ᠬᠦᠴᠢᠷᠳᠡᠯᠲᠠᠢ ᠵᠡᠮᠳᠡᠭᠴᠦᠳ ᠤᠨ ᠠᠯᠬᠤᠬᠤ ᠬᠦᠰᠡᠯ ᠢ ᠲᠡᠷᠭᠡᠯᠰᠢᠭᠦᠯᠦᠶ᠎ᠡ
ᠨᠡᠶᠢᠲᠡᠯᠡᠭᠰᠡᠨ ᠴᠠᠭ᠄
2023/4/21
ᠬᠦᠴᠢᠷᠳᠡᠯᠲᠠᠢ ᠵᠡᠮᠳᠡᠭᠴᠦᠳ ᠤᠨ ᠠᠯᠬᠤᠬᠤ ᠬᠦᠰᠡᠯ ᠢ ᠲᠡᠷᠭᠡᠯᠰᠢᠭᠦᠯᠦᠶ᠎ᠡ                                         ᠨᠣᠮᠢᠨ  ᠂  ᠴᠣᠯᠮᠣᠨ    ᠮᠡᠳᠡᠭᠡᠯᠡᠪᠡ   ᠬᠠᠪᠤᠷ ᠤᠨ ᠠᠭᠤᠷ ᠣᠷᠣᠭᠰᠠᠨ ᠨᠢ ᠬᠠᠪᠤᠷ ᠤᠨ ᠤᠯᠠᠷᠢᠯ ᠤᠨ ᠭᠥᠰᠢᠭᠡ ᠶᠢ ᠰᠡᠬᠦᠵᠦ᠂ ᠲᠦᠮᠡᠨ ᠪᠣᠳᠠᠰ ᠠᠮᠢᠯᠠᠨ ᠰᠡᠷᠭᠦᠭᠰᠡᠨ ᠬᠠᠪᠤᠷ ᠴᠠᠭ ᠬᠦᠷᠴᠦ ᠢᠷᠡᠭᠰᠡᠨ ᠤ ᠲᠡᠮᠳᠡᠭ ᠪᠣᠯᠣᠨ᠎ᠠ᠃ ᠭᠡᠪᠡᠴᠦ ᠣᠮᠠᠷᠠᠲᠤ ᠣᠷᠣᠨ ᠤ ᠬᠠᠪᠤᠷ ᠨᠢ ᠬᠡᠵᠢᠶᠡᠲᠡ ᠬᠤᠵᠢᠮᠳᠠᠵᠦ ᠢᠷᠡᠳᠡᠭ ᠤᠨ ᠤᠴᠢᠷ ᠠᠭᠤᠷ ᠠᠮᠢᠰᠬᠤᠯ ᠬᠠᠯᠠᠭᠤᠨ ᠲᠠᠢ ᠬᠥᠢᠲᠡᠨ ᠲᠠᠢ᠂ ᠬᠠᠶᠠ ᠳᠤ ᠪᠠᠨ ᠪᠠᠰᠠ ᠶᠡᠭᠡ ᠰᠠᠯᠬᠢᠯᠠᠵᠦ ᠡᠯᠡᠰᠦᠨ ᠰᠢᠭᠤᠷᠭ᠎ᠠ ᠪᠣᠰᠳᠠᠭ᠂ ᠭᠡᠪᠡᠴᠦ  ᠬᠦᠮᠦᠰ ᠶᠡᠷᠦ  ᠬᠠᠪᠤᠷ ᠢ ᠮᠠᠭᠲᠠᠨ ᠳᠠᠭᠤᠯᠠᠬᠤ  ᠪᠠᠨ  ᠵᠤᠭᠰᠤᠭ᠎ᠠ ᠦᠭᠡᠢ᠃ ᠤᠯᠠᠷᠢᠯ ᠤᠨ ᠲᠥᠷᠥᠭᠦᠦ ᠬᠠᠪᠤᠷ ᠢ ᠬᠦᠮᠦᠰ ᠬᠦᠰᠡᠯ ᠪᠣᠳᠣᠯ ᠪᠡᠶᠡᠯᠡᠯ ᠢᠶᠠᠨ ᠣᠯᠳᠠᠭ ᠤᠯᠠᠷᠢᠯ ᠭᠡᠵᠦ ᠬᠡᠯᠴᠡᠳᠡᠭ᠂ ᠡᠨᠡ ᠨᠢ ᠵᠠᠷᠢᠮ ᠬᠦᠮᠦᠰ ᠤᠨ ᠬᠤᠪᠢ ᠳᠤ ᠰᠠᠶᠢᠨ ᠰᠠᠶᠢᠬᠠᠨ ᠢ ᠪᠡᠯᠭᠡᠳᠡᠭᠰᠡᠨ ᠬᠡᠢ ᠬᠤᠭᠤᠰᠣᠨ ᠦᠭᠡ ᠪᠢᠰᠢ᠂ ᠬᠠᠷᠢᠨ ᠲᠡᠳᠡ ᠨᠠᠷ ᠤᠨ ᠪᠡᠶ᠎ᠡ ᠳᠡᠭᠡᠷ᠎ᠡ ᠡᠭᠦᠰᠦᠭᠰᠡᠨ ᠥᠪ ᠦᠨᠡᠨ ᠬᠦ ᠤᠴᠢᠷ ᠪᠠᠶᠢᠵᠦ ᠲᠠᠭᠠᠷᠠᠨ᠎ᠠ᠃   ᠥᠨᠥ ᠵᠢᠯ ᠤᠨ 3 ᠳ᠋ᠤᠭᠠᠷ ᠰᠠᠷ᠎ᠠ ᠳᠤ ᠳ᠋ᠤᠸᠠᠨ ᠸᠧᠢ ᠭᠠᠩ ᠮᠦᠨ ᠯᠠ  ᠵᠠᠩᠪᠸᠢ ᠰᠢᠶᠠᠨ ᠳᠤ ᠳᠥᠷᠢᠶᠡᠰᠦᠨ ᠮᠠᠰᠢᠨ ᠢᠶᠠᠨ   ᠪᠠᠷᠢᠵᠦ ᠪᠠᠶᠢᠬᠤ ᠳᠤ ᠲᠠᠶᠢᠪᠦᠰᠧ ᠬᠤᠰᠢᠭᠤᠨ ᠤ ᠰᠠᠭᠤᠭᠠᠯᠢ ᠠᠷᠠᠳ ᠤᠨ ᠵᠥᠪᠯᠡᠯ ᠤᠨ ᠬᠢᠨ ᠤᠲᠠᠰᠦ ᠢᠷᠡᠭᠦᠯᠵᠦ᠂  ᠬᠥᠬᠡᠬᠤᠲᠠ ᠳᠤ ᠬᠦᠷᠴᠦ ᠬᠢᠮᠡᠯ ᠮᠦᠴᠢ ᠲᠠᠭᠠᠷᠠᠭᠤᠯᠤᠭᠠᠷᠠᠢ ᠭᠡᠵᠦ ᠮᠡᠳᠡᠭᠳᠡᠪᠡ᠃ ᠳ᠋ᠤᠸᠠᠨ ᠸᠧᠢ ᠭᠠᠩ ᠡᠨᠡ ᠬᠦ ᠴᠢᠮᠡᠭᠡ ᠶᠢ ᠰᠣᠨᠣᠰᠣᠮᠠᠭᠴᠠ ᠳᠣᠣᠷ᠎ᠠ ᠪᠠᠨ ᠲᠣᠯᠣᠭᠠᠢ ᠰᠡᠭᠰᠦᠷᠴᠦ᠂ ᠬᠢᠮᠡᠯ ᠮᠥᠴᠢ ᠲᠠᠭᠠᠷᠠᠭᠤᠯᠬᠤ ᠮᠥᠩᠬᠦ ᠪᠠᠶᠢᠬᠤ ᠦᠭᠡᠢ ᠭᠡᠵᠦ ᠦᠨᠡᠨ ᠢᠶᠠᠨ ᠬᠡᠯᠡᠭᠰᠡᠨ ᠳᠤ᠂ ᠡᠨᠡ ᠤᠳᠠᠭ᠎ᠠ ᠪᠣᠯ ᠥᠪᠡᠷᠲᠡᠭᠡᠨ ᠵᠠᠰᠠᠬᠤ ᠣᠷᠣᠨ ᠤ ᠡᠷᠡᠭᠦᠯᠵᠢᠯ ᠤᠨ ᠲᠤᠰᠠᠯᠠᠬᠤ ᠪᠠᠭᠠᠵᠢ ᠶᠢᠨ ᠲᠥᠪ ᠠᠴᠠ ᠬᠦᠴᠢᠷᠳᠡᠯᠲᠠᠢ ᠵᠡᠮᠳᠡᠭᠴᠦᠳ ᠲᠤ ᠲᠦᠯᠦᠪᠦᠷᠢ ᠦᠭᠡᠢ ᠪᠠᠷ ᠬᠢᠮᠡᠯ ᠮᠥᠴᠢ ᠲᠠᠭᠠᠷᠠᠭᠤᠯᠵᠦ ᠥᠭᠴᠦ ᠪᠤᠢ᠂  ᠵᠠᠮ ᠤᠨ ᠵᠠᠷᠤᠳᠠᠯ ᠪᠣᠯᠣᠨ ᠬᠤᠭᠤᠯᠠᠨ ᠤ ᠵᠠᠷᠤᠳᠠᠯ ᠢᠶᠠᠨ ᠭᠠᠷᠭᠠᠪᠠᠯ ᠪᠣᠯᠴᠢᠬᠠᠨ᠎ᠠ ᠭᠡᠪᠡ᠃ ᠳ᠋ᠤᠸᠠᠨ ᠸᠧᠢ ᠭᠠᠩ ᠡᠭᠦᠨ ᠢ ᠢᠲᠡᠭᠡᠵᠦ ᠶᠠᠳᠠᠨ ᠬᠥᠬᠡᠬᠤᠲᠠ ᠳᠤ ᠬᠦᠷᠴᠦ ᠢᠷᠡᠯ᠎ᠡ᠃   ᠪᠢᠳᠡ ᠥᠪᠡᠷᠲᠡᠭᠡᠨ ᠵᠠᠰᠠᠬᠤ ᠣᠷᠣᠨ ᠤ ᠡᠷᠡᠭᠦᠯᠵᠢᠯ ᠤᠨ ᠲᠤᠰᠠᠯᠠᠬᠤ ᠪᠠᠭᠠᠵᠢ ᠶᠢᠨ ᠲᠥᠪ ᠲᠤ ᠬᠦᠷᠬᠦ ᠳᠤ᠂ ᠳ᠋ᠤᠸᠠᠨ ᠸᠧᠢ ᠭᠠᠩ ᠶᠠᠭ ᠰᠠᠶᠢᠬᠠᠨ ᠠᠰᠠᠷ ᠤᠨ ᠨᠢᠭᠡᠳᠦᠭᠡᠷ ᠳᠠᠪᠬᠤᠷ ᠤᠨ ᠡᠷᠡᠭᠦᠯᠵᠢᠯ ᠤᠨ ᠲᠣᠭᠤᠷᠢᠭ ᠲᠤ ᠬᠢᠮᠡᠯ ᠮᠥᠴᠢ ᠲᠠᠭᠠᠷᠠᠭᠤᠯᠤᠨ ᠲᠤᠷᠰᠢᠵᠦ ᠪᠠᠶᠢᠯ᠎ᠠ᠃ ᠥᠨᠥ ᠵᠢᠯ 59 ᠲᠠᠢ ᠳ᠋ᠤᠸᠠᠨ ᠸᠧᠢ ᠭᠠᠩ ᠪᠣᠯ ᠰᠢᠯᠢ ᠶᠢᠨ ᠭᠤᠣᠯ ᠠᠶᠢᠮᠠᠭ ᠤᠨ ᠲᠠᠶᠢᠪᠦᠰᠧ ᠬᠤᠰᠢᠭᠤᠨ ᠤ ᠬᠦᠮᠦᠨ ᠪᠣᠯᠣᠨ᠎ᠠ᠂ ᠡᠮᠦᠨ᠎ᠡ ᠨᠢ ᠰᠢᠯᠢ ᠶᠢᠨ ᠭᠤᠣᠯ ᠠᠶᠢᠮᠠᠭ ᠪᠣᠯᠣᠨ ᠵᠠᠩᠪᠸᠢ ᠰᠢᠶᠠᠨ ᠤ ᠬᠤᠭᠤᠷᠣᠨᠳᠣ ᠮᠢᠬᠠᠨ ᠤ  ᠬᠤᠳᠠᠯᠳᠤᠭ᠎ᠠ ᠬᠢᠵᠦ ᠠᠮᠢᠳᠤᠷᠠᠯ ᠢᠶᠠᠨ ᠠᠷᠭᠠᠴᠠᠭᠠᠳᠠᠭ ᠪᠠᠶᠢᠵᠠᠢ ᠃ 2018 ᠣᠨ ᠳᠤ ᠲᠡᠷᠭᠡᠨ ᠤ ᠠᠳᠡᠯ ᠠᠴᠠ ᠪᠣᠯᠵᠤ ᠬᠤᠶᠠᠷ ᠬᠥᠯ ᠪᠣᠯᠣᠨ ᠵᠡᠭᠦᠨ ᠭᠠᠷ ᠨᠢ ᠬᠥᠨᠳᠥ ᠰᠢᠷᠬᠠᠳᠤᠵᠠᠢ᠂ ᠬᠡᠳᠦᠶᠢᠪᠡᠷ ᠲᠤᠬᠠᠢ ᠶᠢᠨ ᠦᠶ᠎ᠡ ᠳᠤ ᠳᠠᠷᠤᠢ ᠵᠠᠩ ᠵᠢᠶᠠ ᠺᠸᠦ ᠬᠤᠲᠠ ᠶᠢᠨ ᠡᠮᠨᠡᠯᠭᠡ ᠶᠢᠨ ᠬᠤᠷᠢᠶᠠᠨ ᠳᠤ ᠬᠦᠷᠭᠡᠨ ᠡᠮᠨᠡᠭᠦᠯᠦᠭᠰᠡᠨ ᠪᠣᠯᠪᠠᠴᠦ ᠳ᠋ᠤᠸᠠᠨ ᠸᠧᠢ ᠭᠠᠩ ᠵᠡᠭᠦᠨ ᠬᠥᠯ ᠢᠶᠠᠨ ᠳᠠᠭᠠᠷᠢᠭᠤᠯᠵᠦ᠂ ᠪᠠᠷᠠᠭᠤᠨ ᠬᠥᠯ ᠪᠣᠯᠣᠨ ᠵᠡᠭᠦᠨ ᠭᠠᠷ ᠨᠢ ᠴᠦ ᠮᠡᠰᠡ ᠵᠠᠰᠠᠯ ᠬᠢᠭᠡᠳ‌‍ᠲ᠋ᠥ᠋ᠩᠭᠡᠵᠦ ᠠᠮᠢ ᠭᠠᠷᠪᠠ᠃ ᠳ᠋ᠤᠸᠠᠨ ᠸᠧᠢ ᠭᠠᠩ  ᠡᠮᠨᠡᠯᠭᠡ ᠶᠢᠨ ᠬᠤᠷᠢᠶᠠᠨ ᠳᠤ ᠪᠦᠬᠦᠯᠢ ᠬᠤᠶᠠᠷ ᠰᠠᠷ᠎ᠠ ᠬᠡᠪᠲᠡᠭᠡᠳ ᠰᠠᠶ᠋ᠢ ᠭᠡᠷ ᠲᠤ ᠪᠠᠨ ᠬᠠᠷᠢᠵᠦ ᠰᠣᠪᠢᠯᠠᠵᠦ ᠰᠠᠭᠤᠵᠠᠢ᠃ ᠲᠡᠷᠡ  ᠬᠡᠰᠡᠭ ᠬᠤᠭᠤᠴᠠᠭ᠎ᠠ ᠨᠢ ᠤᠷᠤᠭ ᠰᠠᠯᠤᠭᠠᠳ ᠤᠳᠠᠭᠠᠨ ᠵᠢᠯ ᠪᠣᠯᠣᠭᠰᠠᠨ ᠳ᠋ᠤᠸᠠᠨ ᠸᠧᠢ ᠭᠠᠩ ᠤᠨ ᠬᠤᠪᠢ ᠳᠤ ᠮᠠᠰᠢ ᠬᠠᠷᠠᠩᠭᠤᠢ ᠴᠠᠭ ᠦᠶ᠎ᠡ ᠭᠡᠵᠦ ᠬᠡᠯᠡᠵᠦ ᠪᠣᠯᠣᠨ᠎ᠠ᠂ ᠦᠷ᠎ᠡ ᠶᠢᠨ ᠭᠠᠭᠴᠠ ᠬᠦᠦ ᠨᠢ ᠠᠵᠢᠯ ᠠᠮᠢᠳᠤᠷᠠᠯ ᠭᠡᠵᠦ ᠶᠠᠭᠠᠷᠠᠭᠠᠳ ᠴᠠᠭ ᠮᠥᠴᠡ ᠦᠭᠡᠢ ᠬᠠᠷᠠᠭᠠᠯᠵᠠᠵᠦ ᠳᠡᠶᠢᠯᠬᠦ ᠦᠭᠡᠢ ᠪᠠᠶᠢᠭᠰᠠᠨ ᠪᠣᠯᠬᠤᠷ ᠲᠡᠷᠡ ᠪᠠᠷ ᠠᠷᠭ᠎ᠠ ᠪᠣᠰᠣ ᠬᠦᠮᠦᠨ ᠬᠥᠯᠥᠰᠦᠯᠡᠵᠦ ᠢᠳᠡᠵᠦ ᠤᠤᠭᠤᠵᠦ ᠶᠠᠪᠤᠵᠦ ᠰᠠᠭᠤᠬᠤ ᠠᠰᠠᠭᠤᠳᠠᠯ ᠢᠶᠠᠨ ᠰᠢᠢᠳᠪᠦᠷᠢᠯᠡᠪᠡ᠃ ᠳ᠋ᠤᠸᠠᠨ ᠸᠧᠢ ᠭᠠᠩ ᠲᠡᠷᠡ ᠦᠶ᠎ᠡ ᠪᠠᠨ ᠡᠷᠭᠢᠴᠡᠭᠦᠯᠬᠦ ᠳᠤ ᠪᠠᠨ ᠄ ︽ᠡᠮᠨᠡᠯᠭᠡ ᠶᠢᠨ ᠬᠤᠷᠢᠶᠠᠨ ᠠᠴᠠ ᠭᠡᠷ ᠲᠤ ᠪᠠᠨ ᠬᠠᠷᠢᠭᠰᠠᠨ ᠤ ᠳᠠᠷᠠᠭ᠎ᠠ᠂ ᠠᠮᠢᠨ ᠳᠤ ᠪᠠᠨ ᠵᠥᠪ ᠦᠭᠡᠢ ᠪᠣᠯᠴᠢᠬᠠᠭᠰᠠᠨ ᠭᠡᠵᠦ ᠬᠡᠯᠡᠪᠡᠴᠦ ᠢᠯᠡᠭᠦᠳᠡᠬᠦ ᠦᠭᠡᠢ᠂ ᠶᠠᠭᠤ ᠬᠢᠶ᠎ᠡ ᠭᠡᠵᠦ ᠪᠣᠳᠣᠪᠠᠴᠦ ᠲᠡᠩᠬᠡᠭᠡ ᠬᠦᠷᠬᠦ ᠦᠭᠡᠢ᠂ ᠣᠷᠮ᠎ᠠ ᠬᠤᠭᠤᠷᠠᠵᠦ ᠵᠣᠷᠢᠭ ᠮᠣᠬᠤᠭᠠᠳ ᠠᠮᠢᠳᠤᠷᠠᠬᠤ ᠰᠠᠨᠠᠭ᠎ᠠ ᠦᠭᠡᠢ ᠪᠣᠯᠣᠭᠰᠠᠨ᠂  ᠪᠡᠶ᠎ᠡ ᠪᠠᠨ ᠬᠤᠣᠷᠯᠠᠬᠤ ᠪᠣᠳᠣᠯ ᠴᠦ ᠣᠷᠣᠵᠦ ᠥᠩᠭᠡᠷᠡᠯ᠎ᠡ᠂ ᠲᠡᠷᠡ ᠦᠶ᠎ᠡ ᠳᠤ ᠪᠢ ᠡᠳᠦᠷᠵᠢᠨ ᠣᠷᠣᠨ ᠳᠡᠭᠡᠷ᠎ᠡ ᠪᠠᠨ ᠬᠡᠪᠲᠡᠭᠡᠳ ᠭᠠᠷ ᠤᠲᠠᠰᠤ ᠣᠷᠣᠯᠳᠣᠵᠣ ᠳᠡᠶᠢᠯᠬᠦ ᠯᠠ ᠲᠡᠩᠬᠡᠭᠡ ᠲᠠᠢ᠂ ᠮᠥᠩᠬᠦ ᠪᠠᠨ ᠦᠷᠡᠭᠡᠵᠦ ᠲᠣᠭᠯᠠᠭᠠᠮ ᠨᠠᠭᠠᠳᠤᠨ᠎ᠠ᠂ ᠰᠢᠭᠤᠳ ᠨᠡᠪᠲᠡᠷᠡᠭᠦᠯᠭᠡ ᠦᠵᠡᠵᠦ  ︿ᠪᠡᠯᠡᠭ ﹀ ᠬᠦᠷᠭᠡᠨ᠎ᠡ᠂ ᠶᠠᠭᠤ ᠴᠦ ᠭᠡᠰᠡᠨ  ᠡᠳᠦᠷ ᠥᠩᠭᠡᠷᠡᠭᠡᠵᠦ ᠯᠠ ᠪᠠᠶᠢᠬᠤ ᠬᠡᠷᠡᠭ᠂ ᠲᠡᠭᠡᠭᠡᠳ ᠪᠠᠩᠬᠢ ᠶᠢᠨ ᠺᠠᠷᠲ ᠲᠣᠳᠣᠷᠠᠬᠢ ᠬᠡᠳᠦᠨ ᠠᠷᠪᠠᠨ ᠲᠦᠮᠡ ᠶᠢᠨ ᠲᠡᠷᠭᠡᠨ ᠠᠳᠡᠯ ᠤᠨ ᠲᠦᠯᠦᠪᠦᠷᠢ ᠮᠦᠩᠬᠦ ᠪᠣᠯᠣᠨ ᠬᠠᠳᠠᠭᠠᠯᠠᠵᠦ ᠪᠠᠶᠢᠭᠰᠠᠨ ᠳᠣᠯᠤᠭ᠎ᠠ ᠨᠠᠢᠮᠠᠨ ᠲᠦᠮᠡᠨ ᠲᠦᠭᠦᠷᠢᠭ ᠢᠶᠠᠨ ᠪᠦᠷᠢᠯᠭᠡᠵᠦ ᠪᠠᠷᠠᠭᠠᠭᠰᠠᠨ ᠶᠤᠮ᠃ ᠲᠤᠬᠠᠢ ᠶᠢᠨ ᠦᠶ᠎ᠡ ᠳᠤ ᠠᠮᠢᠳᠤᠷᠠᠬᠤ ᠰᠠᠨᠠᠭ᠎ᠠ ᠭᠡᠵᠦ  ᠣᠭᠲᠣ ᠪᠠᠶᠢᠬᠤ ᠦᠭᠡᠢ ᠶᠤᠮ ᠴᠢᠨᠢ ᠲᠡᠳᠡᠭᠡᠷ ᠮᠥᠩᠬᠦ ᠶᠢ ᠬᠠᠳᠠᠭᠠᠯᠠᠭᠰᠠᠨ ᠤ ᠬᠡᠷᠡᠭ ᠠᠯᠠᠭ᠎ᠠ ᠭᠡᠵᠦ ᠪᠣᠳᠣᠵᠦ ᠪᠠᠶᠢᠭᠰᠠᠨ︾ ᠭᠡᠪᠡ᠃    ᠳ᠋ᠤᠸᠠᠨ ᠸᠧᠢ ᠭᠠᠩ ᠤᠨ ᠶᠠᠷᠢᠬᠤ ᠶᠢ ᠰᠣᠨᠣᠰᠪᠠᠯ ᠲᠡᠭᠦᠨ ᠤ ᠬᠡᠴᠢᠨᠡᠬᠡᠨ ᠣᠯᠠᠨ ᠨᠤᠭᠤᠷᠠᠯ ᠪᠦᠳᠦᠷᠢᠯ ᠢ  ᠲᠤᠭᠤᠯᠵᠦ᠂ ᠬᠡᠴᠢᠨᠡᠬᠡᠨ ᠶᠡᠭᠡ ᠰᠡᠳᠬᠢᠯ ᠤᠨ ᠳᠠᠷᠤᠭᠠᠰᠤ ᠲᠠᠢ ᠶᠠᠪᠤᠭᠰᠠᠨ ᠢ ᠮᠡᠳᠡᠵᠦ ᠪᠣᠯᠣᠨ᠎ᠠ᠃    ︽  ᠵᠣᠯ ᠲᠠᠢ ᠨᠢ ᠬᠡᠰᠡᠭ ᠬᠤᠭᠤᠴᠠᠭ᠎ᠠ ᠰᠣᠪᠢᠯᠠᠭᠰᠠᠨ ᠤ ᠳᠠᠷᠠᠭ᠎ᠠ᠂ ᠮᠢᠨᠦ ᠵᠡᠭᠦᠨ ᠭᠠᠷ ᠪᠣᠯᠣᠨ ᠪᠠᠷᠠᠭᠤᠨ ᠬᠥᠯ ᠠᠭᠠᠵᠢᠮ ᠢᠶᠠᠷ ᠢᠯᠡᠷᠢᠰᠢᠵᠤ᠂ ᠲᠠᠶᠠᠭ ᠲᠤᠯᠵᠦ ᠶᠠᠪᠤᠵᠦ ᠳᠡᠶᠢᠯᠬᠦ ᠪᠣᠯᠪᠠ᠂ ᠬᠡᠳᠦᠶᠢᠪᠡᠷ ᠪᠡᠶ᠎ᠡ ᠰᠡᠳᠬᠢᠯ ᠤᠨ ᠳᠠᠪᠬᠤᠷ ᠵᠣᠪᠠᠯᠠᠩ ᠢ ᠬᠠᠨᠲᠠᠯ᠎ᠠ ᠠᠮᠰᠠᠭᠰᠠᠨ ᠪᠣᠯᠪᠠᠴᠦ ᠨᠠᠶᠢᠵᠠ ᠨᠠᠷ ᠤᠨ ᠮᠢᠨᠢ ᠵᠣᠷᠢᠭᠵᠢᠭᠤᠯᠣᠯ ᠪᠠ ᠬᠠᠪᠰᠤᠷᠤᠯᠭ᠎ᠠ  ᠨᠢ ᠮᠢᠨᠦ ᠴᠢᠷᠮᠠᠶᠢᠨ ᠠᠮᠢᠳᠤᠷᠠᠬᠤ ᠵᠣᠷᠢᠭ ᠢ ᠬᠥᠪᠴᠢᠯᠡᠵᠦ᠂ ᠵᠡᠮᠳᠡᠭ ᠪᠣᠯᠣᠭᠰᠠᠨ ᠪᠣᠳᠠᠳᠣ ᠤᠴᠢᠷ ᠢᠶᠠᠨ ᠠᠭᠠᠵᠢᠮ ᠢᠶᠠᠷ ᠬᠦᠯᠢᠶᠡᠨ ᠠᠪᠤᠭᠰᠠᠨ ᠶᠤᠮ᠃ ᠮᠡᠰᠡ ᠵᠠᠰᠠᠯ ᠬᠢᠭᠰᠡᠨ ᠤ  ᠨᠢᠭᠡ ᠵᠢᠯ ᠤᠨ ᠳᠠᠷᠠᠭ᠎ᠠ ᠪᠢ ᠠᠦ᠋ᠲ᠋ᠣ᠋ ᠵᠠᠯᠭᠠᠯᠲᠠ ᠪᠦᠬᠦᠢ ᠮᠠᠰᠢᠨ ᠲᠡᠷᠭᠡᠨ ᠤ ᠦᠨᠡᠮᠯᠡᠯ ᠢ ᠰᠢᠯᠭᠠᠵᠦ᠂ ᠳᠦᠷᠢᠶᠡᠰᠦᠨ ᠮᠠᠰᠢᠨ ᠲᠠᠭᠤᠬᠤ ᠠᠮᠢᠳᠤᠷᠠᠯ ᠢᠶᠠᠨ ᠡᠬᠢᠯᠡᠭᠦᠯᠦᠯ᠎ᠡ᠃︾     ᠨᠢᠭᠡᠨᠲᠡ ᠳᠦᠷᠪᠡᠨ ᠵᠢᠯ ᠳᠦᠷᠢᠶᠡᠰᠦᠨ ᠮᠠᠰᠢᠨ  ᠵᠢᠯᠤᠭᠤᠳᠤᠭᠰᠠᠨ ᠲᠤᠷᠰᠢᠯᠭ᠎ᠠ ᠲᠠᠢ ᠪᠣᠯᠣᠭᠰᠠᠨ ᠳ᠋ᠤᠸᠠᠨ ᠸᠧᠢ ᠭᠠᠩ ᠶᠠᠪᠤᠬᠤ ᠵᠠᠮ ᠳᠤ ᠪᠠᠨ ᠬᠦᠴᠢᠷᠳᠡᠯ ᠳᠤ ᠲᠤᠯᠭᠠᠷᠠᠭᠰᠠᠨ ᠬᠦᠮᠦᠰ ᠲᠠᠢ ᠲᠠᠭᠠᠷᠠᠯᠳᠤᠪᠠᠯ ᠦᠷᠭᠦᠯᠵᠢ ᠲᠤᠰᠠᠯᠮᠠᠵᠢ ᠦᠵᠡᠭᠦᠯᠳᠡᠭ ᠪᠠᠶᠢᠵᠠᠢ ᠂ ᠲᠡᠷᠡ ᠲᠡᠳᠡᠭᠡᠷ ᠬᠦᠮᠦᠰ ᠠᠴᠠ ᠲᠡᠷᠭᠡᠨ ᠵᠠᠷᠤᠳᠠᠯ ᠳᠤᠲᠠᠭᠤ ᠠᠪᠬᠤ ᠪᠣᠶᠣ ᠠᠪᠬᠤ ᠦᠭᠡᠢ ᠪᠠᠶᠢᠳᠠᠯ ᠣᠯᠠᠨ ᠤᠳᠠᠭ᠎ᠠ ᠭᠠᠷᠤᠭᠰᠠᠨ ᠪᠠᠶᠢᠨ᠎ᠠ᠂ ᠢᠩᠬᠢᠭᠡᠳ ᠳᠦᠷᠪᠡᠨ ᠵᠢᠯ ᠢᠯᠡᠭᠦᠦ ᠶᠢᠨ ᠬᠤᠭᠤᠴᠠᠭᠠᠨ ᠳᠤ ᠳ᠋ᠤᠸᠠᠨ ᠸᠧᠢ ᠭᠠᠩ  ᠤᠯᠠᠨ ᠵᠣᠴᠢᠳ ᠲᠠᠢ ᠪᠣᠯᠵᠦ᠂ ᠰᠤᠷᠭᠠᠭᠤᠯᠢ ᠠᠴᠠ ᠪᠠᠨ ᠭᠡᠷ ᠲᠤ ᠪᠠᠨ ᠬᠠᠷᠢᠬᠤ ᠰᠤᠷᠤᠭᠴᠢᠳ ᠲᠤᠰᠬᠠᠶᠢᠯᠠᠨ ᠳ᠋ᠤᠸᠠᠨ ᠸᠧᠢ ᠭᠠᠩ ᠤᠨ ᠮᠠᠰᠢᠨ ᠢ ᠬᠦᠯᠢᠶᠡᠨ ᠰᠠᠭᠤᠳᠠᠭ ᠪᠠᠶᠢᠯ᠎ᠠ᠃ ᠳᠦᠷᠢᠶᠡᠰᠦᠨ ᠮᠠᠰᠢᠨ  ᠵᠢᠯᠤᠭᠤᠳᠬᠤ ᠠᠴᠠ ᠭᠠᠳᠠᠨ᠎ᠠ᠂ ᠳ᠋ᠤᠸᠠᠨ ᠸᠧᠢ ᠭᠠᠩ ᠪᠠᠰᠠ ᠳᠥᠴᠢᠭᠡᠳ ᠢᠯᠡᠭᠦᠦ ᠦᠵᠡᠮᠦᠷᠢ ᠶᠢᠨ ᠳᠠᠭᠲᠠᠭ᠎ᠠ ᠲᠡᠵᠢᠭᠡᠵᠦ᠂ ᠰᠤᠯᠠ ᠰᠡᠯᠡᠭᠦᠦ ᠴᠠᠭ ᠢᠶᠠᠷ ᠢᠶᠠᠨ ᠰᠦᠯᠵᠢᠶᠡᠨ ᠳᠡᠭᠡᠷ᠎ᠡ ᠡᠳᠦᠷ ᠳᠣᠲᠣᠮ ᠤᠨ ᠠᠮᠢᠳᠤᠷᠠᠯ ᠤᠨ ᠢᠶᠠᠨ ᠲᠤᠬᠠᠢ ᠰᠢᠭᠤᠳ ᠨᠡᠪᠲᠡᠷᠡᠭᠦᠯᠭᠡ ᠬᠢᠵᠦ ᠣᠷᠣᠯᠭ᠎ᠠ ᠪᠠᠨ ᠨᠡᠮᠡᠭᠳᠡᠭᠦᠯᠳᠡᠭ ᠪᠠᠶᠢᠨ᠎ᠠ᠃     ︽ᠠᠮᠢᠳᠤᠷᠠᠯ ᠬᠡᠳᠦᠶᠢᠪᠡᠷ ᠬᠦᠮᠦᠨ ᠤ ᠰᠠᠨᠠᠭ᠎ᠠ ᠪᠠᠷ ᠪᠣᠯᠳᠠᠭ ᠦᠭᠡᠢ ᠬᠤᠶᠢᠨ᠎ᠠ ᠪᠢᠳᠡ ᠴᠢᠷᠮᠠᠶᠢᠵᠦ ᠠᠮᠢᠳᠤᠷᠠᠬᠤ ᠯᠠ ᠬᠡᠷᠡᠭᠲᠡᠢ᠂ ᠪᠢ ᠬᠡᠵᠢᠶᠡᠲᠡ ᠰᠦᠯᠵᠢᠶᠡᠨ ᠳᠡᠭᠡᠷ᠎ᠡ ᠦᠪᠡᠷ ᠢ ᠪᠠᠨ ᠵᠡᠮᠳᠡᠭ ᠬᠦᠮᠦᠨ ᠭᠡᠵᠦ ᠬᠡᠯᠡᠭᠡᠳ ᠪᠣᠰᠣᠳ ᠢᠶᠠᠷ ᠥᠷᠥ ᠡᠪᠡᠳᠦᠭᠦᠯᠳᠡᠭ ᠦᠭᠡᠢ᠃ ᠪᠢ ᠰᠠᠷ᠎ᠠ ᠪᠦᠷᠢ 500 ᠲᠦᠭᠦᠷᠢᠭ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠨᠦᠬᠦᠪᠦᠷᠢ ᠪᠣᠯᠣᠨ 200 ᠲᠦᠭᠦᠷᠢᠭ ᠤᠨ ᠵᠡᠮᠳᠡᠭᠴᠦᠳ ᠤᠨ ᠨᠦᠬᠦᠪᠦᠷᠢ ᠬᠦᠷᠲᠡᠵᠦ ᠪᠣᠢ᠂ ᠣᠳᠣ ᠪᠠᠰᠠ ᠥᠪᠡᠷᠲᠡᠭᠡᠨ ᠵᠠᠰᠠᠬᠤ ᠣᠷᠣᠨ ᠤ ᠡᠷᠡᠭᠦᠯᠵᠢᠯ ᠤᠨ ᠲᠤᠰᠠᠯᠠᠬᠤ ᠪᠠᠭᠠᠵᠢ ᠶᠢᠨ ᠲᠥᠪ ᠤᠨ ᠬᠢᠨ ᠨᠠᠳᠠ ᠳᠤ ᠲᠦᠯᠦᠪᠦᠷᠢ ᠦᠭᠡᠢ ᠪᠠᠷ ᠬᠢᠮᠡᠯ ᠮᠥᠴᠢ ᠲᠠᠭᠠᠷᠠᠭᠤᠯᠵᠦ ᠥᠭᠭᠦᠭᠰᠡᠨ᠂ ᠠᠳᠡᠬᠢ ᠠᠵᠢᠯᠲᠠᠳ ᠨᠢ ᠮᠠᠰᠢ ᠬᠠᠷᠢᠭᠤᠴᠠᠯᠭ᠎ᠠ ᠲᠠᠢ᠂ ᠠᠳᠡ ᠢᠷᠡᠭᠡᠳ ᠪᠢ ᠨᠠᠮ ᠪᠠ ᠵᠠᠰᠠᠭ ᠤᠨ ᠣᠷᠳᠣᠨ ᠤ ᠬᠦᠴᠢᠷᠳᠡᠯᠲᠠᠢ ᠵᠡᠮᠳᠡᠭᠴᠦᠳ ᠲᠤ ᠦᠵᠡᠭᠦᠯᠦᠭᠰᠡᠨ ᠬᠠᠶᠢᠷ᠎ᠠ ᠬᠠᠯᠠᠮᠵᠢ ᠶᠢ ᠰᠡᠳᠬᠢᠯ ᠢᠶᠠᠷ ᠢᠶᠠᠨ ᠮᠡᠳᠡᠷᠡᠭᠰᠡᠨ ᠪᠢᠯᠡ᠃ ᠨᠠᠳᠠ ᠳᠤ ᠡᠨᠡ ᠬᠦ ᠰᠠᠶᠢᠨ ᠲᠣᠬᠢᠶᠠᠯ ᠲᠠᠭᠠᠷᠠᠭᠰᠠᠨ ᠶᠤᠮ ᠴᠢᠨᠢ ᠪᠢ ᠶᠠᠷᠢᠶᠠᠨ ᠦᠭᠡᠢ ᠨᠡᠩ ᠴᠢᠷᠮᠠᠶᠢᠨ ᠠᠵᠢᠯᠯᠠᠵᠦ᠂ ᠨᠡᠶᠢᠭᠡᠮ ᠳᠠᠶᠠᠭᠠᠷ ᠲᠤ ᠳᠠᠷᠤᠭᠠᠰᠤ ᠪᠣᠯᠬᠤ ᠦᠭᠡᠢ︾ ᠭᠡᠵᠦ ᠳ᠋ᠤᠸᠠᠨ ᠸᠧᠢ ᠭᠠᠩ ᠶᠠᠷᠢᠵᠦ ᠪᠠᠶᠢᠯ᠎ᠠ᠃    ᠬᠡᠳᠦᠨ ᠵᠢᠯ ᠤᠨ ᠲᠤᠷᠰᠢ᠂ ᠳ᠋ᠤᠸᠠᠨ ᠸᠧᠢ ᠭᠠᠩ ᠭᠠᠭᠴᠠ ᠬᠥᠯ᠂ ᠬᠤᠣᠰ ᠲᠠᠶᠠᠭ᠂ ᠴᠦᠬᠦᠷᠡᠰᠢ ᠦᠭᠡᠢ ᠵᠣᠷᠢᠭ ᠰᠠᠨᠠᠭ᠎ᠠ ᠪᠣᠯᠣᠨ ᠪᠠᠶᠠᠰᠤᠩᠭᠤᠢ ᠵᠠᠩ ᠢᠶᠠᠷ ᠢᠶᠠᠨ ᠥᠪᠡᠷ ᠤᠨ ᠠᠮᠢᠳᠤᠷᠠᠯ ᠢᠶᠠᠨ ᠲᠤᠯᠵᠦ ᠶᠠᠪᠤᠭᠰᠠᠨ ᠶᠤᠮ᠃ ᠦᠬᠦᠵᠦ ᠰᠡᠭᠡᠬᠦ ᠶᠢᠨ ᠭᠠᠢ ᠵᠣᠪᠠᠯᠠᠩ ᠢ ᠲᠤᠭᠤᠯᠵᠦ᠂ ᠬᠢᠵᠢᠭ ᠡᠪᠡᠳᠴᠢᠨ ᠤ ᠰᠢᠯᠭᠠᠯᠲᠠ ᠶᠢ ᠥᠩᠭᠡᠷᠡᠭᠡᠭᠰᠡᠨ ᠳ᠋ᠤᠸᠠᠨ ᠸᠧᠢ ᠭᠠᠩ ᠤᠨ ᠠᠮᠢᠳᠤᠷᠠᠯ ᠨᠢ ᠢᠳᠡᠭ ᠢᠳᠡᠭ ᠢᠶᠠᠷ ᠵᠠᠮ ᠳᠤ ᠪᠠᠨ ᠣᠷᠣᠯ᠎ᠠ᠂ ᠣᠳᠣ ᠪᠠᠰᠠ ᠬᠢᠮᠡᠯ ᠮᠥᠴᠢ ᠲᠠᠭᠠᠷᠠᠭᠤᠯᠤᠭᠠᠳ ᠶᠠᠪᠤᠵᠦ ᠰᠠᠭᠤᠬᠤ ᠳᠤ ᠨᠢ ᠨᠡᠩ ᠡᠪᠲᠠᠢ ᠪᠣᠯᠪᠠ᠃ ᠥᠪᠡᠷᠲᠡᠭᠡᠨ ᠵᠠᠰᠠᠬᠤ ᠣᠷᠣᠨ ᠤ ᠡᠷᠡᠭᠦᠯᠵᠢᠯ ᠤᠨ ᠲᠤᠰᠠᠯᠠᠬᠤ ᠪᠠᠭᠠᠵᠢ ᠶᠢᠨ ᠲᠥᠪ ᠤᠨ  ᠠᠵᠢᠯᠲᠠᠨ ᠤ ᠬᠡᠯᠡᠬᠦ ᠪᠠᠷ᠂ ᠳ᠋ᠤᠸᠠᠨ ᠸᠧᠢ ᠭᠠᠩ ᠤᠨ ᠣᠳᠣᠬᠢ ᠪᠠᠶᠢᠳᠠᠯ ᠠᠴᠠ ᠦᠵᠡᠪᠡᠯ ᠠᠳᠠᠭ ᠲᠤ ᠪᠠᠨ ᠬᠤᠶᠠᠷ ᠭᠠᠷᠠᠭ ᠤᠨ ᠴᠠᠭ ᠵᠠᠷᠤᠴᠠᠭᠤᠯᠵᠦ ᠠᠯᠬᠤᠵᠤ ᠪᠣᠯᠪᠠᠰᠤᠷᠠᠬᠤ   ᠴᠢᠬᠤᠯᠠᠲᠠᠢ᠂ ᠬᠢᠮᠡᠯ ᠮᠥᠴᠢ ᠪᠠᠷ ᠢᠶᠠᠨ ᠠᠯᠬᠤᠭᠠᠳ ᠳᠠᠰᠴᠢᠬᠠᠪᠠᠯ ᠲᠠᠶᠠᠭ ᠢᠶᠠᠨ ᠬᠠᠶᠠᠵᠦ ᠡᠪ ᠤᠨ ᠪᠠᠶᠢᠳᠠᠯ ᠳᠤ ᠣᠷᠣᠵᠦ ᠳᠡᠶᠢᠯᠬᠦ  ᠠᠵᠢ᠃           
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号