ᠵᠡᠭᠦᠨᠭᠠᠷ  ᠬᠤᠰᠢᠭᠤ  ︽ᠣᠶᠤᠨᠲᠤ ᠡᠭᠦᠳᠡᠨ ᠫᠠᠶᠢᠰᠠ︾ ᠶᠢ ᠰᠦᠯᠵᠢᠶᠡᠨ ᠳᠤ ᠣᠷᠣᠭᠤᠯᠤᠨ ᠬᠡᠷᠡᠭᠯᠡᠯᠲᠡ ᠳᠤ ᠣᠷᠣᠭᠤᠯᠪᠠ
ᠨᠡᠶᠢᠲᠡᠯᠡᠭᠰᠡᠨ ᠴᠠᠭ᠄
2023/3/24
                                  ᠤᠷᠢᠬᠠᠨ ᠮᠡᠳᠡᠭᠡᠯᠡᠪᠡ    ᠡᠭᠦᠳᠡᠨ ᠠᠰᠠᠷ ᠤᠨ ᠣᠶᠤᠨᠲᠤ ᠫᠠᠶᠢᠰᠠ ᠪᠣᠯ ᠵᠡᠭᠦᠨᠭᠠᠷ ᠬᠤᠰᠢᠭᠤᠨ ᠤ ᠣᠶᠤᠨᠲᠤ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠦᠨᠦ ᠵᠢᠯ ᠵᠡᠭᠦᠨᠭᠠᠷ ᠬᠤᠰᠢᠭᠤᠨ ᠤ ᠬᠢᠨ ᠦᠷᠭᠦᠯᠵᠢᠯᠡᠨ ᠬᠠᠷᠢᠶ᠎ᠠ ᠣᠷᠣᠨ ᠤ ᠤᠤᠯ ᠤᠨ ᠪᠠᠶᠢᠭ᠎ᠠ ᠡᠭᠦᠳᠡᠨ ᠫᠠᠶᠢᠰᠠ ᠪᠠᠨ ᠰᠤᠯᠢᠵᠤ ᠤᠭᠰᠠᠷᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠶ᠋ᠢᠭ ᠤᠨ ᠮᠡᠳᠡᠭᠡ ᠵᠠᠩᠭᠢ ᠶᠢ ᠰᠢᠨᠵᠢᠯᠡᠬᠦ ᠤᠬᠠᠭᠠᠨᠴᠢ ᠪᠠᠷ ᠨᠢᠭᠡᠳᠭᠡᠵᠦ᠂ ᠨᠢᠭᠡᠳᠦᠯᠲᠡᠢ ᠪᠠᠷᠢᠮᠵᠢᠶᠠᠲᠤ ᠬᠠᠶ᠋ᠢᠭ ᠤᠨ ᠮᠡᠳᠡᠭᠡ ᠵᠠᠩᠭᠢ ᠶᠢᠨ ᠬᠥᠮᠥᠷᠭᠡ ᠪᠠᠶᠢᠭᠤᠯᠵᠤ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠬᠠᠷᠢᠯᠴᠠᠨ ᠨᠡᠪᠲᠡᠷᠡᠯᠴᠡᠬᠦ᠂ ᠬᠠᠮᠲᠤᠪᠠᠷ ᠡᠳ᠋ᠯᠡᠬᠦ᠂ ᠬᠠᠮᠲᠤᠪᠠᠷ ᠬᠡᠷᠡᠭᠯᠡᠬᠦ ᠳᠤ ᠪᠠᠲᠤ ᠪᠠᠬᠢ ᠰᠠᠭᠤᠷᠢ ᠲᠠᠯᠪᠢᠵᠤ ᠦᠭᠪᠡ᠃     ᠡᠭᠦᠳᠡᠨ ᠠᠰᠠᠷ ᠤᠨ ᠫᠠᠶᠢᠰᠠ ᠪᠣᠯ ᠠᠰᠠᠷ ᠪᠠᠷᠢᠯᠭ᠎ᠠ ᠪᠠ ᠭᠡᠷ ᠪᠠᠶᠢᠰᠢᠩ ᠢ ᠢᠯᠭᠠᠨ ᠲᠠᠨᠢᠬᠤ ᠲᠡᠮᠳᠡᠭ ᠮᠥᠨ᠃ ᠲᠡᠷᠡ ᠨᠢ ᠮᠦᠨ ᠴᠦ ᠭᠡᠷ ᠪᠠᠶᠢᠰᠢᠩ ᠤᠨ ᠬᠤᠳᠠ ᠶᠢᠨ ᠣᠷᠤᠨ ᠪᠠᠶᠢᠷᠢ  ᠳᠤ ᠬᠢ ᠪᠠᠶᠢᠷᠢᠰᠢᠯ ᠪᠣᠯᠣᠨ᠎ᠠ᠃ 2022 ᠣᠨ ᠤ 6 ᠳ᠋ᠤᠭᠠᠷ ᠰᠠᠷ᠎ᠠ ᠠᠴᠠ ᠡᠬᠢᠯᠡᠵᠦ᠂ ᠵᠡᠭᠦᠨᠭᠠᠷ ᠬᠤᠰᠢᠭᠤᠨ ᠤ ᠬᠢᠨ ᠣᠶᠤᠨᠲᠤ ᠡᠭᠦᠳᠡᠨ ᠠᠰᠠᠷ ᠤᠨ ᠫᠠᠶᠢᠰᠠ ᠤᠭᠰᠠᠷᠠᠬᠤ ᠠᠵᠢᠯ ᠢ ᠭᠠᠷᠳᠠᠨ ᠬᠢᠵᠦ᠂ ᠤᠳᠤ ᠪᠣᠯᠲᠠᠯ᠎ᠠ ᠨᠡᠶᠢᠳᠡ 985 ᠲᠣᠮᠣ ᠡᠭᠦᠳᠡᠨ ᠤ ᠫᠠᠶᠢᠰᠠ᠂ 11000 ᠭᠠᠷᠤᠢ ᠵᠢᠵᠢᠭ ᠡᠭᠦᠳᠡᠨ ᠤ ᠫᠠᠶᠢᠰᠠ ᠶᠢ ᠤᠭᠰᠠᠷᠠᠪᠠ᠃    ᠣᠶᠢᠯᠠᠭᠠᠭᠰᠠᠨ ᠢᠶᠠᠷ᠂ ︽ᠣᠶᠤᠨᠲᠤ ᠡᠭᠦᠳᠡᠨ ᠫᠠᠶᠢᠰᠠ︾ ᠨᠢ ᠠᠷᠤ ᠲᠠᠪᠴᠠᠩ ᠤᠨ ᠰᠢᠰᠲ᠋ᠧᠮ᠂ ᠪᠤᠲᠠᠲᠠᠢ ᠡᠭᠦᠳᠡᠨ ᠫᠠᠶᠢᠰᠠ ᠵᠢᠴᠢ ᠸᠢᠴᠠᠲ ᠤᠨ ᠵᠢᠵᠢᠭ ᠫᠷᠣᠭ᠍ᠷᠠᠮ ᠵᠡᠷᠭᠡ 3 ᠬᠡᠰᠡᠭ ᠠᠴᠠ ᠪᠦᠷᠢᠯᠳᠦᠵᠡᠢ᠃ ᠨᠠᠷᠢᠯᠢᠭ ᠣᠨᠣᠴᠠᠲᠠᠢ ᠪᠠᠷ ᠬᠡᠷᠡᠭᠯᠡᠭᠴᠢ ᠨᠢᠭᠡ ᠪᠦᠷᠢ ᠶᠢᠨ ᠲᠤᠭ᠎ᠠ ᠪᠠᠷᠢᠮᠲᠠ ᠶᠢ ᠣᠷᠤᠭᠤᠯᠵᠤ ᠬᠠᠮᠢᠶᠠᠷᠬᠤ ᠨᠢ ᠬᠤᠲᠠ ᠶᠢᠨ ᠠᠷᠠᠳ ᠲᠤ ᠠᠪᠴᠤ ᠬᠡᠯᠡᠪᠡᠯ᠂ APP ᠶᠢ ᠪᠠᠭᠤᠯᠭᠠᠨ ᠤᠭᠰᠠᠷᠠᠬᠤ ᠴᠢᠬᠤᠯᠠ ᠦᠭᠡᠢ ᠪᠠᠶᠢᠵᠤ᠂ ᠵᠥᠪᠬᠡᠨ ᠸᠢᠴᠠᠲ ᠢᠶᠠᠷ ᠫᠠᠶᠢᠰᠠ ᠶᠢᠨ ᠳᠡᠭᠡᠷᠡᠬᠢ ᠬᠤᠶᠠᠷ ᠬᠡᠮᠵᠢᠯᠲᠦ ᠺᠣᠳ᠋ ᠢ ᠰᠢᠷᠪᠢᠭᠰᠡᠭᠡᠷ ᠳᠠᠷᠤᠢ ᠸᠢᠴᠠᠲ ᠤᠨ ᠵᠢᠵᠢᠭ ᠫᠷᠣᠭ᠍ᠷᠠᠮ ᠤᠨ ᠲᠤᠰᠬᠠᠢ ᠵᠠᠭᠠᠭ ᠭᠠᠳᠠᠷᠭᠤ ᠳᠤ ᠨᠡᠪᠲᠡᠷᠡᠵᠦ ︽ᠬᠤᠶᠠᠷ ᠬᠡᠮᠵᠢᠯᠲᠦ ᠺᠣᠳ᠋ ᠤᠨ ᠡᠭᠦᠳᠡᠨ ᠠᠰᠠᠷ ᠤᠨ ᠫᠠᠶᠢᠰᠠ ᠶᠢᠨ ᠦᠢᠯᠡᠴᠢᠯᠡᠭᠡᠨ ᠤ ᠲᠠᠪᠴᠠᠩ︾ ᠢ ᠰᠤᠷᠪᠤᠯᠵᠢᠯᠠᠵᠤ᠂ ᠳᠣᠲᠣᠷᠠᠬᠢ ᠴᠢᠳᠠᠮᠵᠢ ᠶᠢ ᠨᠢ ᠬᠡᠷᠡᠭᠯᠡᠵᠦ ᠪᠣᠯᠣᠨ᠎ᠠ᠃     ᠡᠨᠡ ᠬᠦ ᠤᠶᠤᠨᠲᠤ ᠡᠭᠦᠳᠡᠨ ᠫᠠᠶᠢᠰᠠ ᠨᠢ ᠲᠤᠰ ᠡᠭᠦᠳᠡᠨ ᠠᠰᠠᠷ ᠤᠨ ᠪᠣᠳᠠᠲᠠᠢ ᠣᠷᠣᠨ ᠪᠠᠶᠢᠷᠢ᠂ ᠬᠠᠷᠢᠶ᠎ᠠ ᠵᠡᠭᠡᠯᠢ ᠭᠤᠳᠤᠮᠵᠢ ᠨᠡᠶᠢᠭᠡᠮ ᠲᠤᠭᠤᠷᠢᠭ ᠤᠨ ᠴᠢᠮᠡᠭᠡ ᠵᠠᠩᠭᠢ ᠪᠠ ᠲᠤᠰ ᠬᠡᠰᠡᠭ ᠭᠠᠵᠷ ᠤᠨ ᠠᠮᠤᠷ ᠢ ᠬᠠᠮᠠᠭᠠᠯᠠᠬᠤ ᠴᠠᠭᠳᠠᠭᠠᠨ  ᠤ ᠤᠲᠠᠰᠤ ᠵᠡᠷᠭᠡ ᠶᠢ ᠬᠠᠳᠠᠭᠠᠯᠠᠵᠤ ᠴᠢᠳᠠᠭᠰᠠᠨ ᠪᠠᠶᠢᠵᠤ᠂ ᠲᠤᠬᠠᠢ ᠶᠢᠨ ᠭᠠᠵᠠᠷ ᠤᠨ ᠠᠮᠤᠷ ᠢ ᠬᠠᠮᠠᠭᠠᠯᠠᠨ ᠬᠠᠤᠯᠢ ᠬᠡᠷᠡᠭᠵᠢᠭᠦᠯᠬᠦ ᠠᠴᠠ ᠠᠷᠠᠳ ᠤᠨ ᠲᠦᠷᠭᠡᠨ ᠬᠦᠷᠭᠡᠯᠲᠡ ᠬᠦᠷᠲᠡᠯ᠎ᠡ ᠮᠠᠰᠢ ᠳᠦᠭᠦᠮ ᠦᠵᠡᠭᠦᠯᠵᠦ ᠂ ᠲᠠᠷᠠᠭᠠᠴᠢ ᠶᠢᠨ ᠠᠯᠬᠤᠮ ᠤᠨ ᠣᠶᠤᠨᠲᠤ ᠵᠡᠭᠦᠨᠭᠠᠷ ᠢ ᠪᠦᠲᠦᠭᠡᠨ ᠪᠠᠶᠢᠭᠤᠯᠬᠤ ᠳᠤ ᠰᠠᠭᠤᠷᠢ ᠲᠠᠯᠪᠢᠭᠰᠠᠨ ᠪᠠᠶᠢᠨ᠎ᠠ᠃    ᠮᠡᠳᠡᠭᠡᠯᠡᠭᠴᠢ ᠶᠢᠨ ᠬᠠᠶ᠋ᠢᠭ᠄ ᠠᠷᠠᠳ ᠤᠨ ᠶᠠᠪᠤᠳᠠᠯ ᠤᠨ ᠲᠢᠩᠬᠢᠮ ᠤᠨ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠭᠠᠵᠠᠷ  
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ ᠤᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号