ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠰᠠᠶᠢᠨ ᠳᠤᠷ᠎ᠠ ᠶᠢᠨ ᠦᠢᠯᠡᠴᠢᠯᠡᠭᠡ ᠶᠢ ᠬᠦᠨᠵᠡᠬᠡᠶᠢᠷᠡᠬᠦᠯᠪᠡ
ᠨᠡᠶᠢᠲᠡᠯᠡᠭᠰᠡᠨ ᠴᠠᠭ᠄
2023/3/9
    — ᠦᠪᠤᠷ ᠮᠤᠩᠭᠤᠯ ᠤᠨ ᠤᠯᠠᠨ ᠭᠠᠵᠠᠷ ᠤᠨ ᠬᠢᠨ ᠯᠸᠢ ᠹᠸᠡᠭ ᠠᠴᠠ ᠰᠤᠷᠤᠯᠴᠠᠬᠤ ᠰᠠᠶᠢᠨ ᠲᠤᠷ᠎ᠠ ᠶᠢᠨ  ᠦᠢᠯᠡᠴᠢᠯᠡᠭᠡ ᠦᠷᠨᠢᠬᠦᠯᠪᠡ     ᠯᠧᠢ ᠹᠧᠩ ᠤᠨ ᠵᠣᠷᠢᠭ ᠰᠠᠨᠠᠭ᠎ᠠ ᠶᠢ ᠨᠡᠩ ᠰᠠᠶᠢᠳᠤᠷ ᠵᠠᠯᠭᠠᠮᠵᠢᠯᠠᠵᠤ᠂ ᠴᠠᠭ ᠦᠶ᠎ᠡ ᠶᠢᠨ ᠰᠢᠨ᠎ᠡ ᠰᠤᠷᠲᠠᠯ ᠢ ᠪᠠᠳᠠᠷᠠᠭᠤᠯᠬᠤ ᠶᠢᠨ ᠲᠥᠯᠥᠭᠡ᠂ ᠣᠷᠴᠢᠮᠬᠠᠨ ᠳᠤ ᠪᠦᠬᠦ ᠣᠷᠣᠨ ᠤ ᠡᠯ᠎ᠡ ᠭᠠᠵᠠᠷ ᠤᠨ ᠨᠡᠶᠢᠭᠡᠮ ᠤᠨ ᠠᠵᠢᠯ ᠤᠨ ᠪᠠᠶᠢᠭᠤᠯᠤᠮᠵᠢ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ︵ᠪᠦᠯᠬᠦᠮ ᠨᠡᠶᠢᠲᠡ︶ ᠪᠣᠯᠣᠨ ᠰᠠᠶᠢᠨ  ᠲᠤᠷᠠᠴᠤᠤᠯ ᠬᠤᠲᠠ ᠬᠥᠳᠡᠭᠡ ᠶᠢᠨ ᠨᠡᠶᠢᠭᠡᠮ ᠲᠣᠭᠤᠷᠢᠭ ᠲᠤ ᠬᠦᠷᠴᠦ᠂ ᠣᠷᠴᠢᠨ ᠠᠬᠤᠢ ᠶᠢ ᠬᠠᠮᠠᠭᠠᠯᠠᠬᠤ ᠂ ᠨᠠᠰᠤᠲᠠᠨ ᠢ ᠬᠦᠨᠳᠦᠯᠡᠬᠦ᠂ ᠬᠦᠰᠡᠯ ᠱᠠᠭᠠᠷᠳᠠᠯᠭ᠎ᠠ ᠶᠢ ᠰᠣᠨᠣᠰᠬᠤ᠂ ᠡᠷᠡᠭᠦᠯ ᠮᠡᠨᠳᠦ ᠶᠢᠨ ᠡᠮᠴᠢᠯᠡᠭᠡ ᠪᠠᠷ ᠭᠤᠣᠯ ᠠᠭᠤᠯᠭ᠎ᠠ ᠪᠣᠯᠭᠠᠭᠰᠠᠨ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠵᠦ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠦᠷᠨᠢᠬᠦᠯᠪᠡ᠃
W020230308377472586861.png
     ᠬᠥᠬᠡᠬᠤᠲᠠ ᠶᠢᠨ ᠮᠦ ᠰᠢᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠤᠨ ᠬᠢᠨ ᠰᠢ ᠴᠠ ᠹᠠᠩ ᠨᠡᠶᠢᠭᠡᠮ ᠲᠣᠭᠤᠷᠢᠭ ᠤᠨ 20 ᠭᠠᠷᠤᠢ ᠰᠠᠶᠢᠨ ᠲᠤᠷᠠᠴᠤᠤᠯ ︽ᠪᠦᠮᠪᠦᠷᠴᠡᠭ ᠤᠨ ᠰᠠᠶᠢᠨ ᠰᠠᠶᠢᠬᠠᠨ ᠲᠠ ᠪᠢᠳᠡᠨ ᠳᠤ ᠲᠦᠰᠢᠭᠯᠡᠬᠦ ᠪᠤᠯᠬᠤᠷ ᠬᠤᠭ ᠨᠣᠪᠰᠢ ᠶᠢ ᠠᠩᠬᠢᠯᠠᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠡᠢ᠃ ᠨᠡᠶᠢᠭᠡᠮ ᠤᠨ ᠠᠵᠢᠯᠲᠠᠨ ᠬᠤᠭ ᠨᠣᠪᠰᠢ ᠶᠢ ᠠᠩᠭᠢᠯᠠᠬᠤ ᠪᠠᠷ ᠪᠠᠷᠢᠴᠨ ᠪᠣᠯᠭᠠᠵᠤ᠂ ᠲᠤᠰᠬᠠᠢ ᠰᠡᠳᠦᠪᠲᠦ ᠲᠠᠶᠢᠯᠤᠮᠵᠢ ᠪᠠ ᠬᠠᠷᠢᠯᠴᠠᠨ ᠦᠢᠯᠡᠳᠦᠯᠴᠡᠬᠦ ᠲᠣᠭᠯᠠᠭᠠᠮ ᠢᠶᠠᠷ ᠳᠠᠮᠵᠢᠭᠤᠯᠤᠨ᠂ ᠰᠠᠶᠢᠨ ᠲᠤᠷᠠᠴᠤᠤᠯ ᠳᠤ ᠪᠣᠯᠪᠠᠰᠤᠨ ᠢ ᠡᠷᠬᠢᠮᠯᠡᠬᠦ ᠂ ᠰᠢᠨ᠎ᠡ ᠬᠡᠪ ᠰᠤᠷᠲᠠᠯ ᠢ ᠪᠣᠶ ᠪᠣᠯᠭᠠᠬᠤ ᠣᠶᠢᠯᠠᠭᠠᠭᠳᠠᠬᠤᠨ ᠢ ᠳᠠᠮᠵᠢᠭᠤᠯᠵᠤ᠂ ᠲᠡᠳᠡᠨ ᠤ ᠪᠣᠯᠪᠠᠰᠤᠨ ᠬᠤᠲᠠ ᠶᠢᠨ ᠠᠷᠠᠳ ᠪᠠ ᠠᠷᠢᠭᠤᠨ ᠴᠡᠪᠡᠷ ᠬᠤᠲᠠ ᠶᠢᠨ ᠨᠢᠭᠡ ᠭᠡᠰᠢᠭᠦᠨ ᠪᠣᠯᠬᠤ ᠪᠠᠷ ᠴᠢᠷᠮᠠᠶᠢᠬᠤ ᠶᠢ ᠵᠤᠷᠢᠬᠵᠢᠭᠤᠯᠵᠤ ᠪᠠᠶᠢᠭ᠎ᠠ  ᠨᠢ
 W020230308377472601180.png
    ᠬᠥᠯᠥᠨ ᠪᠤᠶᠢᠷ ᠬᠤᠳᠠ ᠶᠢᠨ ᠭᠡᠷ ᠪᠦᠯᠢ ᠶᠢᠨ ᠬᠥᠮᠦᠵᠢᠯ ᠤᠨ ᠨᠡᠶᠢᠭᠡᠮᠯᠢᠭ  ᠨᠤᠸᠠᠨ ᠴᠢᠤᠸᠠᠨ ᠪᠠᠨ ︵暖泉办︶ ᠨᠡᠶᠢᠬᠡᠮ ᠤᠨ ᠠᠵᠢᠯ ᠤᠨ ᠦᠷᠳᠡᠭᠡ᠂ ᠸᠧᠨ ᠰᠢᠩ ᠨᠡᠶᠢᠭᠡᠮ ᠲᠣᠭᠤᠷᠢᠭ ᠤᠨ ᠬᠢᠨ ᠹᠦ᠋ ᠱᠧᠦ ᠺᠠᠩ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠳᠤ ᠬᠦᠷᠴᠦ ᠨᠠᠰᠤᠲᠠᠶᠢᠴᠤᠳ ᠢ ᠬᠠᠯᠠᠮᠵᠢᠯᠠᠬᠤ ᠠᠵᠢᠯᠯᠠᠭ᠎ᠠ ᠥᠷᠨᠢᠭᠦᠯᠵᠦ ᠂ ᠨᠡᠶᠢᠭᠡᠮ ᠤᠨ ᠠᠵᠢᠯᠲᠠᠳ ᠪᠣᠯᠣᠨ ᠰᠠᠶᠢᠨ ᠲᠤᠷᠠᠴᠤᠤᠯ ᠨᠠᠰᠤᠲᠠᠶᠢᠴᠤᠳ ᠤᠨ ᠬᠡᠵᠢᠬᠡ ᠶᠢ ᠵᠠᠰᠠᠵᠤ᠂ ᠬᠤᠪᠴᠠᠰᠤ ᠬᠤᠨᠠᠷ ᠢ ᠨᠢ ᠲᠢᠭᠯᠡᠵᠤ᠂ ᠬᠦᠷᠢᠶ᠎ᠡ ᠬᠠᠰᠢᠶ᠎ᠠ ᠶᠢ ᠨᠢ  ᠱᠦᠬᠦᠷᠳᠡᠨ᠂ ᠭᠡᠷ ᠪᠠᠶᠢᠰᠢᠩ ᠢ ᠨᠢ ᠴᠡᠪᠡᠷᠯᠡᠵᠤ᠂ ᠨᠠᠰᠤᠲᠠᠶᠢᠴᠤᠳ  ᠢ ᠬᠠᠯᠠᠮᠵᠢᠯᠠᠵᠤ ᠪᠠᠶᠢᠭ᠎ᠠ ᠨᠢ
W020230308377472625874.png 
        ᠲᠦᠩᠯᠢᠶᠣᠣ ᠬᠤᠳᠠ ᠶᠢᠨ ᠵᠠᠷᠤᠳ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠬᠢᠨ ᠹᠦ᠋ ᠯᠢ ᠴᠦᠨ ᠴᠧᠩ ᠨᠡᠶᠢᠭᠡᠮ ᠲᠣᠭᠤᠷᠢᠭ ᠤᠨ ᠰᠢᠨ᠎ᠡ ᠪᠣᠯᠪᠠᠰᠤᠨ ᠦᠢᠯᠡᠳᠦᠯᠭᠡ ᠶᠢᠨ ᠦᠷᠳᠡᠭᠡ ᠲᠠᠢ ᠬᠠᠮᠲᠤᠷᠠᠨ ᠬᠠᠷᠢᠶ᠎ᠠ ᠲᠣᠭᠤᠷᠢᠭ ᠲᠤ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠵᠦ᠂ ᠭᠠᠭᠴᠠᠭᠠᠷ ᠰᠠᠭᠤᠭ᠎ᠠ᠂ ᠥᠨᠥᠴᠢᠨ ᠪᠡᠯᠪᠡᠰᠦᠨ ᠪᠠ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠲᠤ ᠦᠨ᠎ᠡ ᠲᠥᠯᠥᠪᠦᠷᠢ ᠦᠭᠡᠢ ᠪᠠᠷ ᠦᠰᠤ ᠬᠡᠵᠢᠬᠡ  ᠶᠢ ᠨᠢ ᠵᠠᠰᠠᠵᠤ ᠪᠠᠶᠢᠭ᠎ᠠ ᠨᠢ 
W020230308377472647341.png 
    ᠤᠯᠠᠭᠠᠨᠴᠠᠪ ᠬᠤᠲᠠ ᠶᠢᠨ ᠰᠢᠩ ᠾᠧ ᠰᠢᠶᠠᠨ ᠤ ᠴᠧᠩ ᠭᠤᠸᠠᠨ ᠪᠠᠯᠭᠠᠰᠤᠨ ᠤ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠥᠷᠲᠡᠭᠡ ᠶᠢᠨ ᠬᠢᠨ ᠤᠯᠠᠭᠠᠨᠴᠠᠪ ᠤᠨ ᠶᠠᠩ ᠭᠤᠸᠠᠩ ᠴᠢ ᠴᠧᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ᠂ ᠮᠠ ᠴᠢᠶᠣᠤ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠰᠠᠶᠢᠨ ᠲᠤᠷᠠᠴᠤᠤᠯ ᠲᠠᠢ ᠬᠠᠮᠲᠤᠷᠠᠨ ᠨᠠᠰᠤᠲᠠᠶᠢᠴᠤᠳ ᠲᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠪᠠ ᠡᠷᠡᠭᠦᠯ ᠮᠡᠨᠳᠦ ᠶᠢᠨ ᠠᠮᠲᠠᠲᠤ ᠢᠳᠡᠭᠡᠨ ᠬᠠᠨᠭ᠍ᠭᠠᠬᠤ ᠬᠡᠯᠪᠡᠷᠢ ᠪᠠᠷ ᠹᠧᠢ ᠢᠦᠢ ᠨᠠᠰᠤᠲᠠᠶᠢᠴᠤᠳ ᠤᠨ ᠠᠰᠠᠷᠠᠮᠵᠢ ᠶᠢᠨ ᠲᠥᠪ ᠲᠤ ︽ᠯᠧᠢ ᠹᠧᠩ ᠤᠨ ᠵᠣᠷᠢᠭ ᠰᠠᠨᠠᠭ᠎ᠠ ᠠᠴᠠ ᠰᠤᠷᠤᠯᠴᠠᠵᠤ · ᠨᠡᠶᠢᠭᠡᠮ ᠤᠨ ᠠᠵᠢᠯᠲᠠᠨ ᠤ ᠴᠤᠭ ᠵᠢᠪᠬᠤᠭ᠎ᠠ ᠶᠢ ᠦᠵᠡᠭᠦᠯᠬᠦ︾ ᠰᠠᠶᠢᠨ ᠳᠤᠷ᠎ᠠ ᠶᠢᠨ  ᠦᠢᠯᠡᠴᠢᠯᠡᠭᠡ ᠬᠠᠨᠭ᠍ᠭᠠᠵᠤ ᠪᠠᠶᠢᠭ᠎ᠠ ᠨᠢ
W020230308377472666549.png
     ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠣᠷᠳᠣᠰ ᠬᠤᠳᠠ ᠶᠢᠨ ᠤᠯᠠᠭᠠᠨᠮᠥᠷᠡᠨ ᠪᠠᠯᠭᠠᠰᠤ ᠶᠢᠨ ᠨᠡᠶᠢᠭᠡᠮ ᠤᠨ ᠠᠵᠢᠯ ᠤᠨ ᠦᠷᠳᠡᠭᠡ ᠶᠢᠨ ᠬᠢᠨ ᠲᠡᠳᠬᠦᠮᠵᠢ ᠬᠦᠷᠳᠡᠭᠰᠡᠳ ᠤᠨ ᠭᠡᠷ ᠲᠤ  ᠬᠦᠷᠴᠤ᠂ ᠰᠡᠳᠬᠢᠯ ᠤᠨ ᠦᠭᠡ ᠶᠢ ᠬᠦᠯᠢᠴᠡᠩᠭᠦᠢ ᠪᠠᠷ ᠰᠣᠨᠣᠰᠴᠤ᠂ ᠬᠦᠰᠡᠯ ᠱᠠᠭᠠᠷᠳᠠᠯᠭ᠎ᠠ ᠶᠢ ᠨᠠᠷᠢᠨ ᠲᠡᠮᠳᠡᠭᠯᠡᠵᠦ᠂ ︽  ᠭᠠᠷ ᠭᠠᠷ ᠢᠶᠠᠨ ᠬᠤᠯᠪᠤᠯᠴᠠᠵᠤ᠂ ᠰᠢᠨ᠎ᠡ ᠠᠮᠢᠳᠤᠷᠠᠯ ᠢ ᠬᠠᠮᠳᠤ ᠪᠠᠷ ᠡᠭᠦᠳᠬᠦ︾ ᠯᠧᠢ ᠹᠸᠡᠭ ᠠᠴᠠ ᠰᠤᠷᠤᠯᠴᠠᠬᠤ ᠡᠳᠤᠷ ᠤᠨ ᠰᠠᠶᠢᠨ ᠳᠤᠷ᠎ᠠ ᠶᠢᠨ  ᠦᠢᠯᠡᠴᠢᠯᠡᠭᠡ ᠦᠷᠨᠢᠬᠦᠯᠵᠤ ᠪᠠᠶᠢᠭ᠎ᠠ ᠨᠢ
W020230308377472683003.png  
        ᠮᠠᠨᠵᠤᠤᠷ ᠤᠨ ᠱᠠᠨ ᠰᠢ ᠶᠢᠨ ᠬᠤᠳᠠᠯᠳᠤᠭᠠᠴᠢᠳ ᠤᠨ ᠡᠪᠯᠡᠯ ᠤᠨ ᠬᠢᠨ ᠤ ᠬᠤᠶᠢᠳᠤ ᠲᠤᠭᠤᠷᠢᠭ ᠲᠤ ᠬᠢ ᠪᠣᠭᠤᠮᠲᠠ ᠶᠢᠨ ᠨᠡᠶᠢᠭᠡᠮ ᠲᠣᠭᠤᠷᠢᠭ ᠤᠨ ᠪᠣᠭᠤᠮᠲᠠ ᠶᠢᠨ ᠠᠵᠢᠯ ᠤᠨ ᠵᠥᠪᠯᠡᠯ ᠪᠤᠯᠤᠨ ᠬᠤᠲᠠ ᠶᠢᠨ ᠭᠤᠷᠪᠠᠳᠤᠭᠠᠷ ᠪᠠᠭ᠎ᠠ ᠰᠤᠷᠭᠠᠭᠤᠯᠢ ᠲᠠᠢ ᠬᠤᠯᠪᠤᠭᠠᠯᠠᠨ᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ ᠯᠧᠢ ᠹᠧᠩ ᠮᠠᠶ᠋ᠢᠭ ᠤᠨ ᠰᠠᠶᠢᠨ ᠪᠠᠭᠠᠴᠤᠳ ᠪᠣᠯᠬᠤ︾ ᠪᠠᠷ ᠭᠤᠣᠯ ᠰᠡᠳᠦᠪ ᠪᠣᠯᠭᠠᠭᠰᠠᠨ ᠣᠷᠴᠢᠨ ᠠᠬᠤᠢ ᠶᠢᠨ ᠬᠠᠮᠠᠭᠠᠯᠠᠯᠲᠠ ᠶᠢᠨ ᠰᠠᠶᠢᠨ ᠳᠤᠷ᠎ᠠ ᠶᠢᠨ  ᠦᠢᠯᠡᠴᠢᠯᠡᠭᠡ ᠥᠷᠨᠢᠭᠦᠯᠪᠡ᠃ ᠬᠡᠤᠬᠡᠳ ᠰᠠᠶᠢᠨ ᠲᠤᠷᠠᠴᠤᠤᠯ ᠤᠳ ᠬᠠᠬᠢᠷ ᠬᠦᠢᠲᠡᠨ ᠠᠴᠠ ᠰᠦᠷᠳᠡᠯ ᠦᠬᠡᠢ  ᠴᠡᠪᠡᠷᠯᠡᠬᠦ ᠪᠠᠭᠠᠵᠢ ᠪᠠᠷ‌‍ᠷ ᠵᠡᠭᠡᠯᠢ ᠭᠤᠳᠤᠮᠵᠢ ᠶᠢᠨ ᠬᠠᠵᠠᠭᠤ ᠳᠤ ᠬᠢ ᠴᠡᠴᠡᠭ ᠤᠨ ᠲᠠᠪᠴᠠᠩ᠂ ᠵᠠᠰᠠᠮᠠᠯ ᠵᠠᠮ ᠲᠡᠬᠡᠷᠡᠬᠢ ᠬᠤᠭ ᠨᠤᠪᠰᠢ ᠶᠢ ᠲᠡᠭᠦᠵᠦ ᠪᠠᠶᠢᠭ᠎ᠠ ᠨᠢ
 W020230308377472707027.png
     ᠡᠷᠢᠶᠡᠨ ᠬᠤᠲᠠ ᠶᠢᠨ ᠤᠯᠠᠭᠠᠨ ᠨᠡᠶᠢᠬᠡᠮ ᠲᠣᠭᠤᠷᠢᠭ ᠤᠨ ᠦᠢᠯᠡᠴᠢᠯᠡᠭᠡᠨ ᠤ ᠲᠥᠪ ᠤᠨ ᠬᠢᠨ ᠬᠤᠲᠠ ᠶᠢᠨ ᠡᠮᠡᠭᠲᠡᠶᠢᠴᠦᠳ ᠤᠨ ᠬᠤᠯᠪᠤᠭ᠎ᠠ᠂ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠢᠨ ᠲᠠᠢ ᠬᠠᠮᠲᠤᠷᠠᠨ ︽ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ · ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠬᠤ︾ ᠦᠢᠯᠡᠴᠢᠯᠡᠭᠡᠨ ᠥᠷᠨᠢᠭᠦᠯᠪᠡ᠃ ᠰᠠᠶᠢᠨ ᠲᠤᠷᠠᠴᠤᠤᠯ ᠠᠳᠠᠯᠢ ᠪᠤᠰᠤ ᠬᠡᠷᠡᠭᠴᠡᠭᠡ ᠪᠦᠬᠦᠢ ᠣᠯᠠᠨ ᠲᠦᠮᠡᠨ ᠳᠤ ᠬᠠᠨᠳᠤᠭᠤᠯᠤᠨ ᠵᠤᠬᠢᠴᠠᠬᠰᠠᠨ  ᠡᠷᠡᠬᠦᠯ ᠮᠡᠨᠳᠤ ᠶᠢᠨ ᠮᠡᠳᠡᠯᠬᠡ ᠶᠢ ᠲᠠᠶᠢᠯᠪᠤᠷᠢᠯᠠᠬᠤ ᠶᠢᠨ ᠬᠠᠮᠲᠤ ᠤᠯᠠᠨ ᠡᠬᠦᠰᠳᠡᠭ ᠡᠪᠡᠳᠴᠢᠨ ᠤ ᠲᠤᠬᠠᠢ ᠠᠯᠪᠠᠨ ᠵᠢᠷᠤᠮ ᠤᠨ ᠡᠮᠴᠢᠯᠡᠭᠡ ᠪᠠ  ᠯᠠᠪᠯᠠᠯᠭ᠎ᠠ ᠬᠠᠨᠭ᠍ᠭᠠᠵᠤ ᠪᠠᠶᠢᠭ᠎ᠠ ᠨᠢ        
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号