ᠮᠠᠨ ᠤ ᠤᠷᠤᠨ ᠤ ᠬᠠᠪᠤᠷ ᠤᠨ ᠲᠠᠷᠢᠶᠠᠯᠠᠭ᠎ᠠ ᠶᠢᠨ ᠲᠠᠯᠠᠪᠠᠶ 100 ᠲᠦᠮᠡᠨ ᠮᠦ ᠶᠢ ᠳᠠᠪᠠᠪᠠ
ᠨᠡᠶᠢᠲᠡᠯᠡᠭᠰᠡᠨ ᠴᠠᠭ᠄
2023/4/17
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤ 10 ᠠᠶᠢᠮᠠᠭ ᠬᠤᠲᠠ ᠶᠢᠨ ᠬᠠᠪᠤᠷ ᠤᠨ ᠲᠠᠷᠢᠶᠠᠯᠠᠭ᠎ᠠ ᠨᠢᠬᠡᠨᠳᠡ ᠡᠬᠢᠯᠡᠵᠤ᠂ ᠲᠠᠷᠢᠶᠠᠯᠠᠭ᠎ᠠ ᠶᠢᠨ ᠲᠠᠯᠠᠪᠠᠶ 116.3 ᠲᠦᠮᠡᠨ ᠮᠦ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.3 % ᠲᠦᠷᠬᠡᠳᠴᠤ᠂ 4 ᠳ᠋ᠤᠬᠡᠷ ᠰᠠᠷ᠎ᠠ ᠶᠢᠨ ᠰᠡᠭᠦᠯᠴᠢ ᠪᠤᠯᠬᠤ ᠳᠤ ᠪᠥᠬᠦ ᠣᠷᠣᠨ ᠤ ᠲᠠᠷᠢᠶᠠᠯᠠᠭ᠎ᠠ ᠶᠢᠨ ᠣᠷᠭᠢᠯ ᠬᠤᠭᠤᠴᠠᠭᠠᠨ ᠳᠤ ᠣᠷᠣᠬᠤ ᠪᠣᠯᠣᠨ᠎ᠠ᠃    ᠦᠨᠤ ᠬᠠᠪᠤᠷ ᠪᠦᠬᠦ ᠣᠷᠣᠨ ᠤ ᠡᠯ᠎ᠡ ᠭᠠᠵᠠᠷ ᠤᠨ ᠲᠠᠷᠢᠶᠠᠯᠠᠩ ᠤᠨ ᠰᠠᠯᠠᠭ᠎ᠠ ᠮᠥᠴᠢᠷ ᠤᠨ ᠬᠢᠨ ᠡᠷᠲᠡ  ᠬᠥᠳᠡᠯᠦᠯᠴᠡᠵᠦ᠂ ᠡᠷᠲᠡ ᠪᠡᠯᠡᠳᠬᠡᠯ ᠬᠢᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠢ ᠲᠠᠷᠢᠶᠠᠯᠠᠩ ᠤᠨ ᠦᠢᠯᠡᠳᠪᠦᠷᠢᠯᠡᠯ ᠤᠨ ᠲᠡᠷᠢᠭᠦᠨ ᠴᠢᠬᠤᠯᠠ ᠶᠠᠪᠤᠳᠠᠯ ᠪᠣᠯᠭᠠᠪᠠ᠃ ᠪᠥᠬᠦ ᠣᠷᠣᠨ ᠤ ᠲᠠᠷᠢᠶᠠᠯᠠᠩ ᠤᠨ ᠮᠠᠰᠢᠨ ᠲᠤᠨᠤᠭ ᠤ ᠪᠡᠯᠡᠳᠬᠡᠯ ᠶᠡᠷᠦᠩᠬᠡᠢ ᠳᠤ ᠪᠠᠨ ᠭᠦᠢᠴᠡᠳ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠪᠡᠯᠡᠳᠬᠡᠭᠰᠡᠨ ᠨᠣᠷᠮ᠎ᠠ ᠨᠢᠳᠤᠨᠤᠨ ᠤ ᠬᠢ ᠠᠴᠠ ᠵᠢᠭᠠᠬᠠᠨ ᠦᠨᠳᠤᠷ᠃ ᠡᠭᠦᠨ ᠳᠤ ᠬᠢᠮᠢ ᠶᠢᠨ ᠪᠣᠷᠳᠣᠭᠤᠷ ᠤᠨ 92% ᠢ᠂ ᠲᠠᠷᠢᠶᠠᠨ ᠡᠮ ᠤᠨ 51.1% ᠶᠢ᠂ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠤᠨ ᠦᠷ᠎ᠡ 90.5% ᠶᠢ᠂ ᠰᠦᠯᠢᠶᠥᠦ ᠪᠦᠷᠬᠦᠪᠴᠢ ᠶᠢᠨ 71.9% ᠶᠢ ᠨᠢᠬᠡᠨᠳᠡ ᠪᠡᠯᠡᠳᠬᠡᠵᠤ᠂ ᠵᠢᠱᠢᠯᠲᠡ ᠪᠠᠷ 4 ᠰᠠᠷ᠎ᠠ ᠶᠢᠨ ᠰᠡᠭᠦᠯᠴᠢ ᠪᠠᠷ ᠪᠦᠬᠦᠨ ᠢ ᠪᠡᠯᠡᠳᠬᠡᠵᠤ ᠲᠠᠭᠤᠰᠬᠠᠨ᠂ ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡ ᠶᠢ ᠪᠦᠷᠢᠮᠤᠰᠤᠨ ᠬᠠᠨᠭ᠍ᠭᠠᠬᠤ ᠪᠣᠯᠣᠨ᠎ᠠ᠃    ᠪᠣᠬᠢᠷᠲᠤᠯ ᠦᠭᠡᠢ ︽ᠠᠮᠤ ᠪᠤᠳᠠᠭᠠᠨ ᠤ ᠬᠥᠮᠥᠷᠭᠡ︾ ᠪᠣᠯᠤᠭᠰᠠᠨ ᠤ ᠬᠤᠪᠢ ᠳᠤ ᠮᠠᠨ ᠤ ᠣᠷᠣᠨ ᠦᠨᠤ ᠵᠢᠯ ᠡᠷᠳᠡᠨᠢ ᠰᠢᠰᠢ᠂ ᠰᠢᠷ᠎ᠠ ᠪᠤᠷᠴᠠᠭ ᠵᠡᠷᠭᠡ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠬᠦ ᠪᠠᠷ ᠳᠡᠮᠵᠢᠨ᠂ ᠲᠠᠯᠠᠪᠠᠶ ᠶᠢ ᠲᠣᠭᠲᠠᠪᠤᠷᠢᠵᠢᠭᠤᠯᠬᠤ᠂  ᠤᠨᠠᠯᠳᠠ ᠶᠢ ᠨᠡᠮᠡᠭᠳᠡᠬᠦᠯᠬᠦ ᠶᠢ ᠪᠡᠶᠡᠯᠡᠭᠦᠯᠬᠦ ᠶᠢᠨ ᠬᠠᠮᠲᠤ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠪᠠᠷ ᠲᠥᠯᠥᠪᠯᠡᠵᠦ ᠪᠣᠶ᠃ ᠮᠠᠨ ᠤ ᠣᠷᠣᠨ ᠲᠠᠷᠢᠶᠠᠨ ᠭᠠᠵᠠᠷ ᠤᠨ ᠬᠦᠴᠦ ᠰᠢᠮ᠎ᠡ ᠶᠢᠨ ᠬᠠᠮᠠᠭᠠᠯᠠᠯᠲᠠ ᠶᠢᠨ ᠨᠥᠬᠦᠪᠦᠷᠢ 59.3 ᠳ᠋ᠦᠩᠰᠢᠭᠤᠷ ᠲᠥᠭᠦᠷᠢᠭ᠂ ᠦᠢᠯᠡᠳᠪᠦᠷᠢᠯᠡᠭᠴᠢᠳ ᠲᠤ ᠥᠭᠬᠦ ᠨᠥᠬᠦᠪᠦᠷᠢ 78.7 ᠳ᠋ᠦᠩᠰᠢᠭᠤᠷ ᠲᠥᠭᠦᠷᠢᠭ ᠢ ᠤᠷᠢᠳᠴᠢᠯᠠᠨ ᠪᠠᠭᠤᠯᠭᠠᠵᠤ᠂ ᠲᠠᠷᠢᠶᠠᠴᠢᠳ ᠤᠨ ᠠᠮᠤ ᠪᠤᠳᠠᠭ᠎ᠠ ᠳᠠᠷᠢᠭᠰᠠᠨ ᠠᠰᠢᠭ ᠣᠷᠣᠯᠭ᠎ᠠ ᠶᠢ ᠲᠣᠭᠲᠠᠪᠤᠷᠢᠵᠢᠭᠤᠯᠤᠨ᠂ ᠲᠠᠷᠢᠶᠠᠴᠢᠳ ᠤᠨ ᠳᠠᠷᠢᠬᠤ ᠢᠳᠡᠪᠬᠢᠵᠢᠯ ᠢ ᠳᠠᠶᠢᠴᠢᠯᠠᠪᠠ᠃ ᠡᠬᠦᠨ ᠤ ᠬᠠᠮᠳᠤ ᠰᠢᠷ᠎ᠠ ᠪᠤᠷᠴᠠᠭ ᠦᠢᠯᠡᠳᠪᠦᠷᠢᠯᠡᠭᠴᠢᠳ ᠲᠤ ᠥᠭᠬᠦ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠡᠷᠳᠡᠨᠢ ᠰᠢᠰᠢ ᠶᠢᠨ ᠨᠥᠬᠦᠪᠦᠷᠢ ᠶᠢᠨ ᠪᠠᠷᠢᠮᠵᠢᠶ᠎ᠠ ᠶᠢ  ᠲᠤᠷᠤᠬᠰᠢᠯᠠᠭᠤᠯᠤᠬᠰᠠᠨ ᠢᠶᠠᠷ ᠰᠢᠷ᠎ᠠ ᠪᠤᠷᠴᠠᠭ᠂ ᠡᠷᠳᠡᠨᠢ ᠰᠢᠰᠢ ᠶᠢᠨ ᠨᠥᠬᠦᠪᠦᠷᠢ ᠶᠢᠨ ᠵᠥᠷᠢᠶ᠎ᠡ ᠶᠢ ᠨᠢᠳᠤᠨᠤᠨ ᠤ 131 ᠲᠥᠭᠦᠷᠢᠭ\ ᠮᠦ ᠠᠴᠠ 263 ᠲᠥᠭᠦᠷᠢᠭ ᠪᠤᠯᠭᠠᠬᠰᠠᠨ ᠪᠠᠶᠢᠨ᠎ᠠ᠃ ᠡᠯ᠎ᠡ ᠭᠠᠵᠠᠷ ᠤᠨ ᠬᠢᠨ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠨᠥᠬᠦᠪᠦᠷᠢ ᠶᠢᠨ ᠵᠥᠷᠢᠶ᠎ᠡ ᠶᠢ ᠵᠣᠬᠢᠰᠲᠠᠢ ᠪᠠᠷ ᠶᠡᠬᠡᠰᠬᠡᠵᠦ᠂ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠰᠢᠷ᠎ᠠ ᠪᠤᠷᠴᠠᠭ ᠳᠠᠷᠢᠬᠤ  ᠬᠡᠮᠵᠢᠶ᠎ᠡ ᠶᠢ ᠲᠤᠬᠳᠠᠪᠤᠷᠢᠵᠢᠭᠤᠯᠬᠤ ᠪᠤᠯᠤᠨ᠎ᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号