| ᠵᠠᠩ ᠲᠢᠶᠠᠨ ᠱᠦᠨ ᠮᠡᠳᠡᠭᠡᠯᠡᠪᠡ | ᠤᠷᠢᠬᠠᠨ ᠣᠷᠴᠢᠭᠤᠯᠪᠠ | ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠶᠠᠪᠤᠳᠠᠯ ᠤᠨ ᠲᠢᠩᠬᠢᠮ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ | ᠲᠠᠪᠤᠨ ᠶᠡᠭᠡ ᠡᠭᠦᠷᠭᠡ︾ ᠳᠤ ᠬᠢ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ | ᠪᠠᠬᠢᠵᠢᠭᠦᠯᠬᠦ ᠱᠠᠭᠠᠷᠳᠠᠯᠭ᠎ᠠ ᠶᠣᠰᠣᠭᠠᠷ᠂ ᠤᠯᠤᠰ ᠲᠥᠷᠥ ᠶᠢᠨ ᠵᠣᠭᠰᠣᠴᠠ ᠪᠠᠨ ᠤᠬᠠᠮᠰᠠᠷ ᠠᠴᠠ ᠪᠠᠨ | ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠴᠠᠭ ᠦᠶ᠎ᠡ ᠶᠢ ᠡᠵᠡᠮᠳᠡᠨ᠂ ᠭᠤᠣᠯᠳᠠᠯᠭ᠎ᠠ ᠲᠠᠢ ᠭᠠᠵᠠᠷ ᠢ ᠳᠣᠪᠤᠶᠢᠯᠭᠠᠵᠤ᠂ | ᠵᠠᠭᠠᠭ ᠱᠤᠭᠤᠮ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠰᠡᠷᠭᠡᠶᠢᠯᠡᠨ ᠠᠷᠢᠯᠭᠠᠬᠤ ᠠᠵᠢᠯ ᠢ ᠪᠠᠶᠢᠩᠭᠤ ᠶᠢᠨ | ᠴᠢᠨᠠᠷᠲᠠᠢ ᠪᠠᠷ ᠥᠷᠨᠢᠭᠦᠯᠵᠦ᠂ ᠵᠠᠭᠠᠭ ᠱᠤᠭᠤᠮ ᠤᠨ ᠬᠡᠮ ᠰᠣᠭᠤᠭ ᠢ ᠡᠷᠲᠡ ᠢᠯᠡᠷᠡᠭᠦᠯᠬᠦ᠂ ᠲᠦᠷᠭᠡᠨ | ᠰᠢᠢᠳᠪᠦᠷᠢᠯᠡᠬᠦ᠂ ᠰᠠᠶᠢᠲᠤᠷ ᠲᠣᠬᠤᠨᠢᠭᠤᠯᠬᠤ ᠶᠢ ᠪᠡᠶᠡᠯᠡᠭᠦᠯᠵᠦ᠂ ᠪᠥᠬᠦ ᠣᠷᠣᠨ ᠤ 8 ᠮᠤᠵᠢ ᠶᠢᠨ ᠵᠠᠭᠠᠭ᠂ 18 | ᠠᠶᠢᠮᠠᠭ ᠬᠤᠲᠠ ᠶᠢᠨ ᠵᠠᠭᠠᠭ᠂ 163 ᠬᠤᠰᠢᠭᠤ ᠰᠢᠶᠠᠨ ᠤ ᠵᠠᠭᠠᠭ ᠱᠤᠭᠤᠮ ᠵᠡᠷᠭᠡ ᠵᠠᠰᠠᠭ ᠵᠠᠬᠢᠷᠭᠠᠨ ᠤ ᠣᠷᠣᠨ | ᠪᠦᠰᠡ ᠶᠢᠨ ᠵᠠᠭᠠᠭ ᠱᠤᠭᠤᠮ ᠨᠡᠶᠢᠲᠡ 3.1 ᠲᠦᠮᠡᠨ ᠺᠢᠯᠣᠮᠧᠲᠷ ᠣᠷᠴᠢᠮ ᠤᠷᠲᠤ ᠪᠠᠶᠢᠵᠤ᠂ 7 ᠵᠢᠯ ᠳᠠᠷᠠᠭᠠᠯᠠᠨ | ᠠᠮᠤᠷ ᠠᠮᠤᠭᠤᠯᠠᠩ ᠵᠠᠭᠠᠭ ᠱᠤᠭᠤᠮ ᠤᠨ ᠬᠠᠷᠠᠯᠲᠠ ᠶᠢ ᠪᠡᠶᠡᠯᠡᠭᠦᠯᠪᠡ᠃ | ᠨᠢᠭᠡ ᠳᠤ᠂ ᠵᠠᠭᠠᠭ ᠱᠤᠭᠤᠮ ᠤᠨ ᠵᠠᠰᠠᠯᠲᠠ ᠶᠢᠨ ᠨᠠᠷᠢᠯᠢᠭᠵᠢᠭᠤᠯᠤᠭᠰᠠᠨ ᠠᠷᠭ᠎ᠠ ᠵᠠᠮ ᠢᠶᠠᠷ ᠰᠢᠨ᠎ᠡ ᠶᠢ | ᠡᠭᠦᠳᠪᠡ᠃ ᠣᠶᠢᠷ᠎ᠠ ᠶᠢᠨ ᠵᠢᠯ ᠤᠳ ᠲᠤ᠂ ᠵᠠᠭᠠᠭ ᠱᠤᠭᠤᠮ ᠤᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ | ᠠᠷᠭ᠎ᠠ ᠪᠠᠷᠢᠯ ᠢ ᠣᠷᠣᠭᠤᠯᠤᠨ ᠠᠪᠴᠢᠷᠠᠬᠤ ᠶᠢ ᠳᠠᠭᠠᠯᠳᠤᠨ᠂ ᠮᠠᠨ ᠤ ᠣᠷᠣᠨ ᠣᠷᠣᠭᠤᠯᠤᠯᠲᠠ ᠶᠢᠨ ᠡᠷᠴᠢᠮ ᠢᠶᠠᠨ | ᠲᠠᠰᠤᠷᠠᠯᠲᠠ ᠦᠭᠡᠢ ᠴᠢᠩᠭᠠᠷᠠᠭᠤᠯᠵᠤ᠂ ᠤᠷᠢᠳ ᠬᠤᠵᠢᠳ ᠵᠡᠭᠦᠨ᠂ ᠳᠤᠮᠳᠠ᠂ ᠪᠠᠷᠠᠭᠤᠨ ᠬᠡᠰᠡᠭ ᠣᠷᠤᠨ ᠤ 3 | ᠬᠤᠰᠢᠭᠤ ᠰᠢᠶᠠᠨ᠂ ᠳᠤᠮᠳᠠ ᠬᠡᠰᠡᠭ ᠤᠨ 1 ᠠᠶᠢᠮᠠᠭ ᠬᠤᠲᠠ ᠶᠢ ᠰᠣᠩᠭᠤᠨ ᠲᠤᠭᠲᠠᠭᠠᠭᠰᠠᠨ ᠪᠦᠭᠡᠳ ᠦᠯᠡᠳᠡᠭᠳᠡᠯ | ᠠᠰᠠᠭᠤᠳᠠᠯ ᠣᠷᠣᠰᠢᠵᠤ ᠪᠠᠶᠢᠭ᠎ᠠ 2 ᠮᠤᠵᠢ ᠶᠢᠨ ᠵᠠᠭᠠᠭ ᠢ ᠰᠣᠩᠭᠤᠨ ᠲᠣᠭᠲᠠᠭᠠᠵᠤ᠂ ᠵᠠᠭᠠᠭ ᠱᠤᠭᠤᠮ ᠤᠨ | ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ | ᠥᠷᠨᠢᠭᠦᠯᠦᠨ᠂ ᠵᠠᠭᠠᠭ ᠱᠤᠭᠤᠮ ᠤᠨ ᠣᠷᠣᠨ ᠪᠠᠶᠢᠷᠢ ᠪᠠ ᠬᠠᠨᠳᠤᠰᠢ ᠶᠢ ᠣᠨᠣᠪᠴᠢᠲᠠᠶ ᠨᠤᠲᠠᠯᠠᠨ ᠲᠣᠭᠲᠠᠭᠠᠬᠤ᠂ | ᠵᠠᠭᠠᠭ ᠱᠤᠭᠤᠮ ᠤᠨ ᠮᠠᠷᠭᠤᠯᠳᠤᠭᠠᠨ ᠪᠠ ᠵᠠᠭᠤᠷᠠᠯᠳᠤᠭᠠᠨ ᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠳᠤ | ᠮᠡᠷᠭᠡᠵᠢᠯ ᠤᠨ ᠲᠤᠯᠭᠠᠭᠤᠷᠯᠠᠯ ᠬᠠᠩᠭᠠᠭᠰᠠᠨ ᠪᠠᠶᠢᠨ᠎ᠠ᠃ ᠣᠳᠣᠬᠠᠨ ᠳᠤ᠂ ᠶᠠᠭ ᠲᠤᠷᠰᠢᠯᠭ᠎ᠠ ᠶᠢᠨ ᠠᠷᠭ᠎ᠠ ᠬᠢᠳᠡᠯ ᠢ | ᠠᠯᠬᠤᠮ ᠠᠯᠬᠤᠮ ᠢᠶᠠᠷ ᠳᠡᠯᠭᠡᠷᠡᠭᠦᠯᠵᠦ ᠪᠠᠶᠢᠬᠤ ᠪᠥᠭᠡᠳ ᠵᠠᠭᠠᠭ ᠱᠤᠭᠤᠮ ᠤᠨ ᠬᠠᠮᠢᠶᠠᠷᠤᠯᠲᠠ ᠶᠢᠨ ᠮᠡᠳᠡᠭᠡ | ᠵᠠᠩᠭᠢᠵᠢᠯᠲᠠ ᠶᠢᠨ ᠠᠵᠢᠯ ᠢ ᠨᠢᠭᠡᠨᠲᠡ ᠮᠠᠨ ᠤ ᠣᠷᠣᠨ ᠤ ᠠᠷᠠᠳ ᠤᠨ ᠶᠠᠪᠤᠳᠠᠯ ᠤᠨ ᠦᠢᠯᠡᠰ ᠤᠨ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠳᠤ ᠪᠢᠴᠢᠨ ᠣᠷᠣᠭᠤᠯᠵᠤ᠂ ᠬᠦᠴᠦᠲᠡᠢ ᠪᠥᠭᠡᠳ ᠡᠮᠬᠢ | ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠪᠠ᠃ | ᠬᠤᠶᠠᠷ ᠲᠤ᠂ ᠵᠠᠭᠠᠭ ᠱᠤᠭᠤᠮ ᠢ ᠬᠠᠮᠲᠤᠷᠠᠨ ᠪᠠᠶᠢᠴᠠᠭᠠᠬᠤ ᠳᠦᠷᠢᠮ ᠢ ᠵᠢᠷᠤᠮᠵᠢᠭᠤᠯᠤᠨ ᠨᠠᠶᠢᠳᠠᠪᠤᠷᠢᠵᠢᠭᠤᠯᠪᠠ᠃ | ᠠᠷᠠᠳ ᠤᠨ ᠶᠠᠪᠤᠳᠠᠯ ᠤᠨ ᠶᠠᠮᠤᠨ ᠤ ᠪᠠᠶᠢᠷᠢᠯᠠᠭᠤᠯᠤᠯᠲᠠ ᠶᠣᠰᠣᠭᠠᠷ᠂ ᠮᠤᠵᠢ ᠶᠢᠨ ᠵᠠᠭᠠᠭ ᠱᠤᠭᠤᠮ ᠤᠨ | ᠳᠦᠷᠪᠡᠳᠡᠬᠢ ᠡᠭᠡᠯᠵᠢ ᠶᠢᠨ ᠬᠠᠮᠲᠤᠷᠠᠨ ᠪᠠᠶᠢᠴᠠᠭᠠᠬᠤ ᠡᠭᠦᠷᠭᠡ ᠶᠢ ᠤᠷᠤᠭᠰᠢᠲᠠᠢ ᠪᠡᠶᠡᠯᠡᠭᠦᠯᠵᠦ᠂ ᠵᠠᠭᠠᠭ ᠱᠤᠭᠤᠮ ᠤᠨ | ᠬᠠᠮᠲᠤᠷᠠᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠢ ᠲᠣᠬᠢᠲᠠᠢ ᠰᠢᠢᠳᠪᠦᠷᠢᠯᠡᠵᠦ᠂ ᠬᠥᠷᠰᠢ | ᠵᠡᠷᠭᠡᠯᠡᠳᠡᠭᠡ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠡᠶ᠎ᠡ ᠵᠣᠬᠢᠴᠠᠯ ᠲᠠᠢ ᠲᠣᠭᠲᠠᠭᠤᠨ | ᠣᠷᠴᠢᠨ ᠠᠬᠤᠢ ᠶᠢᠨ ᠪᠠᠲᠤᠯᠠᠭ᠎ᠠ ᠶᠢ ᠬᠠᠩᠭᠠᠪᠠ᠃ ᠪᠥᠬᠦ ᠣᠷᠣᠨ ᠤ ᠠᠶᠢᠮᠠᠭ ᠬᠤᠲᠠ᠂ ᠬᠤᠰᠢᠭᠤ ᠰᠢᠶᠠᠨ ᠤ | ᠵᠠᠭᠠᠭ ᠱᠤᠭᠤᠮ ᠤᠨ ᠵᠢᠷᠭᠤᠳᠡᠬᠢ ᠡᠭᠡᠯᠵᠢ ᠶᠢᠨ ᠬᠠᠮᠲᠤᠷᠠᠨ ᠪᠠᠶᠢᠴᠠᠭᠠᠬᠤ ᠡᠭᠦᠷᠭᠡ ᠶᠢ ᠲᠡᠭᠦᠰ ᠠᠮᠵᠢᠯᠲᠠ ᠲᠠᠢ | ᠪᠡᠶᠡᠯᠡᠭᠦᠯᠵᠦ᠂ ᠳᠣᠯᠤᠳᠡᠬᠢ ᠡᠭᠡᠯᠵᠢ ᠶᠢᠨ ᠬᠠᠮᠲᠤᠷᠠᠨ ᠪᠠᠶᠢᠴᠠᠭᠠᠬᠤ ᠠᠵᠢᠯ ᠢ ᠤᠷᠤᠭᠰᠢᠲᠠᠢ ᠡᠬᠢᠯᠡᠭᠦᠯᠪᠡ᠃ ᠡᠨᠡ ᠬᠦ | ᠬᠤᠭᠤᠴᠠᠭᠠᠨ ᠳᠤ᠂ ᠠᠶᠢᠮᠠᠭ ᠬᠤᠲᠠ᠂ ᠬᠤᠰᠢᠭᠤ ᠰᠢᠶᠠᠨ ᠤ ᠵᠠᠭᠠᠭ ᠱᠤᠭᠤᠮ ᠤᠨ ᠬᠠᠮᠲᠤᠷᠠᠨ ᠪᠠᠶᠢᠴᠠᠭᠠᠬᠤ | ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠲᠠᠰ ᠳᠠᠷᠠᠭᠠᠯᠠᠯ ᠪᠠ ᠬᠠᠮᠲᠤᠷᠠᠨ ᠪᠠᠶᠢᠴᠠᠭᠠᠭᠰᠠᠨ ᠮᠡᠳᠡᠭᠦᠯᠦᠯᠲᠡ ᠶᠢ | ᠮᠡᠳᠡᠭᠦᠯᠦᠨ ᠬᠦᠷᠭᠡᠬᠦ ᠲᠠᠰ ᠳᠠᠷᠠᠭᠠᠯᠠᠯ᠂ ᠮᠡᠳᠡᠭᠦᠯᠦᠨ ᠬᠦᠷᠭᠡᠬᠦ ᠭᠤᠣᠯ ᠴᠣᠭᠴᠠ ᠶᠢ ᠲᠤᠶᠢᠯᠪᠤᠷᠢᠲᠠᠢ ᠵᠢᠷᠤᠮᠵᠢᠭᠤᠯᠵᠤ | ᠂ ᠦᠨᠳᠦᠰᠦᠨ ᠱᠠᠲᠤᠨ ᠤ ᠵᠠᠭᠠᠭ ᠱᠤᠭᠤᠮ ᠤᠨ ᠬᠠᠮᠲᠤᠷᠠᠨ ᠪᠠᠶᠢᠴᠠᠭᠠᠬᠤ ᠠᠵᠢᠯ ᠢ ᠬᠠᠤᠯᠢ ᠪᠠᠷ ᠵᠠᠰᠠᠬᠤ᠂ | ᠵᠢᠷᠤᠮᠵᠢᠭᠤᠯᠬᠤ ᠵᠠᠮ ᠳᠤ ᠣᠷᠣᠭᠤᠯᠤᠭᠰᠠᠨ ᠪᠠᠶᠢᠨ᠎ᠠ᠃ | ᠭᠤᠷᠪᠠ ᠳᠤ᠂ ᠵᠠᠭᠠᠭ ᠱᠤᠭᠤᠮ ᠤᠨ ᠲᠡᠮᠳᠡᠭ ᠪᠣᠳᠠᠰ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠳᠠᠯᠠᠪᠠ᠃ | 2013 ᠣᠨ ᠠᠴᠠ ᠣᠲᠣ ᠪᠣᠯᠲᠠᠯ᠎ᠠ᠂ ᠮᠠᠨ ᠤ ᠣᠷᠣᠨ ᠤᠷᠢᠳ ᠬᠤᠵᠢᠳ ᠱᠠᠨ ᠰᠢ ᠮᠤᠵᠢ᠂ ᠯᠢᠶᠣᠤᠨᠢᠩ ᠮᠤᠵᠢ | ᠂ ᠬᠠᠷᠠᠮᠥ᠋ᠷᠡᠨ ᠮᠤᠵᠢ᠂ ᠱᠠᠨᠰᠢ ᠮᠤᠵᠢ᠂ ᠾᠧᠪᠧᠢ ᠮᠤᠵᠢ ᠲᠠᠢ ᠬᠠᠮᠲᠤᠷᠠᠨ ᠵᠤᠬᠢᠴᠠᠭᠤᠯᠵᠤ ᠪᠠᠶᠢᠭᠠᠳ ᠮᠤᠵᠢ ᠶᠢᠨ | ᠵᠠᠭᠠᠭ ᠤᠨ 91 ᠵᠠᠭᠠᠭ ᠤᠨ ᠱᠣᠩ ᠢ ᠰᠣᠯᠢᠵᠤ᠂ ᠵᠠᠭᠠᠭ ᠤᠨ ᠱᠣᠩ ᠤᠨ ᠬᠠᠤᠯᠢ ᠪᠠᠷ ᠲᠣᠭᠲᠠᠭᠠᠭᠰᠠᠨ | ᠢᠯᠡᠷᠬᠡᠶᠢᠯᠡᠯ ᠤᠨ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠴᠢᠩᠭᠠᠳᠬᠠᠪᠠ᠃ 2019 ᠣᠨ ᠠᠴᠠ ᠡᠬᠢᠯᠡᠨ᠂ | ᠮᠠᠨ ᠤ ᠣᠷᠣᠨ ᠤ ᠬᠥᠬᠡᠬᠤᠲᠠ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠤᠯᠠᠭᠠᠨᠴᠠᠪ ᠬᠤᠲᠠ᠂ ᠣᠷᠳᠣᠰ | ᠬᠤᠲᠠ ᠵᠠᠯᠭᠠᠭ᠎ᠠ ᠪᠠᠷ 300 ᠭᠠᠷᠤᠢ ᠣᠶᠤᠨᠲᠤ ᠵᠠᠭᠠᠭ ᠤᠨ ᠱᠣᠩ ᠢ ᠦᠢᠯᠡᠳᠦᠨ ᠰᠣᠯᠢᠵᠤ᠂ ᠪᠠᠶᠢᠷᠢ ᠲᠣᠭᠲᠠᠭᠠᠬᠤ | ᠴᠠᠭᠢᠮ ᠤᠭᠰᠠᠷᠠᠵᠤ᠂ ᠵᠠᠭᠠᠭ ᠤᠨ ᠱᠣᠩ ᠤᠨ ᠪᠠᠶᠢᠳᠠᠯ ᠢ ᠴᠠᠭ ᠲᠤᠬᠠᠢ ᠳᠤ ᠨᠢ ᠡᠵᠡᠮᠳᠡᠨ᠂ ᠵᠠᠭᠠᠭ ᠱᠤᠭᠤᠮ ᠤᠨ | ᠲᠡᠮᠳᠡᠭ ᠪᠣᠳᠠᠰ ᠤᠨ ᠰᠦᠷ ᠬᠦᠴᠦᠨ ᠢ ᠬᠠᠮᠠᠭᠠᠯᠠᠪᠠ᠃ | ᠳᠥᠷᠪᠡ ᠳᠤ᠂ ᠵᠠᠭᠠᠭ ᠱᠤᠭᠤᠮ ᠤᠨ ᠬᠠᠮᠢᠶᠠᠷᠤᠯᠲᠠ ᠶᠢᠨ ᠣᠳᠣᠬᠢ ᠪᠠᠶᠢᠳᠠᠯ ᠢ ᠣᠨᠣᠪᠴᠢᠲᠠᠢ ᠡᠵᠡᠮᠰᠢᠪᠡ᠃ | ᠵᠠᠭᠠᠭ ᠱᠤᠭᠤᠮ ᠢ ᠬᠠᠶᠢᠨ ᠲᠣᠭᠲᠠᠭᠠᠬᠤ ᠰᠠᠭᠤᠷᠢ ᠲᠤᠭ᠎ᠠ ᠶᠢ ᠣᠨᠣᠪᠴᠢᠲᠠᠶ ᠡᠵᠡᠮᠰᠢᠬᠦ ᠪᠣᠯ ᠵᠠᠭᠠᠭ ᠱᠤᠭᠤᠮ ᠤᠨ | ᠲᠠᠯᠳᠠ ᠭᠡᠮ ᠢ ᠰᠡᠷᠭᠡᠶᠢᠯᠡᠨ ᠠᠷᠢᠯᠭᠠᠬᠤ ᠠᠵᠢᠯ ᠢ ᠪᠦᠲᠦᠮᠵᠢᠲᠡᠶ ᠰᠠᠶᠢᠲᠤᠷ ᠬᠢᠬᠦ ᠶᠢᠨ ᠰᠠᠭᠤᠷᠢ ᠮᠥᠨ᠃ | ᠡᠶᠢᠮᠦ ᠠᠴᠠ ᠪᠢᠳᠡ ᠵᠠᠭᠠᠭ ᠱᠤᠭᠤᠮ ᠤᠨ ᠬᠠᠮᠢᠶᠠᠷᠤᠯᠲᠠ ᠶᠢᠨ ᠦᠯᠡᠳᠡᠭᠳᠡᠯ ᠠᠰᠠᠭᠤᠳᠠᠯ ᠪᠣᠯᠤᠨ ᠰᠢᠨ᠎ᠡ ᠪᠠᠷ | ᠨᠡᠮᠡᠭᠳᠡᠭᠰᠡᠨ ᠵᠠᠭᠠᠭ ᠱᠤᠭᠤᠮ ᠤᠨ ᠬᠤᠪᠢᠷᠠᠯᠲᠠ ᠶᠢᠨ ᠪᠠᠶᠢᠳᠠᠯ ᠢ ᠡᠬᠡ ᠲᠠᠩᠰᠠ ᠲᠠᠢ ᠲᠣᠳᠣᠷᠬᠠᠢ ᠪᠣᠯᠭᠠᠵᠤ᠂ | ᠠᠰᠠᠭᠤᠳᠠᠯ ᠢ ᠨᠢ ᠲᠣᠳᠣᠷᠬᠠᠢ ᠪᠣᠯᠭᠠᠪᠠ᠃ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠪᠣᠯ᠂ ᠳᠡᠭᠡᠷ᠎ᠡ ᠵᠠᠭᠤᠨ ᠤ | ᠶᠡᠷᠡᠭᠡᠳ ᠣᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠨᠢᠭᠡᠳᠦᠯᠲᠡᠢ ᠵᠣᠬᠢᠶᠠᠨ ᠪᠠᠶᠢᠭᠤᠯᠤᠭᠰᠠᠨ ᠮᠤᠵᠢ᠂ | ᠰᠢᠶᠠᠨ ᠤ ᠬᠤᠶᠠᠷ ᠱᠠᠲᠤᠨ ᠤ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ ᠠᠵᠢᠯ | ᠳᠠᠭᠤᠰᠤᠭᠰᠠᠨ ᠤ ᠳᠠᠷᠠᠭ᠎ᠠ᠂ ᠮᠠᠨ ᠤ ᠣᠷᠣᠨ ᠤ ᠬᠥᠷᠰᠢ ᠵᠡᠷᠭᠡᠯᠡᠳᠡᠭᠡ ᠪᠠᠶᠢᠭ᠎ᠠ 8 ᠮᠤᠵᠢ ᠶᠢᠨ ᠵᠠᠭᠠᠭ ᠱᠤᠭᠤᠮ | ᠳᠠᠬᠢ ᠬᠤᠶᠠᠷ ᠵᠤᠷᠪᠤᠰ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠭᠢᠷᠢᠨ ᠮᠤᠵᠢ ᠶᠢᠨ | ᠬᠤᠭᠤᠷᠤᠨᠳᠤᠬᠢ ᠵᠠᠭᠠᠭ ᠱᠤᠭᠤᠮ ᠤᠨ 2 ᠬᠡᠰᠡᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠭᠠᠨᠰᠤ | ᠮᠤᠵᠢ ᠶᠢᠨ ᠬᠤᠭᠤᠷᠤᠨᠳᠤᠬᠢ ᠵᠠᠭᠠᠭ ᠱᠤᠭᠤᠮ ᠤᠨ 1 ᠬᠡᠰᠡᠭ︶ ᠵᠠᠭᠠᠭ ᠱᠤᠭᠤᠮ ᠢ ᠬᠠᠷᠠᠬᠠᠨ ᠬᠠᠶᠢᠨ | ᠲᠣᠭᠲᠠᠭᠠᠭᠠᠳᠤᠢ ᠪᠠᠶᠢᠵᠤ᠂ 1 ᠵᠤᠷᠪᠤᠰ ᠮᠤᠵᠢ ᠶᠢᠨ ᠵᠠᠭᠠᠭ ᠱᠤᠭᠤᠮ ᠤᠨ 2 ᠬᠡᠰᠡᠭ ︵ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠤᠨ ᠱᠠᠨᠰᠢ ᠮᠤᠵᠢ ᠶᠢᠨ ᠬᠤᠭᠤᠷᠤᠨᠳᠤᠬᠢ ᠲᠡᠮᠡᠭᠡᠨ ᠬᠠᠳᠠᠨ ᠴᠠᠭᠠᠨ ᠨᠠᠭᠤᠷ᠂ ᠺᠡᠵᠦᠦᠷ | ᠲᠠᠩ︶ ᠤᠨ ᠵᠠᠭᠠᠭ ᠱᠤᠭᠤᠮ ᠢ ᠬᠠᠷᠠᠬᠠᠨ ᠬᠠᠶᠢᠨ ᠲᠤᠭᠲᠠᠭᠠᠭᠠᠳᠤᠢ ᠪᠠᠶᠢᠵᠤ᠂ ᠵᠠᠭᠠᠭ ᠱᠤᠭᠤᠮ ᠤᠨ ᠦᠯᠡᠳᠡᠭᠳᠡᠯ | ᠠᠰᠠᠭᠤᠳᠠᠯ ᠣᠲᠣ ᠳᠤ ᠲᠤᠯᠲᠠᠯ᠎ᠠ ᠦᠷᠭᠦᠯᠵᠢᠯᠡᠭᠰᠡᠨ ᠪᠠᠶᠢᠨ᠎ᠠ᠃ ᠰᠢᠨ᠎ᠡ ᠪᠠᠷ ᠨᠡᠮᠡᠭᠳᠡᠭᠰᠡᠨ ᠬᠤᠪᠢᠷᠠᠯᠲᠠ ᠶᠢᠨ | ᠪᠠᠶᠢᠳᠠᠯ ᠪᠣᠯ᠂ 2013 ᠣᠨ ᠳᠤ ᠮᠠᠨ ᠤ ᠣᠷᠣᠨ ᠤ ᠵᠠᠯᠠᠶᠢᠨᠠᠭᠤᠷ ᠲᠣᠭᠤᠷᠢᠭ ᠤᠨ ᠬᠢᠨ ᠰᠢᠶᠠᠨ ᠤ ᠱᠠᠲᠤᠨ ᠤ | ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠨᠢᠭᠡᠴᠢ ᠪᠠᠷ ᠳᠠᠩᠰᠠᠯᠠᠭᠤᠯᠵᠤ᠂ 3 ᠵᠤᠷᠪᠤᠰ ᠰᠢᠶᠠᠨ ᠤ | ᠱᠠᠲᠤᠨ ᠤ ᠵᠠᠭᠠᠭ ᠱᠤᠭᠤᠮ ᠢ ᠬᠠᠶᠢᠨ ᠲᠣᠭᠲᠠᠭᠠᠵᠤ᠂ ᠨᠡᠶᠢᠲᠡ 80.3 ᠺᠢᠯᠣᠮᠧᠲᠷ ᠪᠣᠯᠭᠠᠪᠠ᠃ 2016 ᠣᠨ ᠳᠤ | ᠣᠷᠳᠣᠰ ᠬᠤᠲᠠ ᠳᠤ ᠬᠢᠶ᠎ᠠ ᠪᠠᠭᠰᠢ ᠲᠣᠭᠤᠷᠢᠭ ᠢ ᠪᠠᠶᠢᠭᠤᠯᠵᠤ᠂ ᠰᠢᠶᠠᠨ ᠤ ᠱᠠᠲᠤᠨ ᠤ ᠵᠠᠭᠠᠭ ᠱᠤᠭᠤᠮ ᠢ 125. | 9 ᠺᠢᠯᠣᠮᠧᠲᠷ ᠬᠠᠶᠢᠨ ᠲᠣᠭᠲᠠᠭᠠᠪᠠ᠃ | ᠲᠠᠪᠤ ᠳᠤ᠂ ᠬᠢᠯᠢ ᠬᠢᠵᠠᠭᠠᠷ ᠣᠷᠣᠨ ᠤ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠪᠠ᠃ | ᠮᠠᠨ ᠤ ᠣᠷᠣᠨ ᠤ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠤᠨ ᠲᠥᠷᠥᠯ ᠢᠯᠭᠠᠯ ᠣᠯᠠᠨ᠂ ᠠᠯᠭᠠᠰᠠᠯ ᠶᠡᠭᠡ᠂ | ᠣᠷᠳᠣ ᠶᠢᠨ ᠬᠡᠮᠵᠢᠶ᠎ᠡ ᠣᠷᠳᠣ᠂ ᠦᠯᠡᠳᠡᠭᠳᠡᠯ ᠠᠰᠠᠭᠤᠳᠠᠯ ᠣᠯᠠᠨ ᠪᠠᠶᠢᠳᠠᠭ ᠣᠨᠴᠠᠯᠢᠭ ᠲᠤ ᠴᠢᠭᠯᠡᠭᠦᠯᠦᠨ᠂ ᠡᠯ᠎ᠡ | ᠭᠠᠵᠠᠷ ᠤᠨ ᠬᠢᠨ ᠰᠠᠨᠠᠭᠠᠴᠢᠯᠠᠭ᠎ᠠ ᠠᠴᠠ ᠪᠠᠨ ᠴᠠᠭ ᠬᠤᠭᠤᠴᠠᠭ᠎ᠠ ᠲᠤᠭᠲᠠᠭᠠᠵᠣ᠂ ᠱᠠᠲᠤ ᠦᠶ᠎ᠡ ᠬᠤᠪᠢᠶᠠᠨ | ᠲᠦᠭᠰᠢᠭᠦᠷᠢ ᠶᠢ ᠰᠡᠷᠭᠡᠶᠢᠯᠡᠬᠦ ᠠᠵᠢᠯ ᠢ ᠥᠷᠨᠢᠭᠦᠯᠪᠡ᠃ ᠬᠠᠪᠤᠷ ᠤᠨ ᠤᠯᠠᠷᠢᠯ ᠳᠤ᠂ ᠭᠠᠵᠠᠷ ᠰᠢᠷᠣᠢ ᠶᠢᠨ ᠡᠬᠢ | ᠪᠠᠶᠠᠯᠢᠭ ᠤᠨ ᠡᠷᠬᠡ ᠶᠢᠨ ᠬᠠᠷᠢᠶᠠᠯᠠᠯ ᠠᠴᠠ ᠪᠣᠯᠤᠭᠰᠠᠨ ᠵᠠᠭᠠᠭ ᠱᠤᠭᠤᠮ ᠤᠨ ᠵᠠᠭᠤᠷᠠᠯᠳᠤᠭᠠᠨ ᠢ ᠰᠡᠷᠭᠡᠶᠢᠯᠡᠬᠦ ᠪᠠᠷ | ᠭᠤᠣᠯᠳᠠᠯᠭ᠎ᠠ ᠪᠣᠯᠭᠠᠬᠤ᠂ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠭᠠᠵᠠᠷ ᠣᠷᠣᠨ ᠨᠢ | ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠵᠠᠭᠠᠭ ᠱᠤᠭᠤᠮ ᠢ ᠲᠤᠬᠠᠢ ᠶᠢᠨ ᠭᠠᠵᠠᠷ ᠲᠤ ᠨᠢ ᠮᠠᠭᠠᠳᠯᠠᠨ | ᠲᠣᠭᠲᠠᠭᠠᠭᠰᠠᠨ ᠨᠢ ᠨᠢᠭᠡᠳᠦᠯ ᠦᠭᠡᠢ ᠪᠠᠶᠢᠬᠤ ᠠᠰᠠᠭᠤᠳᠠᠯ ᠢᠶᠠᠷ ᠭᠤᠣᠯᠳᠠᠯᠭ᠎ᠠ ᠪᠣᠯᠭᠠᠬᠤ᠂ ᠤᠯᠤᠰ ᠤᠨ ᠴᠢᠬᠤᠯᠠ | ᠶᠡᠭᠡ ᠬᠡᠷᠡᠭ ᠶᠠᠪᠤᠳᠠᠯ ᠤᠨ ᠣᠨ᠂ ᠦᠯᠡᠳᠡᠭᠳᠡᠵᠦ ᠪᠠᠶᠢᠭ᠎ᠠ ᠠᠰᠠᠭᠤᠳᠠᠯ ᠲᠠᠢ ᠭᠠᠵᠠᠷ ᠤᠨ ᠬᠡᠰᠡᠭ ᠨᠢ ᠭᠤᠣᠯᠳᠠᠭᠤ | ᠵᠠᠭᠠᠭ ᠱᠤᠭᠤᠮ ᠠᠯᠤᠰᠯᠠᠨ ᠦᠢᠯᠡᠳᠪᠦᠷᠢᠯᠡᠯ ᠤᠨ ᠠᠵᠢᠯᠯᠠᠭ᠎ᠠ ᠥᠷᠨᠢᠭᠦᠯᠬᠦ ᠪᠠᠷ ᠭᠤᠣᠯᠳᠠᠯᠭ᠎ᠠ ᠪᠣᠯᠭᠠᠬᠤ ᠵᠡᠷᠭᠡ ᠶᠢ | ᠳᠤᠪᠤᠶᠢᠯᠭᠠᠵᠣ᠂ ᠤᠯᠠᠷᠢᠯ ᠬᠤᠪᠢᠶᠠᠨ᠂ ᠲᠥᠷᠥᠯ ᠬᠤᠪᠢᠶᠠᠨ ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠵᠤ᠂ ᠡᠬᠡ | ᠲᠠᠩᠰᠠ ᠪᠠᠶᠢᠭᠤᠯᠤᠨ᠂ ᠡᠯ᠎ᠡ ᠭᠠᠵᠠᠷ ᠤᠨ ᠬᠢᠨ ᠢ ᠵᠢᠯᠣᠭᠤᠳᠤᠨ ᠠᠯᠬᠤᠮ ᠠᠯᠬᠤᠮ ᠢᠶᠠᠷ ᠲᠠᠩᠰᠠ ᠠᠴᠠ ᠳᠠᠶᠢᠯᠵᠤ᠂ | ᠠᠮᠤᠷ ᠠᠮᠤᠭᠤᠯᠠᠩ ᠵᠠᠭᠠᠭ ᠱᠤᠭᠤᠮ ᠤᠨ ᠬᠠᠷᠠᠯᠲᠠ ᠶᠢ ᠪᠡᠶᠡᠯᠡᠭᠦᠯᠪᠡ᠃ | ᠵᠢᠷᠭᠤᠭ᠎ᠠ ᠳᠤ᠂ ᠵᠠᠭᠠᠭ ᠱᠤᠭᠤᠮ ᠢ ᠬᠠᠶᠢᠨ ᠲᠤᠭᠲᠠᠭᠠᠭᠰᠠᠨ ᠦᠷ᠎ᠡ ᠪᠦᠲᠦᠭᠡᠯ ᠤᠨ ᠨᠡᠶᠢᠭᠡᠮ ᠤᠨ | ᠦᠢᠯᠡᠴᠢᠯᠡᠭᠡ ᠶᠢ ᠳᠡᠭᠡᠭᠰᠢᠯᠡᠭᠦᠯᠪᠡ᠃ ᠨᠢᠭᠡ ᠳᠤ ᠪᠥᠬᠦ ᠣᠷᠣᠨ ᠤ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ | ᠵᠢᠷᠤᠭ ᠤᠨ ᠡᠮᠬᠢᠳᠬᠡᠯ ᠢ ᠴᠠᠭ ᠲᠤᠬᠠᠢ ᠳᠤ ᠨᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠣᠷᠣᠨ ᠪᠦᠰᠡ ᠶᠢᠨ | ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠳᠤ ᠣᠨᠣᠪᠴᠢᠲᠠᠶ ᠬᠠᠤᠯᠢ ᠪᠠᠷ ᠲᠣᠭᠲᠠᠭᠠᠭᠰᠠᠨ ᠣᠷᠣᠨ ᠵᠠᠢ ᠶᠢᠨ | ᠲᠤᠯᠭᠠᠭᠤᠷᠯᠠᠯ ᠬᠠᠩᠭᠠᠪᠠ᠃ ᠬᠤᠶᠠᠷ ᠲᠤ ᠡᠯ᠎ᠡ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢ | ᠵᠣᠬᠢᠴᠠᠭᠤᠯᠵᠤ ᠪᠠᠶᠢᠭᠠᠳ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ︽ᠭᠤᠷᠪᠠᠨ ᠣᠷᠣᠨ ᠵᠠᠢ | ᠭᠤᠷᠪᠠᠨ ᠱᠤᠭᠤᠮ︾ ᠤᠨ ᠲᠥᠯᠦᠪᠵᠢᠭᠦᠯᠭᠡ᠂ ᠭᠠᠵᠠᠷ ᠰᠢᠷᠣᠢ ᠶᠢᠨ ᠶᠡᠭᠡ ᠪᠠᠶᠢᠴᠠᠭᠠᠯᠲᠠ ᠳᠤ ᠵᠠᠰᠠᠭ ᠵᠠᠬᠢᠷᠭᠠᠨ ᠤ | ᠣᠷᠣᠨ ᠬᠤᠪᠢᠶᠠᠷᠢᠯᠠᠯ ᠤᠨ ᠵᠥᠪ ᠣᠨᠣᠪᠴᠢᠲᠠᠶ ᠦᠨᠳᠦᠰᠦ ᠪᠠᠷᠢᠮᠲᠠ ᠬᠠᠩᠭᠠᠪᠠ᠃ ᠭᠤᠷᠪᠠ ᠳᠤ ᠢᠯᠡ | ᠪᠣᠯᠭᠠᠬᠤ ᠪᠠᠷ ᠭᠤᠶᠤᠴᠢᠯᠠᠭᠰᠠᠨ ᠵᠠᠭᠠᠭ ᠱᠤᠭᠤᠮ ᠤᠨ ᠣᠷᠣᠨ ᠪᠠᠶᠢᠷᠢ ᠪᠠ ᠬᠠᠨᠳᠤᠰᠢ ᠶᠢᠨ ᠬᠤᠯᠪᠣᠭᠳᠠᠯ ᠪᠦᠬᠦᠢ | ᠲᠤᠭ᠎ᠠ ᠪᠠᠷᠢᠮᠲᠠ ᠶᠢ ᠢᠯᠡ ᠪᠣᠯᠭᠠᠵᠤ᠂ ᠪᠠᠶᠢᠴᠠᠭᠠᠬᠤ ᠪᠠᠶᠢᠭᠤᠯᠭ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠬᠡᠷᠡᠭ ᠰᠢᠢᠳᠪᠦᠷᠢᠯᠡᠬᠦ ᠳᠤ ᠬᠠᠤᠯᠢ ᠪᠠᠷ ᠲᠣᠭᠲᠠᠭᠠᠭᠰᠠᠨ ᠡᠷᠬᠡ ᠰᠦᠷᠲᠦ ᠦᠨᠳᠦᠰᠦᠯᠡᠯ ᠬᠠᠩᠭᠠᠪᠠ᠃ | ᠲᠤᠯᠤᠭ᠎ᠠ ᠳᠤ᠂ ᠵᠠᠭᠠᠭ ᠱᠤᠭᠤᠮ ᠤᠨ ᠣᠷᠤᠨ ᠤ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠪᠠ᠃ | ᠬᠠᠮᠲᠤᠷᠠᠨ ᠪᠠᠶᠢᠴᠠᠭᠠᠬᠤ ᠵᠠᠪᠰᠢᠶᠠᠨ ᠢ ᠠᠰᠢᠭᠯᠠᠨ᠂ ᠬᠥᠷᠰᠢ ᠵᠡᠷᠭᠡᠯᠡᠳᠡᠭᠡ ᠬᠤᠰᠢᠭᠤ ᠰᠢᠶᠠᠨ ᠤ ᠬᠤᠭᠤᠷᠣᠨᠳᠤ ᠪᠠᠨ | ᠵᠠᠭᠠᠭ ᠱᠤᠭᠤᠮ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠬᠤ᠂ ᠡᠶ᠎ᠡ ᠵᠣᠬᠢᠴᠠᠯ ᠲᠠᠢ ᠵᠠᠭᠠᠭ | ᠱᠤᠭᠤᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠪᠠᠷ ᠭᠤᠣᠯ ᠰᠡᠳᠦᠪ ᠪᠣᠯᠭᠠᠭᠰᠠᠨ ᠨᠥᠬᠦᠷᠯᠡᠯ ᠤᠨ | ᠠᠵᠢᠯᠯᠠᠭ᠎ᠠ ᠶᠢ ᠥᠷᠨᠢᠭᠦᠯᠵᠦ᠂ ᠵᠠᠭᠠᠭ ᠱᠤᠭᠤᠮ ᠤᠨ ᠣᠷᠣᠨ ᠤ ᠰᠣᠶᠣᠯ ᠤᠨ ᠠᠭᠤᠯᠭ᠎ᠠ ᠶᠢ ᠪᠠᠶᠠᠯᠢᠭᠵᠢᠭᠤᠯᠪᠠ᠃ | ᠭᠤᠣᠯᠳᠠᠯᠭ᠎ᠠ ᠲᠠᠢ ᠭᠠᠵᠠᠷ ᠣᠷᠣᠨ ᠢ ᠰᠣᠩᠭᠤᠵᠤ ᠨᠢᠭᠡ ᠪᠦᠯᠦᠭ ᠵᠠᠭᠠᠭ ᠤᠨ ᠱᠤᠩ ᠤᠨ ᠲᠡᠮᠳᠡᠭ ᠠᠴᠠ | ᠡᠭᠦᠰᠦᠭᠰᠡᠨ ᠪᠣᠳᠠᠰ ᠢ ᠪᠦᠲᠦᠭᠡᠨ ᠪᠠᠶᠢᠭᠤᠯᠪᠠ᠃ ᠣᠷᠳᠣᠰ ᠬᠤᠲᠠ ᠶᠢᠨ ᠵᠡᠭᠦᠨᠭᠠᠷ ᠬᠤᠰᠢᠭᠤ ᠱᠠᠨ ᠰᠢ ᠥᠪᠥᠷ | ᠮᠣᠩᠭᠤᠯ ᠱᠠᠨᠰᠢ ᠭᠤᠷᠪᠠᠨ ᠮᠤᠵᠢ ᠣᠷᠣᠨ ᠤ ᠠᠭᠤᠯᠵᠠᠷ ᠲᠤ ᠲᠣᠮᠣ ᠬᠡᠯᠪᠡᠷᠢ ᠶᠢᠨ ᠭᠠᠵᠠᠷ ᠤᠨ ᠵᠢᠷᠤᠭ ᠤᠨ ᠲᠡᠮᠳᠡᠭ | ᠲᠠᠯᠪᠢᠵᠤ᠂ ᠭᠠᠵᠠᠷ ᠵᠦᠢ ᠶᠢᠨ ᠪᠠᠶᠢᠷᠢᠰᠢᠯ ᠤᠨ ᠢᠯᠡ ᠲᠣᠳᠣ ᠪᠠᠶᠢᠬᠤ ᠶᠢ ᠬᠠᠷᠠᠭᠤᠯᠤᠭᠰᠠᠨ ᠪᠥᠭᠡᠳ ᠵᠠᠭᠠᠭ ᠤᠨ | ᠱᠤᠩ ᠤᠨ ᠪᠡᠯᠭᠡ ᠲᠡᠮᠳᠡᠭ ᠤᠨ ᠴᠢᠨᠠᠷᠲᠠᠢ ᠦᠢᠯᠡᠳᠦᠯ ᠢ ᠴᠦ ᠢᠯᠡᠷᠡᠭᠦᠯᠦᠭᠰᠡᠨ ᠪᠠᠶᠢᠨ᠎ᠠ᠃ ᠵᠠᠭᠠᠭ ᠱᠤᠭᠤᠮ ᠤᠨ | ᠣᠷᠤᠨ ᠬᠢᠭᠡᠳ ᠭᠠᠵᠠᠷ ᠤᠨ ᠨᠡᠷᠡᠰ ᠤᠨ ᠰᠣᠶᠣᠯ ᠤᠨ ᠠᠭᠤᠰᠤᠯᠴᠠᠯ ᠢ ᠴᠢᠩᠭᠠᠳᠬᠠᠵᠤ᠂ ᠬᠠᠲᠤᠨ ᠭᠤᠣᠯ᠂ ᠵᠠᠭᠠᠭ | ᠱᠤᠭᠤᠮ ᠳᠠᠭᠠᠤ ᠶᠢᠨ ᠬᠤᠪᠢᠰᠬᠠᠯᠲᠤ ᠭᠠᠵᠠᠷ ᠤᠨ ᠨᠡᠷᠡᠰ ᠤᠨ ᠰᠣᠶᠣᠯ ᠢ ᠠᠭᠤᠳᠠᠯᠵᠤ᠂ ᠭᠠᠵᠠᠷ ᠤᠨ ᠨᠡᠷᠡᠰ ᠤᠨ | ᠥᠯᠢᠭᠡᠷ ᠢ ᠰᠠᠶᠢᠲᠤᠷ ᠶᠠᠷᠢᠵᠤ᠂ ᠵᠠᠭᠠᠭ ᠱᠤᠭᠤᠮ ᠤᠨ ᠬᠠᠮᠢᠶᠠᠷᠤᠯᠲᠠ ᠶᠢᠨ ᠬᠠᠤᠯᠢ ᠲᠣᠭᠲᠠᠭᠠᠯ ᠢ ᠤᠬᠠᠭᠤᠯᠵᠤ᠂ | ᠠᠮᠤᠷ ᠠᠮᠤᠭᠤᠯᠠᠩ ᠵᠠᠭᠠᠭ ᠱᠤᠭᠤᠮ ᠤᠨ ᠣᠷᠤᠨ ᠢ ᠡᠭᠦᠳᠦᠨ ᠪᠠᠶᠢᠭᠤᠯᠬᠤ ᠶᠢ ᠠᠬᠢᠭᠤᠯᠪᠠ᠃ | ᠨᠠᠢᠮᠠ ᠳᠤ᠂ ᠵᠠᠭᠠᠭ ᠱᠤᠭᠤᠮ ᠤᠨ ᠬᠡᠪᠴᠢᠶᠡᠨ ᠳᠤ ᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ | ᠵᠢᠷᠤᠮᠵᠢᠭᠤᠯᠪᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠱᠠᠲᠤᠨ ᠤ ᠵᠠᠭᠠᠭ ᠱᠤᠭᠤᠮ ᠤᠨ | ᠬᠠᠮᠢᠶᠠᠷᠤᠯᠲᠠ ᠶᠢᠨ ᠠᠵᠢᠯᠲᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠢ ᠰᠢᠯᠭᠠᠨ ᠠᠪᠬᠤ ᠶᠢ | ᠰᠠᠨᠠᠭᠠᠴᠢᠯᠠᠵᠤ᠂ ᠵᠠᠭᠠᠭ ᠱᠤᠭᠤᠮ ᠤᠨ ᠣᠷᠤᠨ ᠤ ᠵᠠᠭᠤᠷᠠᠯᠳᠤᠭᠠᠨ ᠢ ᠰᠢᠢᠳᠪᠦᠷᠢᠯᠡᠬᠦ ᠠᠵᠢᠯ ᠢ ᠬᠠᠤᠯᠢ ᠶᠣᠰᠣᠭᠠᠷ | ᠥᠷᠨᠢᠭᠦᠯᠪᠡ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠱᠠᠲᠤᠨ ᠤ ᠵᠠᠭᠠᠭ | ᠱᠤᠭᠤᠮ ᠤᠨ ᠬᠠᠮᠢᠶᠠᠷᠤᠯᠲᠠ ᠶᠢᠨ ᠠᠵᠢᠯᠲᠠᠨ ᠤ 90% ᠠᠴᠠ ᠳᠡᠭᠡᠭᠰᠢᠬᠢ ᠨᠢ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠦᠨᠡᠮᠯᠡᠯ ᠢ ᠰᠢᠯᠭᠠᠨ ᠠᠪᠴᠤ᠂ ᠬᠠᠤᠯᠢ ᠬᠡᠷᠡᠭᠵᠢᠭᠦᠯᠬᠦ ᠬᠢᠷᠢ ᠬᠡᠮ ᠤᠨ ᠬᠠᠤᠯᠢ ᠶᠣᠰᠣᠨ ᠤ ᠪᠣᠯᠬᠤ ᠶᠢ | ᠪᠡᠶᠡᠯᠡᠭᠦᠯᠪᠡ᠃ ︽ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠵᠠᠭᠠᠭ ᠱᠤᠭᠤᠮ ᠤᠨ ᠮᠠᠷᠭᠤᠯᠳᠤᠭᠠᠨ ᠢ | ᠰᠢᠢᠳᠪᠦᠷᠢᠯᠡᠬᠦ ᠳᠦᠷᠢᠮ︾ ︽ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠵᠠᠭᠠᠭ ᠱᠤᠭᠤᠮ ᠤᠨ | ᠬᠠᠮᠢᠶᠠᠷᠤᠯᠲᠠ ᠶᠢᠨ ᠳᠦᠷᠢᠮ︾ ᠲᠠᠢ ᠬᠠᠷᠢᠴᠠᠭᠤᠯᠤᠨ᠂ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠵᠠᠭᠠᠭ | ᠱᠤᠭᠤᠮ ᠤᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠡᠷᠬᠡ ᠶᠢᠨ ᠨᠠᠷᠢᠨ | ᠬᠠᠭᠤᠳᠠᠰᠤ ᠶᠢ ᠡᠮᠬᠢᠯᠡᠨ ᠳᠢᠭᠯᠡᠵᠦ᠂ ᠦᠨᠳᠦᠰᠦᠨ ᠱᠠᠲᠤᠨ ᠤ ᠵᠠᠭᠠᠭ ᠱᠤᠭᠤᠮ ᠤᠨ ᠬᠠᠤᠯᠢ ᠬᠡᠷᠡᠭᠵᠢᠭᠦᠯᠬᠦ | ᠠᠵᠢᠯᠲᠠᠨ ᠢ ᠵᠢᠯᠣᠭᠤᠳᠤᠨ ᠪᠠᠶᠢᠵᠤ ᠬᠠᠤᠯᠢ ᠶᠣᠰᠣᠭᠠᠷ ᠵᠠᠭᠠᠭ ᠱᠤᠭᠤᠮ ᠢ ᠬᠠᠮᠢᠶᠠᠷᠬᠤ᠂ ᠬᠠᠤᠯᠢ ᠶᠣᠰᠣᠭᠠᠷ ᠵᠠᠰᠠᠭ | ᠶᠠᠪᠤᠭᠤᠯᠬᠤ ᠦᠵᠡᠯ ᠤᠬᠠᠮᠰᠠᠷ ᠢ ᠴᠢᠩᠭᠠᠷᠠᠭᠤᠯᠵᠤ᠂ ᠵᠠᠭᠠᠭ ᠱᠤᠭᠤᠮ ᠤᠨ ᠬᠠᠮᠢᠶᠠᠷᠤᠯᠲᠠ ᠶᠢ ᠬᠠᠤᠯᠢ ᠪᠠᠷ ᠵᠠᠰᠠᠬᠤ | ᠪᠠ ᠬᠠᠤᠯᠢᠵᠢᠭᠤᠯᠬᠤ ᠶᠢ ᠪᠡᠶᠡᠯᠡᠭᠦᠯᠪᠡ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ ᠡᠯ᠎ᠡ | ᠱᠠᠲᠤᠨ ᠤ ᠪᠠ ᠡᠯ᠎ᠡ ᠲᠥᠷᠥᠯ ᠤᠨ ᠵᠠᠭᠠᠭ ᠱᠤᠭᠤᠮ ᠤᠨ ᠵᠠᠭᠤᠷᠠᠯᠳᠤᠭᠠᠨ ᠢ ᠤᠷᠢᠳ ᠬᠤᠵᠢᠳ 20 ᠭᠠᠷᠤᠢ | ᠤᠳᠠᠭ᠎ᠠ ᠨᠠᠮᠳᠠᠭᠠᠵᠤ᠂ ᠬᠠᠤᠯᠢ ᠶᠣᠰᠣᠭᠠᠷ ᠵᠠᠭᠠᠭ ᠱᠤᠭᠤᠮ ᠢ ᠬᠠᠮᠢᠶᠠᠷᠬᠤ᠂ ᠬᠠᠤᠯᠢ ᠶᠣᠰᠣᠭᠠᠷ ᠬᠢᠨᠠᠨ | ᠲᠣᠭᠲᠠᠭᠠᠬᠤ᠂ ᠵᠥᠪᠳᠡᠯᠴᠡᠨ ᠰᠢᠢᠳᠪᠦᠷᠢᠯᠡᠬᠦ ᠶᠢ ᠪᠡᠶᠡᠯᠡᠭᠦᠯᠵᠦ᠂ ᠵᠢᠱᠢᠭᠰᠡᠨ ᠬᠠᠷᠠᠯᠲᠠ ᠪᠠᠨ ᠪᠡᠶᠡᠯᠡᠭᠦᠯᠪᠡ᠃ | |