᠤ ᠬᠠᠷᠢᠭᠤᠴᠠᠯᠭ᠎ᠠ ᠬᠦᠨᠳᠦ᠂ ᠡᠭᠦᠷᠭᠡ | ᠥᠩᠭᠡ ᠭᠡᠷᠡᠯᠲᠡᠢ ᠬᠡᠳᠡᠭ ᠢ ᠨᠡᠩ ᠮᠡᠳᠡᠪᠡ᠃ ᠵᠠᠯᠠᠭᠤ ᠺᠠᠳ᠋ᠷ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ | ᠪᠣᠯᠤᠭᠰᠠᠨ ᠤ ᠬᠤᠪᠢ ᠳᠤ ᠦᠷᠭᠦᠯᠵᠢᠯᠡᠨ ᠴᠢᠷᠮᠠᠶᠢᠨ ᠤᠷᠤᠭᠰᠢᠯᠠᠵᠤ᠂ ᠬᠠᠩᠭᠠᠨ ᠪᠣᠷᠣᠯᠠᠭᠤᠯᠤᠭᠴᠢ ᠶᠢᠨ ᠤᠭ | ᠰᠠᠨᠠᠭ᠎ᠠ ᠶᠢ ᠦᠯᠦ ᠮᠠᠷᠲᠠᠵᠤ᠂ ︿ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ﹀ ᠳᠤ | ᠴᠢᠷᠮᠠᠶᠢᠨ ᠦᠢᠯᠡᠴᠢᠯᠡᠵᠦ᠂ ︿ᠬᠠᠩᠭᠠᠨ ᠪᠣᠷᠣᠯᠠᠭᠤᠯᠤᠭᠴᠢ﹀ ᠶᠢᠨ ᠴᠠᠭ ᠦᠶ᠎ᠡ ᠶᠢᠨ ᠬᠠᠷᠢᠭᠤᠴᠠᠯᠭ᠎ᠠ ᠶᠢ ᠪᠣᠳᠠᠲᠠᠢ | ᠠᠵᠢᠯᠯᠠᠭ᠎ᠠ ᠪᠠᠷ ᠢᠶᠠᠨ ᠪᠢᠴᠢᠭᠯᠡᠨ᠎ᠡ︾ ᠭᠡᠵᠦ ᠬᠡᠯᠡᠪᠡ᠃ | | | | | |