ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠲᠤᠰᠠᠯᠠᠮᠵᠢ ᠶᠢᠨ ᠮᠥᠩᠭᠦ ᠶᠢ ᠲᠠᠷᠬᠠᠭᠠᠬᠤ ᠠᠵᠢᠯ ᠢ ᠯᠠᠪᠳᠠᠭᠤᠨ ᠬᠢᠵᠦ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠳᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2023/3/30
    ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ  ᠬᠢᠨ ᠦᠨᠤ ᠵᠢᠯ ᠨᠡᠶᠢᠭᠡᠮ ᠤᠨ ᠲᠤᠰᠠᠯᠠᠮᠵᠢ ᠶᠢᠨ ᠠᠵᠢᠯ ᠤᠨ ᠲᠣᠭᠲᠠᠴᠠ ᠶᠢ ᠤᠯᠠᠮ ᠪᠦᠷᠢᠨᠰᠢᠭᠦᠯᠵᠦ᠂  ᠲᠤᠰᠠᠯᠠᠮᠵᠢ ᠬᠦᠷᠳᠡᠭᠰᠡᠳ ᠢ ᠨᠠᠷᠢᠯᠢᠭ ᠣᠨᠣᠴᠠᠲᠠᠢ ᠮᠠᠭᠠᠳᠯᠠᠨ ᠲᠣᠭᠲᠠᠭᠠᠵᠤ᠂ ᠨᠥᠬᠦᠴᠡᠯ ᠳᠤ ᠨᠡᠶᠢᠴᠡᠬᠦ ᠬᠦᠴᠢᠷᠳᠡᠯᠲᠡᠢ ᠬᠥᠮᠥᠰ ᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠤᠨ ᠲᠤᠰᠠᠯᠠᠮᠵᠢ ᠶᠢᠨ ᠪᠠᠲᠤᠯᠠᠭ᠎ᠠ ᠳᠤ ᠴᠠᠭ ᠲᠤᠬᠠᠢ ᠳᠤ ᠨᠢ ᠣᠷᠣᠭᠤᠯᠪᠠ᠃ ᠲᠦᠷ ᠴᠠᠭ ᠤᠨ ᠲᠤᠰᠠᠯᠠᠮᠵᠢ ᠶᠢᠨ ᠡᠷᠴᠢᠮ ᠢᠶᠠᠨ ᠴᠢᠩᠭᠠᠷᠠᠭᠤᠯᠵᠤ᠂ ᠭᠡᠨᠡᠳᠲᠡ ᠶᠢᠨ᠂ ᠲᠤᠯᠭᠠᠮ᠂ ᠲᠦᠷ ᠴᠠᠭ ᠤᠨ ᠠᠮᠢᠳᠤᠷᠠᠯ ᠤᠨ ᠬᠦᠴᠢᠷᠳᠡᠯ ᠳᠤ  ᠲᠤᠯᠭᠠᠷᠠᠬᠰᠠᠳ ᠲᠤ ᠲᠦᠷ ᠴᠠᠭ ᠤᠨ ᠲᠤᠰᠠᠯᠠᠮᠵᠢ ᠬᠦᠷᠳᠡᠬᠡᠪᠡ᠃ ᠢᠳᠡᠪᠬᠢᠲᠡᠢ ᠪᠠᠷ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠦᠴᠢᠷᠳᠡᠯᠲᠡᠢ ᠣᠯᠠᠨ ᠲᠦᠮᠡᠨ ᠤ ᠲᠤᠰᠠᠯᠠᠮᠵᠢ ᠶᠢᠨ ᠪᠡᠯᠡ ᠮᠥᠩᠭᠦ ᠣᠯᠭᠤᠬᠤ ᠠᠵᠢᠯ ᠳᠤ ᠴᠠᠭ ᠲᠤᠬᠠᠢ ᠳᠤ ᠨᠢ ᠬᠢᠨᠠᠯᠲᠠ  ᠲᠠᠯᠪᠢᠵᠤ᠂ ᠠᠵᠢᠯ ᠤᠨ ᠲᠣᠬᠢᠷᠠᠭᠤᠯᠤᠯᠲᠠ ᠶᠢ ᠴᠢᠩᠭᠠᠷᠠᠭᠤᠯᠤᠨ᠂ ᠲᠤᠰᠠᠯᠠᠮᠵᠢ ᠶᠢᠨ ᠪᠡᠯᠡ ᠮᠥᠩᠭᠦ ᠶᠢ ᠴᠠᠭ ᠲᠤᠬᠠᠢ ᠳᠤ ᠨᠢ᠂ ᠲᠤᠭ᠎ᠠ ᠶᠣᠰᠣᠭᠠᠷ᠂ ᠣᠨᠣᠪᠴᠢᠲᠠᠶ ᠣᠯᠭᠤᠬᠤ ᠶᠢ  ᠪᠠᠳᠤᠯᠠᠵᠠᠢ᠃    2023 ᠣᠨ ᠤ 1 ︱ 2 ᠳ᠋ᠤᠭᠠᠷ ᠰᠠᠷ᠎ᠠ ᠳᠤ᠂ ᠮᠠᠨ ᠤ ᠣᠷᠣᠨ ᠳᠤ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠳᠡᠭᠴᠢ 153.73 ᠲᠦᠮᠡᠨ ᠬᠥᠮᠥᠨ ᠢ ᠪᠠᠲᠤᠯᠠᠵᠤ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠡᠯᠡ ᠮᠥᠩᠭᠦ ᠶᠢ 11.93 ᠳ᠋ᠦᠩᠰᠢᠭᠤᠷ ᠲᠥᠭᠦᠷᠢᠭ ᠲᠠᠷᠬᠠᠭᠠᠪᠠ᠃ ᠲᠦᠷ ᠴᠠᠭ᠂ ᠬᠡᠨᠡᠳᠳᠡ ᠪᠠᠷ ᠬᠦᠴᠢᠷᠳᠡᠯ ᠳᠤ ᠤᠴᠠᠷᠠᠭᠰᠠᠨ ᠭᠡᠷ ᠪᠦᠯᠢ ᠳᠤ 4 .7 ᠲᠦᠮᠨ ᠤᠳᠠᠭ᠎ᠠ ᠲᠦᠷ ᠴᠠᠭ ᠤᠨ ᠲᠤᠰᠠᠯᠠᠮᠵᠢ ᠬᠦᠷᠳᠡᠭᠡᠵᠤ᠂  ᠲᠤᠰᠠᠯᠠᠮᠵᠢ  ᠶᠢᠨ ᠮᠥᠩᠭᠦ ᠶᠢ 0.54 ᠳ᠋ᠦᠩᠰᠢᠭᠤᠷ ᠲᠥᠭᠦᠷᠢᠭ ᠲᠠᠷᠬᠠᠭᠠᠪᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号