ᠪᠦᠬᠦ ᠣᠷᠣᠨ ᠤ ︽ᠲᠠᠪᠤᠨ ᠨᠡᠶᠢᠬᠡᠮ ᠬᠤᠯᠪᠤᠭᠠᠯᠠᠨ ᠬᠥᠳᠡᠯᠦᠯᠴᠡᠬᠦ︾ ᠶᠢ ᠠᠬᠢᠭᠤᠯᠵᠤ ︽ᠨᠠᠰᠤᠳᠠᠳ ᠪᠠ ᠬᠡᠤᠬᠡᠳ︾ ᠢ  ᠬᠠᠯᠠᠮᠵᠢᠯᠠᠬᠤ ᠰᠢᠷᠢᠰ ᠲᠤᠰᠬᠠᠢ ᠰᠡᠳᠦᠪᠲᠦ ᠮᠡᠳᠡᠭᠡᠯᠡᠯ ︵ᠳᠥᠷᠪᠡ︶
ᠨᠡᠶᠢᠲᠡᠯᠡᠭᠰᠡᠨ ᠴᠠᠭ᠄
2023/4/10
    ᠨᠡᠶᠢᠭᠡᠮ ᠤᠨ ᠠᠵᠢᠯ ᠤᠨ ᠬᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠨᠡᠶᠢᠭᠡᠮ ᠤᠨ ᠠᠵᠢᠯ ᠤᠨ ᠦᠷᠳᠡᠭ ᠤᠨ ᠣᠶᠢᠯᠠᠭᠠᠭᠳᠠᠬᠤᠨ ᠢ ᠤᠯᠠᠮᠵᠢᠯᠠᠵᠤ᠂ ᠨᠡᠶᠢᠭᠡᠮ ᠤᠨ ᠠᠵᠢᠯᠲᠠᠨ ᠤ ᠴᠤᠭ ᠵᠢᠪᠬᠤᠭ᠎ᠠ ᠶᠢ ᠢᠯᠡᠷᠡᠬᠦᠯᠤᠨ᠂ ᠨᠡᠶᠢᠭᠡᠮ ᠤᠨ ᠠᠵᠢᠯ ᠤᠨ ᠬᠥᠭᠵᠢᠯᠲᠡ ᠶᠢᠨ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠪᠠ ᠨᠡᠶᠢᠭᠡᠮ ᠤᠨ ᠣᠷᠴᠢᠨ ᠨᠥᠬᠦᠴᠡᠯ ᠢ ᠪᠤᠢ  ᠪᠤᠯᠭᠠᠬᠤ ᠶᠢᠨ ᠲᠦᠯᠤᠬᠡ᠂ ᠪᠥᠬᠦ ᠣᠷᠣᠨ ᠤ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠥᠷᠲᠡᠭᠡ ᠶᠢᠨ ᠬᠢᠨ ᠤᠷᠴᠢᠮ ᠳᠤ ︽ᠲᠠᠪᠤᠨ ᠨᠡᠶᠢᠬᠡᠮ ᠬᠤᠯᠪᠤᠭᠠᠯᠠᠨ ᠬᠥᠳᠡᠯᠦᠯᠴᠡᠬᠦ︾ ︽ᠨᠠᠰᠤᠳᠠᠳ ᠪᠠ ᠬᠡᠤᠬᠡᠳ︾ ᠢ ᠬᠠᠯᠠᠮᠵᠢᠯᠠᠬᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠦᠴᠢᠷᠳᠡᠯᠲᠡᠢ ᠣᠯᠠᠨ ᠲᠦᠮᠡᠨ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠦᠨᠡᠨ ᠬᠦ ᠬᠦᠷᠳᠡᠬᠡᠵᠤ ᠪᠠᠶᠢᠨ᠎ᠠ᠃
W020230407571140042165.jpg  
        ᠬᠢᠩᠭᠠᠨ ᠠᠶᠢᠮᠠᠭ ᠤᠨ ᠷᠠᠰᠢᠶᠠᠨ ᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠷᠠᠰᠢᠶᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠤᠨ ᠠᠵᠢᠯ ᠤᠨ ᠥᠷᠲᠡᠭᠡ ᠶᠢᠨ ᠬᠢᠨ ᠲᠠᠢ ᠬᠠᠮᠲᠤᠷᠠᠨ ︽ᠭᠡᠷ ᠲᠤ ᠪᠠᠨ ᠬᠤᠴᠣᠷᠤᠭᠰᠠᠨ ᠨᠠᠰᠤᠲᠠᠶᠢᠴᠤᠳ ᠢ ᠬᠠᠯᠠᠮᠵᠢᠯᠠᠨ᠂ ᠨᠠᠰᠤᠲᠠᠶᠢᠴᠤᠳ ᠢᠶᠠᠨ ᠬᠦᠨᠳᠦᠯᠡᠨ ᠠᠰᠠᠷᠠᠬᠤ ᠠᠵᠢᠯᠯᠠᠭ᠎ᠠ︾ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠬᠠᠮᠲᠤ ᠪᠠᠷ ᠥᠷᠨᠢᠭᠦᠯᠪᠡ᠃ ᠨᠠᠰᠤᠲᠠᠶᠢᠴᠤᠳ ᠲᠤ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠪᠠ ᠰᠡᠳᠬᠢᠴᠡ ᠶᠢᠨ ᠡᠷᠡᠭᠦᠯ ᠮᠡᠨᠳᠦ ᠶᠢᠨ ᠵᠢᠯᠣᠭᠤᠳᠤᠯᠭ᠎ᠠ ᠬᠠᠩᠭᠠᠵᠤ᠂ ᠡᠷᠡᠭᠦᠯ ᠮᠡᠨᠳᠦ ᠶᠢᠨ ᠦᠨᠳᠦᠰᠦᠨ ᠮᠡᠳᠡᠯᠭᠡ ᠶᠢᠨ ᠲᠠᠯ᠎ᠠ ᠪᠠᠷ ᠨᠠᠩ ᠪᠥᠬᠦ ᠲᠠᠯ᠎ᠠ ᠶᠢᠨ ᠲᠠᠨᠢᠯᠲᠠ ᠲᠠᠢ ᠪᠣᠯᠭᠠᠭᠰᠠᠨ ᠢᠶᠠᠷ ᠪᠠᠷᠠᠬᠤ ᠦᠭᠡᠢ᠂ ᠪᠠᠰᠠ ᠨᠠᠰᠤᠲᠠᠶᠢᠴᠤᠳ ᠤᠨ ᠥᠪᠡᠷ ᠢ ᠪᠠᠨ ᠬᠠᠯᠠᠮᠵᠢᠯᠠᠬᠤ᠂ ᠡᠷᠡᠭᠦᠯ ᠮᠡᠨᠳᠦ ᠶᠢ ᠴᠢᠬᠤᠯᠠᠴᠢᠯᠠᠬᠤ ᠥᠪᠡᠷ ᠢ ᠪᠠᠨ ᠡᠷᠡᠭᠦᠯᠵᠢᠭᠦᠯᠬᠦ ᠤᠬᠠᠮᠰᠠᠷ ᠢ ᠬᠥᠭᠵᠢᠭᠡᠭᠰᠡᠨ ᠪᠠᠶᠢᠨ᠎ᠠ᠃
 W020230407571140059301.png
    ᠬᠢᠩᠭᠠᠨ ᠠᠶᠢᠮᠠᠭ ᠤᠨ ᠲᠢᠶᠠᠨ ᠵᠢᠶᠣᠣ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠤᠨ ᠠᠵᠢᠯ ᠤᠨ ᠥᠷᠲᠡᠭᠡ ᠶᠢᠨ ᠬᠢᠨ ᠹᠦ᠋ ᠠᠨ ᠨᠡᠶᠢᠭᠡᠮ ᠲᠣᠭᠤᠷᠢᠭ ᠤᠨ ᠬᠢᠨ ᠲᠠᠢ ᠬᠤᠯᠪᠤᠭᠠᠯᠠᠨ ︽ᠭᠤᠷᠪᠠ ᠶᠢ ᠬᠢᠵᠦ ᠪᠣᠯᠬᠤ ᠦᠭᠡᠢ᠂ ᠬᠡᠦᠬᠡᠳ ᠤᠨ ᠲᠤᠷᠤᠶᠢᠳᠠᠯ ᠢ ᠵᠤᠬᠰᠤᠭᠠᠬᠤ︾ ᠭᠤᠣᠯ ᠰᠡᠳᠦᠪᠲᠦ ᠭᠡᠷ ᠪᠦᠯᠢ ᠶᠢᠨ ᠬᠥᠮᠦᠵᠢᠯ ᠤᠨ ᠵᠢᠯᠤᠭᠤᠳᠬᠤ ᠠᠵᠢᠯᠯᠠᠭ᠎ᠠ ᠥᠷᠨᠢᠭᠦᠯᠵᠦ᠂ ᠨᠡᠶᠢᠭᠡᠮ ᠤᠨ ᠠᠵᠢᠯᠳᠠᠳ ︽ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠶᠢᠨ ᠲᠤᠬᠠᠢ ᠤᠬᠠᠭᠤᠯᠭ᠎ᠠ ᠪᠠ ᠲᠠᠶᠢᠯᠤᠮᠵᠢ ᠬᠢᠵᠦ᠂ ᠬᠡᠦᠬᠡᠳ ᠤᠨ ᠰᠠᠶᠢᠨ ᠰᠠᠶᠢᠬᠠᠨ ᠵᠠᠩ ᠳᠠᠳᠬᠠᠯ ᠢ ᠬᠥᠮᠥᠵᠢᠭᠦᠯᠬᠦ ᠠᠷᠭ᠎ᠠ ᠪᠠ ᠡᠴᠢᠭᠡ ᠡᠬᠡ ᠦᠷ᠎ᠡ ᠬᠡᠦᠬᠡᠳ ᠤᠨ ᠬᠠᠷᠢᠴᠠᠭ᠎ᠠ ᠶᠢ ᠳᠡᠭᠡᠭᠰᠢᠯᠡᠭᠦᠯᠬᠦ ᠰᠠᠨᠠᠭᠤᠯᠭ᠎ᠠ ᠶᠢ ᠬᠤᠪᠢᠶᠠᠯᠴᠠᠵᠤ᠂ ᠰᠣᠷᠣᠭᠴᠢ ᠶᠢᠨ ᠭᠡᠷ ᠤᠨ ᠠᠬᠠᠮᠠᠳ ᠨᠠᠷ ᠤᠨ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃
W020230407571140070485.png  
    ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠮᠢᠩ ᠷᠧᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠤᠨ ᠠᠵᠢᠯ ᠤᠨ ᠥᠷᠲᠡᠭᠡ᠂ ᠲᠦᠩᠯᠢᠶᠣᠣ ᠬᠤᠲᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢ ᠶᠢᠨ ᠨᠡᠶᠢᠭᠡᠮ ᠤᠨ ᠬᠡᠷᠡᠭ ᠶᠠᠪᠤᠳᠠᠯ ᠤᠨ ᠦᠢᠯᠡᠴᠢᠯᠡᠭᠡᠨ ᠤ ᠲᠥᠪ ᠪᠠ ᠵᠠᠰᠠᠭ ᠵᠠᠬᠢᠷᠭᠠᠨ ᠤ ᠮᠡᠳᠡᠭᠡ ᠵᠠᠩᠭᠢ ᠶᠢᠨ ︽ᠰᠢᠷᠭᠤᠯᠵᠢ︾ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠪ ᠤᠨ ᠬᠢᠨ ᠲᠦᠩᠯᠢᠶᠣᠣ ᠬᠤᠲᠠ ᠶᠢᠨ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠢᠨ ᠲᠠᠢ ᠬᠠᠮᠲᠤᠷᠠᠨ ᠸᠠᠨ ᠳ᠋ᠠ ᠲᠠᠯᠠᠪᠠᠶ ᠶᠢᠨ ᠨᠢᠭᠡᠳᠦᠭᠡᠷ ᠳᠠᠪᠬᠤᠷᠯᠢᠭ ᠲᠤ ︽ᠬᠡᠤᠬᠡᠳ ᠢ ᠬᠠᠮᠳᠤ ᠪᠠᠷ ᠬᠠᠮᠠᠭᠠᠯᠠᠶ᠎ᠠ — ᠥᠨᠥᠴᠢᠷᠡᠮᠡᠯ ᠬᠡᠮ ᠲᠠᠢ ᠬᠡᠦᠬᠡᠳ ᠢ ᠬᠠᠯᠠᠮᠵᠢᠯᠠᠨ᠂ ᠦᠰᠤᠨ ᠪᠤᠶᠢᠵᠢᠯᠲᠠ ᠳᠤ ᠨᠢ ᠲᠤᠰᠨ ᠪᠤᠯᠤᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠦᠷᠨᠢᠬᠦᠯᠵᠤ᠂ ᠨᠡᠶᠢᠭᠡᠮ ᠤᠨ ᠠᠵᠢᠯᠲᠠᠨ ᠪᠠ ᠰᠠᠶᠢᠨ ᠲᠤᠷᠠᠴᠤᠤᠯ ᠥᠨᠥᠴᠢᠷᠡᠮᠡᠯ ᠬᠡᠮ ᠲᠠᠢ ᠬᠡᠦᠬᠡᠳ ᠲᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ᠂ ᠣᠶᠤᠨ ᠳᠤ ᠲᠤᠰᠠᠲᠠᠢ ᠪᠢᠴᠢᠬᠠᠨ ᠲᠣᠭᠯᠠᠭᠠᠮ ᠠᠪᠴᠢᠷᠠᠨ ᠥᠭᠴᠦ᠂ ᠥᠨᠥᠴᠢᠷᠡᠮᠡᠯ ᠬᠡᠮ ᠲᠠᠢ ᠬᠡᠦᠬᠡᠳ ᠲᠤ ᠰᠠᠶᠢᠨ ᠰᠠᠶᠢᠬᠠᠨ ᠢ ᠮᠡᠳᠡᠷᠡᠭᠦᠯᠪᠡ᠃
            W020230407571140095988.png    
        ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ  ᠶᠢᠨ ᠬᠢᠨ ᠪᠠᠶᠠᠨᠬᠤᠰᠢᠭᠤ ᠰᠤᠮᠤ ᠶᠢᠨ ᠨᠡᠶᠢᠭᠡᠮ ᠤᠨ ᠠᠵᠢᠯ ᠤᠨ ᠦᠷᠳᠡᠭᠡ ᠳᠤ ︽︿ᠲᠠᠪᠤᠨ ᠨᠡᠶᠢᠬᠡᠮ ᠬᠤᠯᠪᠤᠭᠠᠯᠠᠨ ᠬᠥᠳᠡᠯᠦᠯᠴᠡᠬᠦ﹀ ᠶᠢ ᠠᠬᠢᠭᠤᠯᠵᠤ᠂ ︿ᠨᠠᠰᠤᠳᠠᠳ ᠪᠠ ᠬᠡᠤᠬᠡᠳ﹀ ᠢ ᠬᠠᠯᠠᠮᠵᠢᠯᠠᠬᠤ﹀ ᠶᠢ ᠠᠬᠢᠭᠤᠯᠬᠤ︾ 2023 ᠣᠨ ᠤ ᠨᠡᠶᠢᠭᠡᠮ ᠤᠨ ᠠᠵᠢᠯ ᠤᠨ ᠭᠤᠣᠯ ᠰᠡᠳᠦᠪᠲᠦ ᠤᠬᠠᠭᠤᠯᠭ᠎ᠠ ᠪᠤᠯᠤᠨ ᠨᠡᠶᠢᠭᠡᠮ ᠤᠨ ᠠᠵᠢᠯ ᠤᠨ ᠦᠷᠳᠡᠭᠡ ᠶᠢ ᠲᠣᠭᠤᠷᠢᠨ ᠦᠵᠡᠬᠦ ᠠᠵᠢᠯᠯᠠᠭ᠎ᠠ ᠥᠷᠨᠢᠭᠦᠯᠵᠦ᠂ ᠲᠣᠭᠤᠷᠢᠨ ᠦᠵᠡᠬᠦ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠪᠠᠷ ᠲᠠᠮᠵᠢᠭᠤᠯᠤᠨ᠂ ᠠᠵᠢᠯᠯᠠᠭ᠎ᠠ ᠳᠤ ᠣᠷᠣᠯᠴᠠᠭᠰᠠᠳ ᠢ ︽ᠲᠠᠪᠤᠨ ᠨᠡᠶᠢᠬᠡᠮ ᠬᠤᠯᠪᠤᠭᠠᠯᠠᠨ ᠬᠥᠳᠡᠯᠦᠯᠴᠡᠬᠦ︾ ᠪᠠ ᠨᠡᠶᠢᠭᠡᠮ ᠤᠨ ᠠᠵᠢᠯ ᠤᠨ ᠦᠷᠳᠡᠭᠡ ᠶᠢᠨ ᠪᠠᠶᠢᠭᠤᠯᠤᠯᠲᠠ ᠶᠢᠨ ᠲᠤᠬᠠᠢ ᠴᠤ᠋ ᠰᠢᠨ᠎ᠡ ᠣᠶᠢᠯᠠᠭᠠᠯᠲᠠ ᠲᠠᠢ ᠪᠣᠯᠭᠠᠭᠰᠠᠨ ᠪᠠᠶᠢᠨ᠎ᠠ᠃
 W020230407571140101365.jpg
    ᠦᠬᠠᠢ ᠬᠤᠳᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠰᠢᠨ ᠨᠠᠨ ᠨᠡᠶᠢᠭᠡᠮ ᠲᠣᠭᠤᠷᠢᠭ ᠤᠨ ᠨᠡᠶᠢᠭᠡᠮ ᠤᠨ ᠠᠵᠢᠯ ᠤᠨ ᠦᠷᠳᠡᠭᠡ ᠳᠤ ᠡᠯᠧᠺᠲᠷᠣᠨ ᠤᠩᠰᠢᠯᠭ᠎ᠠ ᠶᠢᠨ ᠦᠷᠳᠡᠭᠡ᠂ ᠨᠣᠮ ᠪᠢᠴᠢᠭ ᠤᠨ ᠤᠩᠰᠢᠯᠭ᠎ᠠ ᠶᠢᠨ ᠦᠷᠳᠡᠭᠡ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠦᠷᠳᠡᠭᠡ᠂ ᠰᠡᠳᠬᠢᠴᠡ ᠶᠢᠨ ᠯᠠᠪᠯᠠᠯᠭ᠎ᠠ ᠶᠢᠨ ᠦᠷᠳᠡᠭᠡ ᠵᠡᠷᠭᠡ ᠲᠠᠯᠠᠪᠤᠷ ᠢ ᠲᠤᠰᠬᠠᠶᠢᠯᠠᠨ ᠪᠠᠶᠢᠭᠤᠯᠵᠤ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠲᠤ ᠡᠯᠪᠡᠭ ᠪᠠᠶᠠᠯᠢᠭ ᠠᠭᠤᠯᠭ᠎ᠠ ᠲᠠᠢ ᠦᠢᠯᠡᠴᠢᠯᠡᠭᠡ ᠬᠠᠩᠭᠠᠵᠤ ᠪᠤᠢ᠃ ᠨᠡᠶᠢᠭᠡᠮ ᠤᠨ ᠠᠵᠢᠯ ᠤᠨ ᠲᠠᠰᠤᠭ ᠤᠨ ᠬᠢᠨ ︽ᠨᠠᠰᠤᠳᠠᠳ ᠪᠠ ᠬᠡᠤᠬᠡᠳ︾ ᠢ ᠬᠠᠯᠠᠮᠵᠢᠯᠠᠬᠤ ᠲᠠᠯ᠎ᠠ ᠪᠠᠷ᠂ ᠰᠤᠷᠭᠠᠭᠤᠯᠢ ᠲᠠᠷᠬᠠᠭᠰᠠᠨ ᠤ ᠳᠠᠷᠠᠭ᠎ᠠ ᠬᠠᠷᠠᠭᠠᠯᠵᠠᠬᠤ ᠬᠥᠮᠥᠨ ᠦᠭᠡᠢ ᠰᠣᠷᠣᠭᠴᠢ ᠳᠤ ᠰᠠᠨᠠᠭᠠᠴᠢᠯᠠᠭ᠎ᠠ ᠠᠴᠠ ᠪᠠᠨ ᠰᠤᠷᠤᠯᠴᠠᠯᠭ᠎ᠠ ᠶᠢᠨ ᠬᠠᠪᠰᠤᠷᠤᠮᠵᠢ ᠬᠠᠩᠭᠠᠬᠤ ᠶᠢᠨ ᠬᠠᠮᠲᠤ ᠨᠠᠰᠤᠲᠠᠶᠢᠴᠤᠳ ᠲᠤ ᠬᠠᠨᠳᠤᠭᠤᠯᠤᠨ ᠠᠮᠢᠳᠤᠷᠠᠯ ᠤᠨ ᠰᠣᠷᠪᠤᠯᠵᠢᠯᠠᠭ᠎ᠠ ᠬᠢᠬᠦ᠂ ᠨᠡᠶᠢᠭᠡᠮ ᠤᠨ ᠠᠵᠢᠯᠲᠠᠨ ᠤ ᠮᠡᠳᠡᠯᠭᠡ ᠶᠢ ᠲᠦᠭᠡᠮᠡᠯᠵᠢᠭᠦᠯᠬᠦ᠂ ᠦᠳᠡᠬᠦᠰ ᠪᠠ ᠲᠡᠳᠬᠦᠪᠤᠷᠢ ᠳᠤ ᠭᠠᠷᠤᠬᠰᠠᠳ ᠤᠨ ᠠᠮᠢᠳᠤ ᠪᠠᠶᠢᠭ᠎ᠠ ᠡᠰᠡᠬᠦ ᠶᠢ ᠭᠡᠷᠡᠴᠢᠯᠡᠬᠦ ᠵᠡᠷᠭᠡ ᠦᠢᠯᠡᠴᠢᠯᠡᠭᠡ ᠶᠢ ᠬᠠᠮᠵᠢᠨ ᠬᠢᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠨᠡᠶᠢᠳᠡᠮ ᠤᠨ ᠬᠦᠷᠢᠶᠡᠯᠡᠯ ᠢ ᠤᠯᠵᠤ ᠪᠠᠶᠢᠨ᠎ᠠ᠃   
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号