ᠯᠧᠢ ᠹᠧᠩ ᠤᠨ ᠵᠣᠷᠢᠭ ᠰᠠᠨᠠᠭ᠎ᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠤ ᠳᠤᠮᠳᠠ ᠬᠡᠷᠡᠯ ᠬᠢᠯᠪᠠᠭ᠎ᠠ ᠪᠠᠨ ᠰᠠᠴᠤᠷᠠᠭᠤᠯᠤᠬᠰᠠᠭᠠᠷ ᠪᠠᠶᠢᠨ᠎ᠠ
ᠨᠡᠶᠢᠲᠡᠯᠡᠭᠰᠡᠨ ᠴᠠᠭ᠄
2023/4/21
             — ᠬᠢᠩᠭᠠᠨ ᠠᠶᠢᠮᠠᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠤ ᠯᠧᠢ ᠹᠧᠩ ᠤᠨ ᠵᠣᠷᠢᠭ ᠰᠠᠨᠠᠭ᠎ᠠ ᠶᠢ ᠵᠠᠯᠭᠠᠮᠵᠢᠯᠠᠬᠤ ᠠᠵᠢᠯᠯᠠᠬ᠎ᠠ ᠶᠢᠨ ᠲᠤᠬᠠᠢ ᠠᠵᠢᠭᠯᠠᠯᠲᠠ                 ᠵᠤᠤ ᠸᠧᠢ ᠴᠤᠤ ᠮᠡᠳᠡᠬᠡᠯᠡᠪᠡ                  ᠰᠡᠴᠡᠨ ᠤᠷᠴᠢᠭᠤᠯᠪᠠ    ᠯᠧᠢ ᠹᠧᠩ ᠤᠨ ᠵᠣᠷᠢᠭ ᠰᠠᠨᠠᠭ᠎ᠠ ᠵᠢᠷᠠᠨ ᠬᠠᠪᠤᠷ ᠨᠠᠮᠤᠷ ᠢ ᠲᠤᠭᠤᠯᠤᠨ ᠦᠶ᠎ᠡ ᠲᠠᠮᠵᠢᠨ ᠤᠯᠠᠮᠵᠢᠯᠠᠬᠳᠠᠰᠠᠭᠠᠷ᠃ ︽ᠯᠧᠢ ᠹᠧᠩ ᠠᠴᠠ ᠰᠤᠷᠤᠯᠴᠠᠬᠤ ᠳᠤᠷᠠᠰᠬᠠᠯ ᠤᠨ ᠡᠳᠦᠷ︾ ᠤᠨ ᠵᠢᠷᠠᠳᠡᠬᠢ ᠵᠢᠯ ᠤᠨ ᠤᠢ ᠶᠢᠨ ᠲᠠᠰᠢᠷᠠᠮ ᠢᠶᠠᠷ᠂ ᠬᠢᠩᠭᠠᠨ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ  ᠠᠴᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ  ᠬᠢᠨ ᠢ ᠢᠳᠡᠪᠬᠢᠲᠡᠢ ᠲᠠᠶᠢᠴᠢᠯᠠᠨ᠂ ᠰᠢᠨ᠎ᠡ ᠴᠠᠭ ᠦᠶ᠎ᠡ ᠶᠢᠨ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠶᠤᠯ ᠲᠦᠭᠰᠢᠭᠦᠷᠢ ᠠᠴᠠ ᠠᠪᠤᠷᠠᠨ ᠬᠦᠴᠢᠷᠳᠡᠯᠲᠡᠢ ᠬᠦᠮᠦᠰ ᠢ ᠲᠤᠰᠠᠯᠠᠵᠤ᠂ ᠪᠤᠰᠤᠳ ᠢ ᠲᠤᠷᠠᠳᠠᠶᠢᠶ᠎ᠠ ᠬᠠᠪᠰᠤᠷᠬᠤ ᠠᠵᠢᠯᠯᠠᠭ᠎ᠠ ᠦᠷᠨᠢᠬᠦᠯᠵᠤ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢᠨ ᠬᠡᠯᠪᠡᠷᠢ ᠶᠢ ᠲᠠᠰᠤᠷᠠᠯᠲᠠ ᠦᠭᠡᠢ  ᠰᠢᠨᠡᠳᠬᠡᠨ᠂ ᠯᠧᠢ ᠹᠧᠩ ᠠᠴᠠ ᠰᠤᠷᠤᠯᠴᠠᠬᠤ ᠰᠢᠯᠢᠳᠡᠭ ᠤᠳᠤᠮᠰᠢᠯ ᠢ ᠵᠠᠯᠭᠠᠮᠵᠢᠯᠠᠵᠤ ᠪᠠᠶᠢᠨ᠎ᠠ᠃    ᠬᠢᠩᠭᠠᠨ ᠠᠶᠢᠮᠠᠭ ᠤᠨ ᠣᠨᠢᠰᠤᠨ ᠤ ᠦᠢᠯᠡᠰ ᠤᠨ ᠨᠡᠶᠢᠭᠡᠮᠯᠢᠭ ᠤᠨ ᠬᠢᠨ ︽ᠬᠡᠤᠬᠡᠳ ᠪᠠ  ᠨᠠᠰᠤᠲᠠᠶᠢᠴᠤᠳ ︾ ᠢ ᠬᠠᠯᠠᠮᠵᠢᠯᠠᠪᠠ    ᠬᠢᠩᠭᠠᠨ ᠠᠶᠢᠮᠠᠭ ᠤᠨ ᠣᠨᠢᠰᠤᠨ ᠤ ᠦᠢᠯᠡᠰ ᠤᠨ ᠨᠡᠶᠢᠭᠡᠮᠯᠢᠭ ᠤᠨ ᠬᠢᠨ ᠤᠷᠴᠢᠮ ᠳᠤ  ᠤᠯᠠᠭᠠᠨᠬᠤᠳᠠ ᠶᠢᠨ ᠡᠪᠯᠡᠯ ᠤᠨ ᠬᠤᠷᠢᠶ᠎ᠠ ᠪᠤᠯᠤᠨ ᠲᠢᠶᠠᠨ ᠵᠢᠶᠣᠣ ᠵᠡᠭᠡᠯᠢ ᠶᠢᠨ ᠹᠦ᠋ ᠠᠨ ᠨᠡᠶᠢᠭᠡᠮ ᠲᠣᠭᠤᠷᠢᠭ ᠤᠨ ᠬᠠᠮᠲᠤᠷᠠᠭᠰᠠᠨ ᠨᠠᠮ ᠤᠨ ᠬᠤᠷᠢᠶ᠎ᠠ ᠶᠢᠨ ᠬᠢᠨ ᠤ ᠬᠠᠮᠲᠤᠷᠠᠨ ᠡᠷᠭᠢᠯᠡᠭᠰᠡᠨ 3 ᠰᠠᠷ᠎ᠠ ᠶᠢᠨ 5 ᠤ ᠡᠳᠦᠷ ᠤᠨ ︽ᠯᠧᠢ ᠹᠧᠩ ᠠᠴᠠ ᠰᠤᠷᠤᠯᠴᠠᠬᠤ ᠡᠳᠤᠷ ᠤᠨ ᠭᠠᠷ ᠭᠠᠷ ᠢᠶᠠᠨ ᠬᠤᠯᠪᠤᠬᠰᠠᠨ ᠵᠠᠯᠠᠭᠤ ᠨᠠᠰᠤᠨ ᠤ ᠰᠠᠶᠢᠨ ᠳᠤᠷ᠎ᠠ ᠶᠢᠨ ᠠᠶᠠᠯᠠᠯ︾ ᠬᠡᠮᠡᠬᠦ ᠦᠳᠡᠬᠦᠰ ᠪᠠ ᠬᠡᠤᠬᠡᠳ ᠢ ᠬᠠᠯᠠᠮᠵᠢᠯᠠᠬᠤ ᠭᠤᠣᠯ ᠰᠡᠳᠦᠪᠲᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠤᠷᠤᠯᠴᠠᠪᠠ᠃ ᠠᠵᠢᠯᠯᠠᠭ᠎ᠠ ᠶᠢᠨ ᠳᠤᠮᠳᠠ ᠤᠨᠢᠰᠤᠨ ᠤ ᠦᠢᠯᠡᠰ ᠤᠨ ᠨᠡᠶᠢᠭᠡᠮᠯᠢᠭ ᠤᠨ ᠳᠡᠳ᠋ ᠳᠠᠷᠤᠭ᠎ᠠ ᠸᠠᠩ ᡁᠢ ᠶᠢᠨ ᠳᠠᠭᠠᠭᠤᠯᠭ᠎ᠠ ᠪᠠᠷ ᠣᠨᠴᠠᠭᠠᠶ ᠬᠦᠴᠢᠷᠳᠡᠯᠲᠡᠢ 5 ᠭᠡᠷ ᠪᠦᠯᠢ ᠳᠤ ᠲᠤᠰ ᠲᠤᠰ 2400 ᠭᠠᠷᠤᠢ ᠲᠥᠭᠦᠷᠢᠭ ᠤᠨ ᠥᠷᠲᠡᠭ ᠪᠦᠬᠦᠢ ᠬᠤᠯᠠᠭᠠᠶᠢᠴᠢ ᠠᠴᠠ ᠰᠡᠷᠬᠡᠶᠢᠯᠡᠬᠦ ᠤᠨᠢᠰᠤᠨ ᠤ ᠭᠤᠤᠯ ᠢ ᠬᠤᠳᠠᠯᠳᠤᠨ ᠠᠪᠴᠤ ᠦᠭᠭᠦᠬᠡᠳ ᠡᠬᠦᠳᠡᠨ ᠳᠤ ᠨᠢ ᠤᠬᠰᠠᠷᠠᠵᠤ ᠦᠭᠭᠦᠭᠰᠡᠨ ᠪᠠᠶᠢᠨ᠎ᠠ ᠤᠭᠰᠠᠷᠠᠭᠰᠠᠨ ᠪᠠᠶᠢᠨ᠎ᠠ᠃ ᠣᠨᠢᠰᠤ ᠪᠠᠭ᠎ᠠ ᠪᠣᠯᠪᠠᠴᠤ ᠲᠦᠭ ᠲᠦᠮᠡᠨ ᠠᠶᠢᠯ ᠡᠷᠦᠬᠡ ᠶᠢᠨ ᠠᠮᠤᠷ ᠲᠦᠪᠰᠢᠨ ᠲᠠᠢ ᠬᠤᠯᠪᠤᠬᠳᠠᠬᠤ ᠪᠢᠯᠨ᠂ ᠡᠨᠡ ᠬᠦ ᠠᠵᠢᠯᠯᠠᠭ᠎ᠠ  ᠨᠢ ᠨᠡᠩ ᠤᠯᠠᠨ ᠬᠤᠲᠠ ᠶᠢᠨ ᠬᠦᠮᠦᠰ ᠲᠤ  ᠤᠨᠢᠰᠤᠨ ᠤ ᠲᠤᠬᠠᠢ ᠮᠡᠳᠡᠯᠬᠡ ᠶᠢ ᠤᠶᠢᠯᠠᠭᠠᠭᠤᠯᠵᠤ᠂ ᠠᠮᠤᠷ ᠲᠦᠪᠰᠢᠨ ᠢ ᠪᠠᠳᠤᠯᠠᠬᠤ ᠳᠤ ᠵᠤᠬᠢᠬᠤ ᠦᠢᠯᠡᠳᠤᠯ ᠦᠵᠡᠬᠦᠯᠬᠦ ᠨᠢ ᠭᠠᠷᠴᠠᠭ᠎ᠠ ᠦᠬᠡᠢ᠃ 3 ᠳ᠋ᠤᠭᠠᠷ ᠰᠠᠷ᠎ᠠ ᠶᠢᠨ 2 ᠤᠨ ᠦᠳᠡ ᠶᠢᠨ ᠬᠤᠶᠢᠨ᠎ᠠ᠂ ᠤᠨᠢᠰᠤᠨ ᠤ ᠦᠢᠯᠡᠰ  ᠤᠨ ᠨᠡᠶᠢᠭᠡᠮᠯᠢᠭ ᠤᠨ ᠬᠢᠨ ᠪᠠᠰᠠ ᠤᠯᠠᠭᠠᠨᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠥᠷᠪᠡᠳᠦᠭᠡᠷ ᠳᠤᠭᠤᠶᠢᠯᠠᠩ᠂ ᠭᠤᠸᠠᠩ ᠮᠢᠩ ᠨᠢᠳᠦᠨ ᠤ ᠰᠢᠯ ᠤᠨ ᠳᠡᠯᠭᠡᠭᠦᠷ᠂ ᠲᠢᠶᠧ ᠰᠢ ᠵᠡᠭᠡᠯᠢ ᠶᠢᠨ ᠷᠠᠰᠢᠶᠠᠨ ᠨᠡᠶᠢᠭᠡᠮ ᠲᠣᠭᠤᠷᠢᠭ ᠲᠠᠢ ᠬᠠᠮᠲᠤᠷᠠᠨ ︽ᠯᠧᠢ ᠹᠧᠩ ᠠᠴᠠ ᠰᠤᠷᠤᠯᠴᠠᠵᠤ᠂ ︿3 . 8﹀ ᠢ ᠪᠡᠯᠬᠡᠯᠡᠬᠦ︾ ᠠᠵᠢᠯᠯᠠᠭ᠎ᠠ ᠦᠷᠨᠢᠬᠦᠯᠵᠤ᠂ ᠨᠠᠰᠤ ᠠᠬᠢᠬᠰᠠᠨ ᠡᠮᠡᠭᠲᠡᠶᠢᠴᠦᠳ ᠲᠤ ᠨᠡᠶᠢᠳᠡ 7800 ᠲᠥᠭᠦᠷᠢᠭ ᠤᠨ ᠦᠷᠳᠡᠭ ᠪᠦᠬᠦᠢ 26 ᠨᠢᠳᠦᠨ ᠤ ᠰᠢᠯ ᠢ ᠦᠨ᠎ᠡ ᠲᠦᠯᠤᠪᠤᠷᠢ ᠦᠬᠡᠢ ᠪᠠᠷ  ᠦᠭᠭᠦᠭᠰᠡᠨ ᠪᠥᠭᠡᠳ ᠬᠤᠲᠠ ᠶᠢᠨ  ᠠᠷᠠᠳ ᠤᠨ ᠬᠠᠷᠠᠭ᠎ᠠ ᠶᠢ ᠪᠠᠶᠢᠴᠠᠭᠠᠵᠤ᠂ ᠨᠢᠳᠦᠨ ᠤ ᠪᠠᠨ ᠡᠷᠡᠭᠦᠯ ᠮᠡᠨᠳᠦ ᠶᠢᠨ ᠪᠠᠶᠢᠳᠠᠯ ᠢ  ᠣᠨᠣᠴᠠᠲᠠᠢ ᠤᠶᠢᠯᠠᠭᠠᠬᠤ ᠪᠠ ᠨᠢᠳᠦ ᠪᠠᠨ ᠬᠠᠶᠢᠷᠠᠯᠠᠵᠤ ᠬᠠᠮᠠᠭᠠᠯᠠᠬᠤ ᠰᠢᠨᠵᠢᠯᠡᠬᠦ ᠤᠬᠠᠭᠠᠨᠴᠢ ᠮᠡᠳᠡᠯᠭᠡ ᠶᠢ ᠡᠵᠡᠮᠰᠢᠬᠦᠯᠪᠡ᠃    ᠬᠢᠩᠭᠠᠨ ᠠᠶᠢᠮᠠᠭ ᠤᠨ ︽ᠰᠢᠷᠭᠤᠯᠵᠢ︾ ᠬᠡᠦᠬᠡᠳ ᠤᠨ ᠠᠯᠪᠠᠨ ᠵᠢᠷᠤᠮ ᠤᠨ ᠠᠵᠢᠯ ᠤᠨ ᠪᠦᠯᠬᠦᠮ ᠤᠨ ᠬᠢᠨ ᠬᠠᠵᠠᠭᠤ ᠬᠠᠪᠢ ᠶᠢᠨ ᠢᠶᠠᠨ ᠬᠠᠮᠤᠭ ᠤᠨ ᠰᠤᠳᠤᠨ ︽ᠯᠸᠢ ᠹᠸᠡᠭ︾ ᠢ ᠬᠠᠶᠢᠬᠤ ᠠᠵᠢᠯᠯᠠᠭ᠎ᠠ ᠦᠷᠨᠢᠬᠦᠯᠪᠡ ᠳᠤᠮᠳᠠᠳᠤ ᠶᠢᠨ ᠤᠯᠠᠮᠵᠢᠯᠠᠯᠲᠤ ᠰᠤᠷᠲᠠᠯ ᠢ ᠵᠠᠯᠭᠠᠮᠵᠢᠯᠠᠵᠤ᠂ ᠰᠢᠨ᠎ᠡ ᠴᠠᠭ ᠦᠶ᠎ᠡ ᠶᠢᠨ ᠨᠡᠶᠢᠭᠡᠮ ᠵᠢᠷᠤᠮ ᠤᠨ  ᠭᠤᠣᠯᠯᠠᠭᠴᠢ ᠥᠷᠲᠡᠭ ᠤᠨ ᠦᠵᠡᠯᠲᠡ ᠶᠢ ᠪᠠᠳᠠᠷᠠᠭᠤᠯᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 4 ᠤ ᠡᠳᠦᠷ ᠤᠨ ᠦᠳᠡ ᠶᠢᠨ ᠬᠤᠶᠢᠨ᠎ᠠ᠂ ᠬᠢᠩᠭᠠᠨ ᠠᠶᠢᠮᠠᠭ ᠤᠨ  ︽ᠰᠢᠷᠭᠤᠯᠵᠢ︾ ᠬᠡᠦᠬᠡᠳ ᠤᠨ ᠠᠯᠪᠠᠨ ᠵᠢᠷᠤᠮ ᠤᠨ ᠠᠵᠢᠯ ᠤᠨ ᠪᠦᠯᠬᠦᠮ ᠤᠨ ᠬᠢᠨ ᠤᠯᠠᠭᠠᠨᠬᠤᠲᠠ ᠶᠢᠨ ᠱᠧᠩ ᠯᠢ ᠵᠡᠭᠡᠯᠢ ᠶᠢᠨ ᠡᠪᠯᠡᠯ ᠤᠨ ᠬᠤᠷᠢᠶ᠎ᠠ ᠶᠢᠨ ᠠᠵᠢᠯ ᠤᠨ ᠵᠥᠪᠯᠡᠯ ᠤᠨ  ᠬᠢᠨ ᠲᠠᠢ ᠬᠠᠮᠲᠤᠷᠠᠨ᠂ ︽  ᠬᠠᠵᠠᠭᠤ ᠬᠠᠪᠢ ᠶᠢᠨ ᠢᠶᠠᠨ ᠬᠠᠮᠤᠭ ᠤᠨ ᠰᠤᠳᠤᠨ ︿ᠯᠧᠢ ᠹᠧᠩ﹀ ᠢ ᠬᠠᠶᠢᠬᠤ︾ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ᠃ ᠠᠵᠢᠯᠯᠠᠭ᠎ᠠ ᠶᠢᠨ ᠳᠤᠮᠳᠠ ᠬᠡᠦᠬᠡᠳ ᠤᠳ ᠳᠤᠭᠤᠶᠢᠯᠠᠩ ᠬᠤᠪᠢᠶᠠᠵᠤ᠂ ᠨᠡᠶᠢᠭᠡᠮ ᠲᠣᠭᠤᠷᠢᠭ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠨᠡᠶᠢᠭᠡᠮ ᠤᠨ ᠪᠦᠯᠬᠦᠮ ᠳᠤ ᠬᠦᠷᠴᠦ ︽ᠯᠧᠢ ᠹᠧᠩ︾ ᠤᠨ ᠦᠯᠢᠭᠡᠷ ᠢ ᠴᠤᠭᠯᠠᠭᠤᠯᠵᠠᠢ᠃ ᠬᠡᠤᠬᠡᠳ ᠤᠳ ᠤᠨ ᠬᠠᠶᠢᠵᠤ ᠤᠯᠤᠬᠰᠠᠨ ᠬᠠᠮᠤᠭ ᠤᠨ ᠰᠤᠳᠤᠨ ︽ᠯᠧᠢ ᠹᠧᠩ︾ ᠤᠨ ᠳᠣᠲᠣᠷ᠎ᠠ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠨᠡᠶᠢᠭᠡᠮ ᠲᠣᠭᠤᠷᠢᠭ ᠤᠨ ᠠᠵᠢᠯᠲᠠᠨ᠂ ᠤᠷᠴᠢᠨ ᠲᠤᠭᠤᠷᠢᠨ ᠢ ᠴᠡᠪᠡᠷᠯᠡᠬᠦ ᠠᠵᠢᠯ ᠢ ᠬᠡᠳᠤᠨ ᠠᠷᠪᠠᠨ ᠵᠢᠯ ᠢᠶᠠᠷ ᠦᠨ᠎ᠡ ᠲᠦᠯᠤᠪᠤᠷᠢ ᠦᠬᠡᠢ ᠡᠬᠦᠷᠬᠡᠯᠡᠵᠤ ᠢᠷᠡᠭᠰᠡᠨ ᠡᠪᠦᠭᠡ᠂ ᠬᠢᠵᠢᠭ ᠲᠠᠢ ᠲᠡᠮᠡᠴᠡᠬᠦ ᠬᠤᠭᠤᠴᠠᠭᠠᠨ ᠳᠤ ᠬᠠᠷᠠᠮ ᠦᠭᠡᠢ ᠵᠢᠳᠬᠦᠭᠰᠡᠨ ᠡᠮᠴᠢ ᠰᠤᠪᠢᠯᠠᠬᠴᠢ᠂ ᠲᠠᠪᠤᠨ ᠪᠠᠲᠤᠯᠠᠭᠠᠲᠤ ᠡᠷᠦᠬᠡ ᠶᠢᠨ ᠥᠨᠥᠴᠢᠨ ᠪᠡᠯᠪᠡᠰᠦᠨ ᠨᠠᠰᠤᠲᠠᠨ ᠳᠤ ᠠᠴᠢ  ᠬᠠᠷᠢᠭᠤᠯᠠᠯ ᠬᠦᠰᠡᠬᠦ ᠦᠬᠡᠢ ᠪᠠᠷ ᠤᠯᠠᠨ ᠵᠢᠯ ᠬᠤᠭᠤᠯᠠ ᠤᠮᠳᠠ ᠬᠠᠨᠭ᠍ᠭᠠᠬᠰᠠᠭᠠᠷ ᠢᠷᠡᠭᠰᠡᠨ ᠨᠡᠶᠢᠬᠡᠮ ᠤᠨ ᠪᠦᠯᠬᠦᠮ ᠤᠳ ᠪᠤᠢ ᠪᠢᠯᠨ᠃ ᠬᠠᠵᠠᠭᠤ ᠬᠠᠪᠢ ᠶᠢᠨ ᠡᠳᠡᠬᠡᠷ ︽ᠯᠧᠢ ᠹᠧᠩ︾ ᠤᠨ ᠦᠢᠯᠨ ᠠᠵᠢᠯᠯᠠᠭ᠎ᠠ ᠪᠤᠯ ᠰᠢᠨ᠎ᠡ ᠴᠠᠭ ᠦᠶ᠎ᠡ ᠶᠢᠨ ᠰᠠᠶᠢᠨ ᠬᠦᠮᠦᠨ ᠤ ᠰᠠᠶᠢᠨ ᠦᠢᠯᠨ ᠶᠠᠪᠤᠳᠠᠯ ᠶᠤᠮ᠃ ᠲᠡᠳᠡᠨ ᠤ ᠤᠯᠠ ᠮᠥᠷ ᠢ ᠬᠠᠶᠢᠬᠰᠠᠨ ᠨᠢ ᠬᠡᠦᠬᠡᠳ  ᠤᠨ ᠦᠰᠤᠨ ᠪᠤᠶᠢᠵᠢᠯᠳᠠ ᠶᠢᠨ ᠵᠠᠮ ᠳᠤ ᠬᠢ  ᠠᠶᠠᠨᠳᠠᠭᠠᠨ ᠤ ᠬᠦᠮᠤᠵᠢᠯ ᠬᠦᠷᠳᠡᠬᠦ ᠶᠠᠪᠤᠴᠨ ᠪᠤᠯᠬᠤ ᠨᠢ ᠭᠠᠷᠴᠠᠭ᠎ᠠ ᠦᠬᠡᠢ ᠪᠦᠬᠡᠳ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠡᠳᠦᠷ ᠲᠤᠲᠤᠮ ᠤᠨ ᠠᠮᠢᠳᠤᠷᠠᠯ ᠳᠤ ᠠᠭᠤᠰᠬᠠᠬᠤ  ᠶᠢᠨ ᠲᠠᠭᠠᠤ ᠪᠠᠶᠢᠡᠭᠭᠤ ᠶᠢᠨ ᠠᠵᠢᠯᠯᠠᠭ᠎ᠠ ᠪᠣᠯᠭᠠᠵᠤ᠂ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠤᠨ ᠪᠤᠰᠤᠳ ᠲᠤ ᠦᠢᠯᠡᠴᠢᠯᠡᠬᠦ᠂ ᠨᠡᠶᠢᠭᠡᠮ ᠳᠤ ᠬᠤᠪᠢ ᠨᠡᠮᠡᠷᠢ ᠦᠵᠡᠭᠦᠯᠬᠦ ᠰᠢᠯᠢᠳᠡᠭ ᠵᠠᠩ ᠴᠢᠨᠠᠷ ᠢ ᠨᠢ ᠬᠥᠮᠥᠵᠢᠭᠦᠯᠬᠦ ᠪᠣᠯᠣᠨ᠎ᠠ᠃    ᠬᠢᠩᠭᠠᠨ ᠠᠶᠢᠮᠠᠭ ᠤᠨ ᠮᠠᠷᠠᠽᠤᠨ ᠤ ᠨᠡᠶᠢᠭᠡᠮᠯᠢᠭ ᠤᠨ ᠬᠢᠨ ᠬᠠᠷᠢᠯᠴᠠᠨ ᠬᠠᠪᠰᠤᠷᠤᠯᠴᠠᠵᠤ ᠪᠡᠶ᠎ᠡ ᠪᠠᠨ ᠴᠢᠭᠢᠷᠠᠭᠵᠢᠭᠤᠯᠬᠤ ᠠᠵᠢᠯᠯᠠᠭ᠎ᠠ‌ᠵᠣᠬᠢᠶᠠᠨ ᠪᠠᠶᠢᠭᠤᠯᠪᠠ    ᠮᠠᠤ ᠽᠦ ᠳ᠋ᠦᠩ ᠨᠥᠬᠦᠷ ᠤᠨ ︽ᠯᠧᠢ ᠹᠥ᠋ᠩ ᠨᠥᠬᠦᠷ ᠠᠴᠠ ᠰᠤᠷᠤᠯᠴᠠᠶ᠎ᠠ︾ ᠭᠡᠬᠦ ᠪᠢᠴᠢᠭᠡᠰᠦ ᠪᠣᠯᠣᠨ ︽ᠪᠡᠶ᠎ᠡ ᠶᠢᠨ ᠲᠠᠮᠢᠷ ᠤᠨ ᠬᠥᠳᠡᠯᠭᠡᠭᠡᠨ ᠢ ᠬᠦᠭᠵᠢᠬᠦᠯᠵᠤ᠂ ᠠᠷᠠᠳ ᠲᠦᠮᠡᠨ ᠤ ᠪᠡᠶ᠎ᠡ ᠮᠠᠬᠠᠪᠤᠳ ᠢ ᠴᠢᠬᠢᠷᠠᠬᠵᠢᠭᠤᠯᠤᠶ᠎ᠠ︾ ᠭᠡᠬᠦ ᠪᠢᠴᠢᠭᠡᠰᠦ  ᠪᠢᠴᠢᠵᠦ ᠥᠭᠭᠦᠭᠰᠡᠨ 60 ᠵᠢᠯ ᠤᠨ ᠤᠢ ᠶᠢ ᠳᠤᠷᠠᠰᠬᠠᠬᠤ ᠲᠠᠰᠢᠷᠠᠮ ᠢᠶᠠᠷ ᠬᠢᠩᠭᠠᠨ ᠠᠶᠢᠮᠠᠭ ᠤᠨ ᠮᠠᠷᠠᠽᠤᠨ ᠤ ᠨᠡᠶᠢᠭᠡᠮᠯᠢᠭ ᠤᠨ ᠬᠢᠨ ᠯᠸᠢ ᠹᠸᠡᠭ ᠠᠴᠠ ᠰᠤᠷᠤᠯᠴᠠᠬᠤ ᠵᠤᠷᠢᠭ ᠰᠠᠨᠠᠭ᠎ᠠ ᠶᠢ ᠵᠠᠯᠭᠠᠮᠵᠢᠯᠠᠵᠤ ᠂ ᠠᠷᠠᠳ ᠤᠯᠠᠨ ᠢ ᠪᠡᠶ᠎ᠡ ᠮᠠᠬᠠᠪᠤᠳ ᠢᠶᠠᠨ ᠴᠢᠬᠢᠷᠠᠬᠵᠢᠭᠤᠯᠬᠤ ᠬᠦᠳᠡᠯᠬᠡᠬᠡᠨ ᠳᠤ ᠤᠷᠤᠯᠴᠠᠬᠤ ᠶᠢ ᠬᠦᠳᠤᠯᠬᠦ ᠵᠤᠷᠢᠯᠭ᠎ᠠ ᠪᠠᠷ ᠦᠵᠡᠰᠬᠦᠯᠡᠩᠲᠦ ᠰᠠᠶᠢᠬᠠᠨ ᠲᠤᠭᠤᠷ ᠤᠨ ᠭᠤᠤᠯ ᠴᠡᠴᠡᠷᠯᠢᠭ ᠲᠤ ᠬᠤᠯᠨ ᠬᠦᠶᠤᠬᠦ ᠬᠦᠳᠡᠯᠬᠡᠬᠡᠨ ᠦᠷᠨᠢᠬᠦᠯᠪᠡ᠃ ᠬᠥᠳᠡᠯᠭᠡᠭᠡᠨ ᠤ ᠳᠤᠮᠳᠠ ᠠᠬᠠᠮᠠᠳ ᠲᠠᠮᠢᠷᠴᠢᠳ ᠰᠢᠨ᠎ᠡ ᠲᠠᠮᠢᠷᠴᠢᠳ ᠢ ᠨᠢᠬᠡ ᠨᠢᠬᠡ ᠪᠠᠷ ᠬᠠᠯᠠᠰᠢᠷᠠᠯ ᠦᠭᠡᠢ ᠵᠢᠭᠠᠨ ᠵᠢᠯᠤᠭᠤᠳᠴᠤ᠂ ᠬᠤᠯᠨ ᠬᠦᠶᠦᠬᠦ ᠲᠤᠮᠳᠠᠬᠢ ᠤᠯᠤᠯᠳᠠ ᠲᠦᠷᠦᠭᠳᠡᠯ ᠢᠶᠠᠨ ᠬᠤᠪᠢᠶᠠᠯᠴᠠᠬᠰᠠᠨ ᠪᠠᠶᠢᠨ᠎ᠠ᠃ ᠳᠠᠷᠠᠭ᠎ᠠ ᠨᠢ ᠠᠪᠤᠷᠭᠤ ᠲᠠᠮᠢᠷᠴᠢᠨ ᠤᠯᠠᠨ  ᠢ ᠲᠠᠭᠠᠭᠤᠯᠵᠤ᠂ ᠭᠦᠶᠦᠬᠦ ᠠᠴᠠ ᠡᠮᠦᠨᠡᠬᠢ  ᠪᠡᠯᠡᠳᠭᠡᠯ ᠬᠦᠳᠡᠯᠭᠡᠭᠡᠨ ᠬᠢᠯᠭᠡᠭᠰᠡᠨ ᠪᠦᠬᠡᠳ ᠬᠦᠶᠦᠬᠦ ᠳᠤᠮᠳᠠᠬᠢ ᠠᠩᠬᠠᠷᠬᠤ ᠵᠦᠢᠯ ᠢ ᠰᠠᠨᠠᠭᠤᠯᠪᠠ᠃ ᠴᠡᠴᠡᠷᠯᠢᠭ ᠢᠶᠠᠷ ᠬᠦᠶᠤᠵᠤ ᠪᠠᠶᠢᠭ᠎ᠠ ᠲᠡᠷᠢ ᠲᠡᠭᠰᠢ ᠡᠩᠨᠡᠭᠡ ᠶᠢ ᠦᠵᠡᠬᠡᠳ ᠵᠠᠮ ᠤᠨ ᠬᠦᠮᠦᠰ ᠦᠪᠡᠷ ᠤᠨ ᠡ᠊ ᠷᠬᠡ ᠦᠬᠡᠢ ᠡᠩᠨᠡᠬᠡᠨ  ᠳᠤ ᠤᠷᠤᠵᠤ ᠲᠠᠭᠠᠵᠤ ᠬᠦᠶᠦᠬᠦ ᠪᠦᠬᠡᠳ ᠠᠬᠠᠮᠠᠳ ᠲᠠᠮᠢᠷᠴᠢᠳ ᠡᠩᠨᠡᠬᠡᠨ ᠳᠤ ᠤᠷᠤᠬᠰᠠᠨ ᠰᠢᠨ᠎ᠡ ᠬᠥᠮᠥᠰ ᠲᠤ ᠬᠤᠯᠨ ᠬᠦᠶᠦᠬᠦ ᠲᠤᠬᠠᠢ  ᠰᠠᠨᠠᠭᠤᠯᠤᠨ᠂ ︽ᠡᠷᠡᠭᠦᠯ ᠡᠩᠬᠡ ᠳᠤᠮᠳᠠᠳᠤ ᠤᠯᠤᠰ︾ ᠭᠡᠬᠦ ᠤᠷᠢᠶ᠎ᠠ ᠶᠢ ᠪᠤᠳᠠᠳᠤ ᠠᠵᠢᠯᠯᠠᠭ᠎ᠠ ᠪᠠᠷ ᠢᠶᠠᠨ ᠦᠢᠯᠡᠳᠤᠯᠬᠡᠵᠢᠬᠦᠯᠵᠤ ᠪᠠᠶᠢᠯ᠎ᠠ᠃    ᠵᠠᠯᠠᠶᠢᠳ ᠬᠤᠰᠢᠭᠤᠨ ᠤ ᠵᠠᠯᠠᠭᠤ ᠰᠠᠶᠢᠨ  ᠳᠤᠷᠠᠴᠤᠤᠯ ᠤᠨ ᠨᠡᠶᠢᠭᠡᠮᠯᠢᠭ ᠤᠨ ᠬᠢᠨ  ᠬᠠᠶᠢᠷ᠎ᠠ ᠬᠠᠯᠠᠮᠵᠢ ᠪᠠᠨ ᠴᠣᠭᠭᠠᠷ ᠡᠷᠬᠦᠵᠡᠬᠡᠪᠡ    ᠦᠨᠳᠦᠰᠦᠲᠡᠨ ᠨᠦᠭᠦᠳ ᠤᠨ ᠪᠦᠯᠬᠦᠮᠳᠡᠯ ᠨᠢᠬᠡ ᠬᠡᠷ ᠪᠦᠯᠢ ᠶᠢᠨ ᠬᠢᠨ ᠮᠡᠳᠤ ᠡᠯᠢᠬᠡᠰᠡᠭ᠂ ᠵᠣᠪᠠᠭᠤᠷᠢ ᠵᠦᠳᠡᠭᠦᠷᠢ ᠶᠢᠨ ᠡᠮᠦᠨ᠎ᠡ ᠬᠠᠶᠢᠷ᠎ᠠ ᠰᠡᠳᠬᠢᠯᠬᠡ ᠢᠯᠡᠷᠡᠳᠡᠭ᠃ ᠵᠠᠯᠠᠶᠢᠳ ᠬᠤᠰᠢᠭᠤᠨ ᠤ ᠵᠠᠯᠠᠭᠤ ᠰᠠᠶᠢᠨ  ᠳᠤᠷᠠᠴᠤᠤᠯ ᠤᠨ ᠨᠡᠶᠢᠭᠡᠮᠯᠢᠭ ᠤᠨ ᠬᠢᠨ ᠰᠢᠨ᠎ᠡ ᠴᠠᠭ ᠦᠶ᠎ᠡ ᠶᠢᠨ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠂ ᠨᠡᠶᠢᠭᠡᠮ ᠤᠨ ᠬᠠᠷᠢᠭᠤᠴᠠᠯᠭ᠎ᠠ ᠶᠢ ᠡᠬᠦᠷᠬᠡᠯᠡᠵᠤ ᠪᠠᠶᠢᠨ᠎ᠠ᠃ 3 ᠳ᠋ᠤᠭᠠᠷ ᠰᠠᠷ᠎ᠠ ᠶᠢᠨ 4  ᠤ ᠦᠳᠡ ᠶᠢᠨ ᠬᠤᠶᠢᠨ᠎ᠠ᠂ ᠵᠠᠯᠠᠶᠢᠳ ᠬᠤᠰᠢᠭᠤᠨ ᠤ ᠵᠠᠯᠠᠭᠤ ᠰᠠᠶᠢᠨ  ᠳᠤᠷᠠᠴᠤᠤᠯ ᠤᠨ  ᠨᠡᠶᠢᠬᠡᠮᠯᠢᠭ ᠤᠨ ᠬᠢᠨ ᠭᠠᠯ ᠤᠨ  ᠠᠶᠤᠯ ᠳᠤ ᠳᠠᠭᠠᠷᠢᠭᠳᠠᠭᠰᠠᠨ努文木仁 ᠰᠢᠶᠠᠩ ᠤᠨ ᠺᠤᠤ ᠱᠠᠨ ᠲᠤᠰᠬᠤ ᠶᠢᠨ ᠶᠠᠳᠠᠭᠤ ᠬᠦᠴᠢᠷᠳᠡᠯᠲᠡᠢ ᠨᠠᠰᠤᠲᠠᠨ  ᠳᠤ ᠨᠡᠶᠢᠬᠡᠮᠯᠢᠭ ᠤᠨ ᠬᠡᠰᠢᠬᠦᠳ ᠤᠨ ᠬᠠᠨᠳᠢᠪᠯᠠᠬᠰᠠᠨ 4000 ᠭᠠᠷᠤᠢ ᠲᠥᠭᠦᠷᠢᠭ ᠵᠤᠭᠤᠰ ᠪᠠ  ᠭᠤᠯᠢᠷ ᠲᠤᠲᠤᠷᠭ᠎ᠠ᠂ ᠬᠤᠪᠴᠠᠰᠤ ᠬᠤᠨᠠᠷ᠂ ᠤᠬᠢᠶᠠᠯᠭ᠎ᠠ ᠶᠢᠨ ᠡᠳ᠋ ᠵᠡᠷᠭᠡ ᠠᠮᠢᠳᠤᠷᠠᠯ ᠤᠨ ᠡᠳ᠋ ᠪᠣᠳᠠᠰ ᠬᠦᠷᠭᠡᠵᠡᠢ᠃ ᠡᠨᠡ ᠬᠦ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠨᠢ ᠶᠠᠳᠠᠭᠤ ᠬᠦᠴᠢᠷᠳᠡᠯᠳᠡᠢ ᠨᠠᠰᠤᠲᠠᠶᠢᠴᠤᠳ ᠤᠨ ᠬᠡᠷ ᠲᠤ ᠬᠦᠷᠴᠤ ᠪᠣᠳᠠᠰ ᠪᠠ ᠣᠶᠤᠨ ᠤ ᠬᠠᠯᠠᠮᠵᠢ ᠬᠦᠷᠳᠡᠬᠡᠬᠦ ᠶᠢᠨ ᠬᠠᠮᠳᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠬᠠᠶᠢᠷ᠎ᠠ ᠬᠠᠯᠠᠮᠵᠢ ᠶᠢ  ᠮᠡᠳᠡᠷᠡᠬᠦᠯᠵᠤ᠂ ᠨᠡᠩ ᠣᠯᠠᠨ ᠬᠥᠮᠥᠰ ᠢ ᠭᠠᠮᠰᠢᠭᠳᠠᠭᠰᠠᠨ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠲᠡᠶᠢᠰᠢ ᠬᠥᠲᠥᠯᠥᠨ᠂ ᠳᠤᠮᠳᠠᠳᠤ ᠶᠢᠨ ᠦᠨᠳᠦᠰᠦᠲᠡᠨ ᠤ ︽ᠨᠢᠭᠡ ᠠᠶᠢᠯ ᠨᠢ ᠬᠦᠴᠢᠷᠳᠡᠪᠡᠯ ᠤᠯᠠᠭᠤᠯᠨ ᠪᠠᠨ ᠲᠤᠰᠠᠯᠠᠬᠤ︾ ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮᠵᠢᠯᠠᠨ ᠪᠠᠳᠠᠷᠠᠭᠤᠯᠤᠬᠰᠠᠨ  ᠪᠠᠶᠢᠨ᠎ᠠ᠃  
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号