ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠭᠠᠵᠠᠷ ᠤᠨ ᠬᠢᠨ ᠠᠷᠠᠳ ᠤᠨ ᠶᠠᠪᠤᠳᠠᠯ ᠤᠨ ᠺᠠᠳ᠋ᠷᠴᠤᠳ ᠤᠨ ᠶᠡᠭᠡ ᠬᠢᠴᠢᠶᠡᠯ ᠤᠨ ᠲᠠᠩᠬᠢᠮ ᠤᠨ ᠠᠵᠢᠯᠯᠠᠭᠠᠨ ᠳᠤ ᠢᠳᠡᠪᠬᠢᠲᠡᠢ ᠤᠷᠤᠯᠴᠠᠪᠠ
ᠨᠡᠶᠢᠲᠡᠯᠡᠭᠰᠡᠨ ᠴᠠᠭ᠄
2023/4/21
                ᠤᠷᠢᠬᠠᠨ ᠮᠡᠳᠡᠭᠡᠯᠡᠪᠡ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ︽ᠠᠷᠠᠳ ᠤᠨ ᠶᠠᠪᠤᠳᠠᠯ ᠤᠨ ᠺᠠᠳ᠋ᠷᠴᠤᠳ ᠤᠨ ᠶᠡᠭᠡ ᠬᠢᠴᠢᠶᠡᠯ ᠤᠨ ᠲᠠᠩᠬᠢᠮ ᠤᠨ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ 2023 ᠣᠨ ᠤ 2 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠭᠠᠵᠠᠷ ᠤᠨ ᠬᠢᠨ ᠱᠠᠭᠠᠷᠳᠠᠯᠭ᠎ᠠ ᠶᠣᠰᠣᠭᠠᠷ ᠬᠢᠴᠢᠶᠡᠯ ᠶᠠᠷᠢᠬᠤ ᠡᠭᠦᠷᠭᠡ ᠪᠠᠨ ᠪᠡᠶᠡᠯᠡᠭᠦᠯᠪᠡ᠃ 12 ᠠᠶᠢᠮᠠᠭ ᠬᠤᠲᠠ ᠪᠣᠯᠣᠨ ᠮᠠᠨᠵᠤᠤᠷ ᠬᠤᠲᠠ᠂ ᠡᠷᠢᠶᠡᠨ ᠬᠤᠲᠠ ᠶᠢᠨ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠭᠠᠵᠠᠷ ᠤᠨ ᠨᠡᠷᠡᠰ ᠤᠨ ᠬᠠᠮᠢᠶᠠᠷᠤᠯᠲᠠ  ᠶᠢᠨ ᠰᠠᠯᠠᠭ᠎ᠠ ᠲᠠᠰᠤᠭ ᠤᠨ ᠠᠵᠢᠯᠲᠠᠨ ᠪᠣᠯᠣᠨ ᠲᠢᠩᠬᠢᠮ ᠤᠨ ᠪᠠᠶᠢᠭᠤᠯᠤᠯᠭ᠎ᠠ ᠶᠢᠨ ᠡᠯ᠎ᠡ ᠭᠠᠵᠠᠷ ᠲᠠᠰᠤᠭ ᠤᠨ ᠠᠵᠢᠯᠲᠠᠨ ᠣᠷᠣᠯᠴᠠᠵᠠᠢ᠃ ᠲᠣᠰ ᠤᠳᠠᠭᠠᠨ ᠤ ᠶᠡᠭᠡ ᠬᠢᠴᠢᠶᠡᠯ ᠤᠨ ᠲᠠᠩᠬᠢᠮ ᠳᠡᠭᠡᠷ᠎ᠡ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠭᠠᠵᠠᠷ ᠤᠨ ᠭᠠᠵᠠᠷ ᠤᠨ ᠳᠠᠷᠤᠭ᠎ᠠ ᠵᠠᠩ ᠲᠢᠶᠠᠨ ᠱᠦᠨ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃ ᠭᠤᠣᠯᠳᠠᠭᠤ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠠᠵᠢᠯ ᠨᠢ ᠮᠠᠨ ᠤ ᠣᠷᠣᠨ ᠤ  ᠣᠳᠤᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠳᠤ ᠬᠢ ᠡᠭᠦᠷᠭᠡ ᠬᠠᠷᠢᠭᠤᠴᠠᠯᠭ᠎ᠠ ᠶᠢ ᠭᠦᠢᠴᠡᠳ ᠲᠠᠨᠢᠬᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢᠨ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠭᠠᠵᠠᠷ ᠤᠨ ᠨᠡᠷᠡᠰ ᠪᠠ ᠵᠠᠭᠠᠭ ᠱᠤᠭᠤᠮ ᠤᠨ ᠬᠠᠮᠢᠶᠠᠷᠤᠯᠲᠠ ᠶᠢᠨ ᠠᠵᠢᠯ  ᠤᠨ ᠭᠤᠣᠯᠳᠠᠯᠭ᠎ᠠ ᠶᠢ ᠣᠨᠣᠪᠴᠢᠲᠠᠶ ᠡᠵᠡᠮᠳᠡᠬᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ  ᠶᠢᠨ ᠬᠤᠭᠤᠴᠠᠭᠠᠨ ᠳᠤ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠦᠢᠯᠡᠰ ᠤᠨ ᠬᠥᠭᠵᠢᠯᠲᠡ ᠶᠢ ᠰᠢᠰᠲ᠋ᠧᠮ ᠲᠠᠢ ᠰᠦᠪᠡᠭᠴᠢᠯᠡᠬᠦ ᠪᠠ ᠲᠦᠯᠬᠢᠨ ᠠᠬᠢᠭᠤᠯᠬᠤ ᠵᠡᠷᠭᠡ ᠲᠠᠯ᠎ᠠ ᠪᠠᠷ ᠬᠢᠴᠢᠶᠡᠯ ᠤᠷᠤᠪᠠ᠃ᠵ᠊ ‍ᠠᠩ ᠲᠢᠶᠠᠨ ᠱᠦᠨ ᠠᠴᠠ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠭᠠᠵᠠᠷ ᠤᠨ ᠨᠡᠷᠡᠰ  ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠤᠯᠤᠰ ᠲᠥᠷᠥ ᠶᠢᠨ ᠴᠢᠳᠠᠮᠵᠢ᠂ ᠠᠵᠤ ᠠᠬᠤᠢ ᠶᠢᠨ ᠴᠢᠳᠠᠮᠵᠢ᠂ ᠨᠡᠶᠢᠭᠡᠮ ᠤᠨ ᠴᠢᠳᠠᠮᠵᠢ᠂ ᠰᠣᠶᠣᠯ ᠤᠨ ᠴᠢᠳᠠᠮᠵᠢ ᠶᠢ ᠭᠦᠢᠴᠡᠳ ᠲᠣᠳᠣᠷᠬᠠᠢ ᠲᠠᠨᠢᠬᠤ ᠪᠣᠯ ᠪᠥᠬᠦ ᠣᠷᠣᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠢᠴᠢ ᠤᠯᠠᠮᠵᠢᠯᠠᠯᠲᠤ ᠰᠣᠶᠣᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢᠨ ᠪᠦᠲᠦᠮᠵᠢᠲᠡᠶ ᠠᠷᠭ᠎ᠠ ᠵᠠᠮ ᠤᠨ ᠨᠢᠭᠡ ᠪᠣᠯᠣᠨ᠎ᠠ᠃ ᠰᠢᠨ᠎ᠡ ᠬᠥᠭᠵᠢᠯᠲᠡ ᠶᠢᠨ ᠱᠠᠲᠤ ᠦᠶ᠎ᠡ ᠶᠢᠨ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠠᠵᠢᠯ ᠢ ᠪᠣᠯᠭᠤᠮᠵᠢᠲᠠᠢ ᠪᠥᠭᠡᠳ ᠯᠠᠪᠳᠠᠭᠤᠨ ᠢᠶᠠᠷ ᠠᠬᠢᠭᠤᠯᠬᠤ ᠶᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠡᠭᠦᠨ ᠤ ᠳᠠᠷᠠᠭ᠎ᠠ᠂ ᠴᠤᠭ ᠲᠢᠩᠬᠢᠮ ᠤᠨ ᠳᠡᠳ᠋ ᠳᠠᠷᠤᠭ᠎ᠠ ᠲᠤᠪᠴᠢ ᠳ᠋ᠦᠩᠨᠡᠯᠲᠡ ᠬᠢᠪᠡ᠃  ᠴᠤᠭ ᠲᠢᠩᠬᠢᠮ  ᠤᠨ ᠳᠡᠳ᠋ ᠳᠠᠷᠤᠭ᠎ᠠ ᠠᠴᠠ 2022 ᠣᠨ ᠤ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠠᠵᠢᠯ ᠤᠨ ᠣᠯᠣᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠬᠤ ᠶᠢᠨ ᠬᠠᠮᠲᠤ ᠰᠢᠨ᠎ᠡ ᠣᠨ ᠤ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠪᠠ᠃ ᠡᠯ᠎ᠡ ᠭᠠᠵᠠᠷ ᠲᠠᠰᠤᠭ ᠤᠨ ᠬᠢᠨ ᠠᠵᠢᠯ ᠤᠨ ᠣᠳᠣᠬᠢ ᠪᠠᠶᠢᠳᠠᠯ ᠢᠶᠠᠨ ᠣᠨᠣᠪᠴᠢᠲᠠᠶ ᠡᠵᠡᠮᠳᠡᠵᠦ᠂ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠠᠵᠢᠯ ᠤᠨ ᠪᠠᠭᠤᠷᠠᠢ ᠲᠠᠯ᠎ᠠ ᠪᠠ ᠬᠦᠷᠦᠯᠴᠡᠬᠦ ᠦᠭᠡᠢ ᠲᠠᠯ᠎ᠠ ᠪᠠᠨ ᠭᠦᠢᠴᠡᠳ ᠲᠠᠨᠢᠵᠤ᠂ ᠠᠵᠢᠯ ᠤᠨ ᠠᠷᠭ᠎ᠠ ᠮᠠᠶ᠋ᠢᠭ ᠤᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠳᠤ ᠣᠷᠣᠯᠴᠠᠭᠰᠠᠳ ᠠᠴᠠ᠂ ᠲᠣᠰ ᠤᠳᠠᠭᠠᠨ ᠤ ᠬᠢᠴᠢᠶᠡᠯ ᠢᠶᠠᠷ ᠳᠡᠮᠵᠢᠨ᠂ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠭᠠᠵᠠᠷ ᠤᠨ ᠨᠡᠷᠡᠰ ᠤᠨ ᠲᠤᠬᠠᠶᠢᠯᠠᠭᠰᠠᠨ ᠠᠵᠢᠯ ᠤᠨ ᠲᠤᠬᠠᠢ ᠨᠠᠩ ᠪᠥᠬᠦ ᠲᠠᠯ᠎ᠠ ᠶᠢᠨ ᠣᠶᠢᠯᠠᠭᠠᠯᠲᠠ ᠲᠠᠢ ᠪᠣᠯᠤᠭᠰᠠᠨ ᠪᠠᠶᠢᠨ᠎ᠠ ᠭᠡᠪᠡ᠃ ᠳᠡᠲᠡ ᠨᠠᠷ ᠠᠴᠠ ᠬᠤᠶᠢᠰᠢᠳᠠ ᠶᠢᠨ ᠠᠵᠢᠯ ᠤᠨ ᠳᠤᠮᠳᠠ ᠪᠠᠨ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠵᠣᠬᠢᠴᠠᠭᠤᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠣᠯᠣᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠤᠰ ᠭᠠᠵᠠᠷ ᠣᠷᠣᠨ ᠤ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠭᠠᠵᠠᠷ ᠤᠨ ᠨᠡᠷᠡᠰ ᠤᠨ ᠵᠠᠭᠠᠭ ᠱᠤᠭᠤᠮ ᠤᠨ ᠬᠠᠮᠢᠶᠠᠷᠤᠯᠲᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠰᠠᠨᠠᠯ ᠨᠢᠭᠡᠲᠡᠢ ᠢᠯᠡᠳᠬᠡᠪᠡ᠃ 
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号