ᠬᠡᠬᠡᠨᠳᠤᠶᠠᠭ᠎ᠠ ᠤᠷᠴᠢᠭᠤᠯᠪᠠ | ᠨᠢᠭᠡᠳᠦᠭᠡᠷ ᠵᠦᠢᠯ᠄ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠵᠢᠱᠢᠭᠳᠡᠭᠴᠢ ᠶᠢ ᠬᠢᠨᠠᠨ | ᠬᠠᠷᠭᠤᠭᠤᠯᠬᠤ ᠠᠵᠢᠯ ᠢ ᠵᠢᠷᠤᠮᠵᠢᠭᠤᠯᠬᠤ ᠶᠢᠨ ᠲᠦᠯᠤᠬᠡ᠂ ︽ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ | ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠲᠤᠬᠠᠢ ᠰᠠᠨᠠᠯ ︵ᠲᠤᠷᠰᠢᠨ ᠬᠡᠷᠡᠭᠵᠢᠭᠦᠯᠬᠦ︶︾ ︵ᠲᠥᠪ ᠠᠯᠪᠠᠨ | ᠲᠠᠷᠬᠠᠭᠠᠭᠰᠠᠨ ﹇2015﹈ 51 ᠳ᠋ᠤᠬᠡᠷ ᠲᠣᠭᠠᠲᠤ︶᠂ ︽ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ | ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ ︵ᠲᠤᠷᠰᠢᠨ ᠬᠡᠷᠡᠭᠵᠢᠭᠦᠯᠬᠦ︶︾ ︵ | ᠥᠪᠥᠷ ᠨᠠᠮ ᠠᠯᠪᠠᠨ ᠲᠠᠷᠬᠠᠭᠠᠭᠰᠠᠨ ﹇2015﹈ 51 ᠳ᠋ᠤᠬᠡᠷ ᠲᠣᠭᠠᠲᠤ︶ ᠤᠨ ᠬᠠᠮᠢᠶ᠎ᠠ ᠪᠦᠬᠦᠢ ᠠᠵᠢᠯ ᠤᠨ | ᠱᠠᠭᠠᠷᠳᠠᠯᠭ᠎ᠠ ᠶᠢ ᠦᠨᠳᠦᠰᠦᠯᠡᠨ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ | ᠲᠣᠭᠲᠠᠭᠠᠪᠠ᠃ | ᠬᠤᠶᠠᠳᠤᠭᠠᠷ ᠵᠦᠢᠯ᠄ ᠲᠣᠰ ᠠᠷᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ | ᠱᠠᠲᠤᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠬᠠᠷᠢᠭᠤᠴᠠᠯᠭᠠᠲᠠᠨ | ᠢ ᠬᠢᠨᠠᠵᠤ ᠬᠠᠷᠭᠤᠭᠤᠯᠬᠤ ᠠᠵᠢᠯ ᠳᠤ ᠬᠡᠷᠡᠭᠯᠡᠨ᠎ᠡ᠃ | ᠭᠤᠷᠪᠠᠳᠤᠭᠠᠷ ᠵᠦᠢᠯ᠄ ᠲᠤᠰ ᠠᠷᠭ᠎ᠠ ᠳᠤ ᠬᠡᠯᠡᠵᠦ ᠪᠠᠶᠢᠭ᠎ᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠭᠡᠳᠡᠭ ᠨᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ︶ ᠲᠤ ᠬᠠᠤᠯᠢ ᠶᠣᠰᠣᠭᠠᠷ | ᠳᠠᠩᠰᠠᠯᠠᠭᠤᠯᠤᠭᠰᠠᠨ ᠨᠡᠶᠢᠭᠡᠮ ᠤᠨ ᠪᠦᠯᠬᠦᠮ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ︵ᠠᠷᠠᠳ ᠠᠴᠠ | ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠬᠡᠴᠢ︶ ᠪᠣᠯᠣᠨ ᠰᠠᠭᠤᠷᠢ ᠮᠥᠩᠭᠦᠨ ᠤ ᠨᠡᠶᠢᠭᠡᠮᠯᠢᠭ ᠢ ᠵᠢᠭᠠᠵᠤ ᠪᠤᠢ᠃ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠵᠢᠱᠢᠭᠳᠡᠭᠴᠢ ᠭᠡᠳᠡᠭ ᠨᠢ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠨᠡᠶᠢᠭᠡᠮᠯᠢᠭ ᠤᠨ ᠳᠠᠷᠤᠭ᠎ᠠ ︵ᠬᠡᠷᠡᠭ ᠡᠷᠬᠢᠯᠡᠭᠴᠢᠳ ᠤᠨ ᠳᠠᠷᠤᠭ᠎ᠠ︶᠂ ᠨᠡᠶᠢᠭᠡᠮᠯᠢᠭ ᠤᠨ ᠳᠡᠳ᠋ | ᠳᠠᠷᠤᠭ᠎ᠠ ︵ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ︶᠂ ᠨᠠᠷᠢᠨ ᠪᠢᠴᠢᠭ ᠤᠨ ᠳᠠᠷᠤᠭ᠎ᠠ ︵ᠭᠦᠢᠴᠡᠳᠬᠡᠬᠦ | ᠪᠠᠶᠢᠭᠤᠯᠤᠮᠵᠢ ᠶᠢᠨ ᠬᠠᠷᠢᠭᠤᠴᠠᠯᠭᠠᠲᠠᠨ︶ ᠪᠠ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠵᠡᠷᠭᠡ ᠲᠤᠰᠢᠶᠠᠯ ᠢ | ᠡᠭᠦᠷᠭᠡᠯᠡᠬᠦ ᠪᠠᠷ ᠪᠠᠶᠢᠭ᠎ᠠ ᠵᠢᠱᠢᠭᠳᠡᠭᠴᠢ ᠶᠢ ᠵᠢᠭᠠᠵᠤ ᠪᠠᠶᠢᠨ᠎ᠠ᠃ | ᠳᠥᠷᠪᠡᠳᠦᠭᠡᠷ ᠵᠦᠢᠯ᠄ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠵᠢᠱᠢᠭᠳᠡᠭᠴᠢ ᠶᠢ | ᠬᠢᠨᠠᠨ ᠬᠠᠷᠭᠤᠭᠤᠯᠬᠤ ᠠᠵᠢᠯ ᠳᠤ ᠲᠠᠷᠠᠭᠠᠬᠢ ᠵᠠᠷᠴᠢᠮ ᠤᠳ ᠢ ᠵᠢᠷᠤᠮᠯᠠᠬᠤ ᠬᠡᠷᠡᠭᠲᠡᠢ᠄ | ︵ᠨᠢᠭᠡ︶ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠣᠷᠠᠯ ᠴᠢᠳᠠᠪᠤᠷᠢ ᠶᠢ | ᠬᠤᠤᠰᠯᠠᠬᠰᠠᠨ ᠪᠦᠬᠡᠳ ᠮᠣᠷᠠᠯ ᠢ ᠲᠡᠷᠢᠭᠦᠨ ᠳᠤ ᠲᠠᠯᠪᠢᠬᠤ ᠬᠥᠮᠥᠨ ᠢ ᠰᠣᠩᠭᠤᠵᠤ᠂ ᠬᠡᠷᠡᠭᠯᠡᠬᠦ ᠤᠳᠤᠷᠢᠳᠤᠮᠵᠢ ᠶᠢ | ᠪᠠᠷᠢᠮᠲᠠᠯᠠᠵᠤ᠂ ᠬᠢᠨᠠᠨ ᠬᠠᠷᠭᠤᠭᠤᠯᠬᠤ ᠠᠵᠢᠯ ᠤᠨ ᠬᠠᠮᠢᠶᠠᠷᠤᠯᠲᠠ ᠪᠣᠯᠣᠨ ᠪᠠᠶᠢᠴᠠᠭᠠᠯᠲᠠ ᠬᠢᠨᠠᠯᠲᠠ ᠶᠢ | ᠴᠢᠩᠭᠠᠳᠬᠠᠵᠤ᠂ ᠨᠠᠮ ᠤᠨ ᠤᠯᠤᠰ ᠲᠦᠷᠦ ᠶᠢᠨ ᠤᠳᠤᠷᠢᠳᠤᠯᠭ᠎ᠠ᠂ ᠦᠵᠡᠯ ᠰᠠᠨᠠᠭᠠᠨ ᠤ ᠤᠳᠤᠷᠢᠳᠤᠯᠭ᠎ᠠ᠂ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠬᠠᠷᠢᠭᠤᠴᠠᠯᠭᠠᠲᠠᠨ ᠤ ᠵᠢᠱᠢᠭᠳᠡᠭᠴᠢ ᠶᠢ ᠬᠢᠨᠠᠨ ᠬᠠᠷᠭᠤᠭᠤᠯᠬᠤ ᠠᠵᠢᠯ ᠤᠨ ᠪᠦᠬᠦ ᠲᠠᠯ᠎ᠠ᠂ ᠪᠦᠬᠦ ᠶᠠᠪᠤᠴᠠ ᠳᠤ | ᠲᠤᠭᠤᠰᠢᠯᠠᠭᠤᠯᠬᠤ ᠶᠢ ᠪᠠᠲᠤᠯᠠᠬᠤ ᠬᠡᠷᠡᠭᠲᠡᠢ᠃ | ︵ᠬᠤᠶᠠᠷ︶ ᠤᠯᠤᠰ ᠲᠦᠷᠦ ᠶᠢᠨ ᠪᠠᠷᠢᠮᠵᠢᠶ᠎ᠠ ᠶᠢ ᠪᠠᠷᠢᠮᠲᠠᠯᠠᠨ᠎ᠠ᠃ ᠢᠲᠡᠭᠡᠯ ᠵᠣᠷᠢᠭ ᠢ ᠪᠠᠷᠢᠮᠲᠠᠯᠠᠬᠤ᠂ ᠬᠤᠪᠢ | ᠨᠡᠮᠡᠷᠢ ᠦᠵᠡᠭᠦᠯᠬᠦ ᠶᠢ ᠡᠷᠬᠢᠮᠯᠡᠬᠦ᠂ ᠴᠢᠳᠠᠪᠤᠷᠢ ᠲᠠᠢ᠂ ᠵᠠᠩ ᠰᠤᠷᠳᠠᠯ ᠢ ᠴᠢᠬᠤᠯᠠᠴᠢᠯᠠᠬᠤ ᠱᠠᠭᠠᠷᠳᠠᠯᠭ᠎ᠠ ᠶᠣᠰᠣᠭᠠᠷ᠂ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠵᠢᠱᠢᠭᠳᠡᠭᠴᠢ ᠶᠢᠨ ᠤᠯᠤᠰ ᠲᠦᠷᠦ ᠶᠢᠨ ᠢᠲᠡᠭᠡᠯ᠂ | ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠡᠭᠦᠷᠭᠡᠯᠡᠯ᠂ ᠤᠯᠤᠰ ᠲᠦᠷᠦ ᠶᠢᠨ ᠴᠢᠳᠠᠪᠤᠷᠢ ᠪᠠ | ᠦᠨᠡᠨᠴᠢ ᠢᠲᠡᠭᠡᠮᠵᠢᠲᠡᠢ ᠪᠠᠶᠢᠬᠤ᠂ ᠠᠷᠢᠭᠤᠨ ᠴᠢᠭᠴᠢ ᠪᠠᠷ ᠪᠡᠶ᠎ᠡ ᠪᠠᠨ ᠪᠠᠷᠢᠬᠤ ᠵᠡᠷᠭᠡ ᠪᠠᠶᠢᠳᠠᠯ ᠢ ᠬᠢᠨᠠᠨ | ᠬᠠᠷᠭᠤᠭᠤᠯᠬᠤ ᠪᠠᠨ ᠴᠢᠩᠭᠠᠳᠬᠠᠵᠤ᠂ ᠤᠯᠤᠰ ᠲᠦᠷᠦ ᠶᠢᠨ ᠪᠣᠭᠤᠮᠲᠠ᠂ ᠵᠠᠩ ᠰᠤᠷᠲᠠᠯ ᠤᠨ ᠪᠣᠭᠤᠮᠲᠠ᠂ | ᠴᠢᠳᠠᠪᠤᠷᠢ ᠶᠢᠨ ᠪᠣᠭᠤᠮᠲᠠ᠂ ᠰᠤᠷᠲᠠᠯ ᠤᠨ ᠪᠣᠭᠤᠮᠲᠠ᠂ ᠠᠷᠢᠭᠤᠨ ᠴᠢᠭᠴᠢ ᠶᠢᠨ ᠪᠣᠭᠤᠮᠲᠠ ᠶᠢ ᠦᠨᠡᠨ ᠬᠦ ᠰᠠᠶᠢᠲᠤᠷ | ᠡᠵᠡᠮᠳᠡᠬᠦ ᠬᠡᠷᠡᠭᠲᠡᠢ᠃ | ︵ᠭᠤᠷᠪᠠ︶ ᠬᠠᠤᠯᠢ ᠶᠣᠰᠣᠭᠠᠷ ᠬᠢᠨᠠᠨ ᠬᠠᠷᠭᠤᠭᠤᠯᠬᠤ ᠶᠢ ᠪᠠᠷᠢᠮᠲᠠᠯᠠᠨ᠎ᠠ᠃ ᠬᠠᠤᠯᠢ ᠴᠠᠭᠠᠵᠠ ᠬᠠᠤᠯᠢ | ᠲᠣᠭᠲᠠᠭᠠᠯ ᠪᠠ ᠨᠠᠮ ᠤᠨ ᠰᠠᠬᠢᠯᠭ᠎ᠠ ᠪᠠᠲᠤ ᠶᠢᠨ ᠳᠦᠷᠢᠮ ᠲᠣᠭᠲᠠᠭᠠᠯ ᠢ ᠴᠢᠩᠭ᠎ᠠ ᠵᠢᠷᠤᠮᠯᠠᠵᠤ᠂ ᠬᠠᠤᠯᠢ ᠪᠠᠷ | ᠲᠣᠭᠲᠠᠭᠠᠭᠰᠠᠨ ᠲᠠᠰ ᠳᠠᠷᠠᠭᠠᠯᠠᠯ ᠪᠠ ᠵᠣᠬᠢᠶᠠᠨ ᠪᠠᠶᠢᠭᠤᠯᠤᠯᠲᠠ ᠶᠢᠨ ᠬᠢᠨᠠᠨ ᠰᠢᠯᠭᠠᠵᠤ ᠰᠢᠯᠭᠠᠨ ᠪᠠᠶᠢᠴᠠᠭᠠᠬᠤ ᠲᠠᠰ | ᠳᠠᠷᠠᠭᠠᠯᠠᠯ ᠢ ᠴᠢᠩᠳᠠᠯᠠᠵᠤ᠂ ᠬᠢᠨᠠᠨ ᠬᠠᠷᠭᠤᠭᠤᠯᠬᠤ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ᠂ ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠵᠢᠱᠢᠭᠳᠡᠭᠴᠢ ᠶᠢ ᠬᠢᠨᠠᠨ ᠬᠠᠷᠭᠤᠭᠤᠯᠬᠤ ᠠᠵᠢᠯ ᠤᠨ ᠬᠠᠤᠯᠢ | ᠲᠣᠭᠲᠠᠭᠠᠯ ᠳᠤ ᠨᠡᠶᠢᠴᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ | ᠲᠠᠪᠤᠳᠤᠭᠠᠷ ᠵᠦᠢᠯ᠄ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠵᠢᠱᠢᠭᠳᠡᠭᠴᠢ ᠨᠢ | ᠲᠠᠷᠠᠭᠠᠬᠢᠨᠥ᠋ᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄ | ︵ᠨᠢᠭᠡ︶ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠠᠷᠢᠶ᠎ᠠ ᠲᠠᠢ᠃ | ︵ᠬᠤᠶᠠᠷ︶ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠶᠢ ᠬᠦᠷᠢᠶᠡᠯᠡᠵᠦ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠ ᠨᠡᠶᠢᠭᠡᠮ ᠵᠢᠷᠤᠮᠲᠤ ᠪᠠᠶᠢᠭᠤᠯᠤᠯ ᠢ ᠬᠦᠷᠢᠶᠡᠯᠡᠬᠦ᠃ | ︵ᠭᠤᠷᠪᠠ︶ ᠰᠠᠶᠢᠨ ᠰᠠᠶᠢᠬᠠᠨ ᠤᠯᠤᠰ ᠲᠤᠶᠢᠷᠦ ᠶᠢᠨ ᠬᠡᠪ ᠴᠢᠨᠠᠷ ᠪᠠ ᠶᠣᠰᠣ ᠮᠣᠷᠠᠯ᠂ ᠵᠠᠩ ᠰᠤᠷᠲᠠᠯ ᠲᠠᠢ | ᠪᠠᠶᠢᠬᠤ᠃ | ︵ᠲᠦᠷᠪᠡ︶ ᠢᠲᠡᠭᠡᠮᠵᠢ ᠶᠢᠨ ᠰᠠᠶᠢᠨ ᠲᠡᠮᠳᠡᠭᠯᠡᠯ ᠲᠠᠢ ᠪᠠᠶᠢᠵᠤ᠂ ᠨᠡᠶᠢᠲᠡ ᠶᠢᠨ ᠠᠰᠠᠷᠠᠮᠵᠢ ᠶᠢᠨ ᠦᠢᠯᠡᠰ ᠲᠤ | ᠬᠠᠶᠢᠷᠠᠲᠠᠢ ᠪᠠᠶᠢᠬᠤ᠃ | ︵ᠲᠠᠪᠤ︶ ᠲᠤᠰᠢᠶᠠᠯ ᠬᠠᠷᠢᠭᠤᠴᠠᠯᠭ᠎ᠠ ᠪᠠᠨ ᠬᠡᠪ ᠤᠨ ᠪᠠᠶᠢᠳᠠᠯ ᠢᠶᠠᠷ ᠭᠦᠢᠴᠡᠳᠬᠡᠬᠦ ᠪᠡᠶ᠎ᠡ ᠮᠠᠬᠠᠪᠤᠳ ᠤᠨ | ᠨᠥᠬᠦᠴᠡᠯ ᠲᠠᠢ ᠪᠠᠶᠢᠬᠤ᠃ | ︵ᠵᠢᠷᠭᠤᠭ᠎ᠠ︶ ᠲᠤᠰᠢᠶᠠᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠠᠵᠢᠯ ᠤᠨ ᠴᠢᠳᠠᠪᠤᠷᠢ ᠲᠠᠢ | ᠪᠠᠶᠢᠬᠤ᠃ | ︵ᠲᠤᠯᠤᠭ᠎ᠠ︶ ᠤᠯᠤᠰ ᠠᠴᠠ ᠲᠣᠭᠲᠠᠭᠠᠭᠰᠠᠨ ᠪᠤᠰᠤᠳ ᠬᠢᠷᠢ ᠬᠡᠮ ᠤᠨ ᠨᠥᠬᠦᠴᠡᠯ ᠢ ᠪᠦᠷᠢᠳᠦᠭᠦᠯᠦᠭᠰᠡᠨ | ᠪᠠᠶᠢᠬᠤ᠃ | | ᠵᠢᠷᠭᠤᠳᠤᠭᠠᠷ ᠵᠦᠢᠯ᠄ ᠲᠠᠷᠠᠭᠠᠬᠢ ᠪᠠᠶᠢᠳᠠᠯ ᠤᠨ ᠨᠢᠭᠡ ᠨᠢ ᠪᠠᠶᠢᠪᠠᠯ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠵᠢᠱᠢᠭᠳᠡᠭᠴᠢ ᠪᠣᠯᠭᠠᠵᠤ ᠪᠣᠯᠬᠤ ᠦᠭᠡᠢ᠄ | ︵ᠨᠢᠭᠡ︶ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠦᠭᠡᠢ ᠪᠤᠶᠤ ᠢᠷᠭᠡᠨ ᠤ ᠬᠡᠷᠡᠭ ᠤᠨ ᠬᠢᠵᠠᠭᠠᠷᠲᠤ | ᠠᠵᠢᠯᠯᠠᠭ᠎ᠠ ᠶᠢᠨ ᠴᠢᠳᠠᠪᠤᠷᠢ ᠲᠠᠢ ᠬᠥᠮᠥᠨ᠃ | ︵ᠬᠤᠶᠠᠷ︶ ᠤᠯᠤᠰ ᠲᠤᠶᠢᠷᠦ ᠶᠢᠨ ᠡᠷᠬᠡ ᠶᠢ ᠨᠢ ᠬᠠᠰᠤᠭᠰᠠᠨ ᠡᠷᠡᠭᠦᠦ ᠶᠢᠨ ᠰᠢᠢᠳᠬᠡᠯ ᠢᠶᠠᠷ ᠰᠢᠢᠳᠬᠡᠭᠳᠡᠵᠤ | ᠪᠠᠶᠢᠭᠠᠪᠤᠶᠤ ᠰᠢᠳᠬᠡᠭᠳᠡᠵᠦ ᠥᠩᠭᠡᠷᠡᠭᠰᠡᠨ᠃ | ︵ᠭᠤᠷᠪᠠ︶ ᠵᠣᠷᠢᠭᠤᠳᠠ ᠶᠠᠯ᠎ᠠ ᠬᠢᠭᠰᠡᠨ ᠠᠴᠠ ᠪᠣᠯᠵᠤ ᠡᠷᠡᠭᠦᠦ ᠰᠢᠢᠳᠬᠡᠯ ᠢᠶᠠᠷ ᠰᠢᠢᠳᠬᠡᠭᠳᠡᠵᠤ᠂ ᠡᠷᠡᠭᠦᠦ | ᠰᠢᠢᠳᠬᠡᠯ ᠢ ᠭᠦᠢᠴᠡᠳᠬᠡᠵᠦ ᠲᠠᠭᠤᠰᠤᠭᠠᠳ ᠪᠦᠳᠤᠨ 5 ᠵᠢᠯ ᠪᠤᠯᠤᠭᠠᠳᠤᠢ᠃ | ︵ᠳᠥᠷᠪᠡ︶ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠬᠢᠨᠠᠨ | ᠪᠶᠢᠴᠠᠭᠠᠭᠳᠠᠵᠤ ᠪᠠᠶᠢᠭ᠎ᠠ ᠬᠥᠮᠥᠰ᠃ | ︵ᠲᠠᠪᠤ︶ ᠳᠠᠩᠰᠠᠯᠠᠭᠤᠯᠤᠭᠰᠠᠨ ᠦᠨᠡᠮᠯᠡᠯ ᠢᠶᠠᠨ ᠬᠤᠷᠢᠶᠠᠭᠳᠠᠨ ᠬᠦᠴᠦᠨ ᠦᠭᠡᠢ ᠪᠣᠯᠭᠠᠭᠳᠠᠭᠰᠠᠨ ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠪᠤᠶᠤ ᠴᠠᠭᠠᠵᠠᠯᠠᠭᠳᠠᠭᠰᠠᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠳᠤ ᠬᠠᠷᠢᠭᠤᠴᠠᠯᠭ᠎ᠠ ᠲᠠᠢ ᠬᠥᠮᠥᠨ᠃ | ︵ᠵᠢᠷᠭᠤᠭ᠎ᠠ︶ ᠬᠠᠤᠯᠢ ᠴᠠᠭᠠᠵᠨ ᠶᠢ ᠬᠦᠨᠳᠦ ᠨᠣᠴᠢᠲᠠᠢ ᠵᠥᠷᠢᠴᠡᠵᠦ ᠢᠲᠡᠭᠡᠯ ᠢᠶᠠᠨ ᠠᠯᠳᠠᠭᠰᠠᠨ ᠨᠡᠷᠡᠰ ᠲᠤ | ᠵᠢᠭᠰᠠᠭᠠᠭᠳᠠᠭᠰᠠᠨ᠃ | ︵ᠲᠤᠯᠤᠭ᠎ᠠ︶ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ ᠤᠶᠢᠯᠦ ᠨᠡᠶᠢᠴᠡᠬᠦ ᠪᠤᠰᠤᠳ ᠪᠠᠶᠢᠳᠠᠯ ᠤᠳ᠃ | | | ᠳᠣᠯᠣᠳᠤᠭᠠᠷ ᠵᠦᠢᠯ᠄ ᠡᠯ᠎ᠡ ᠱᠠᠲᠤᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠠᠩᠰᠠᠯᠠᠨ ᠬᠠᠮᠢᠶᠠᠷᠬᠤ | ᠪᠠᠶᠢᠭᠤᠯᠭ᠎ᠠ᠂ ᠲᠤᠬᠠᠶᠢᠯᠠᠭᠰᠠᠨ ᠠᠵᠢᠯ ᠤᠨ ᠡᠷᠬᠢᠯᠡᠨ ᠬᠠᠮᠢᠶᠠᠷᠬᠤ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ᠂ | ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠭᠤᠯᠤᠮᠵᠢ ᠨᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠬᠠᠷᠢᠭᠤᠴᠠᠯᠭᠠᠲᠠᠨ ᠤ ᠵᠢᠱᠢᠭᠳᠡᠭᠴᠢ ᠶᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ᠃ ᠡᠭᠦᠨ ᠳᠤ᠂ ᠰᠢᠭᠤᠳ | ᠳᠠᠩᠰᠠᠯᠠᠭᠤᠯᠤᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠵᠢᠱᠢᠭᠳᠡᠭᠴᠢ ᠶᠢ | ᠬᠤᠯᠪᠣᠭᠳᠠᠯ ᠪᠦᠬᠦᠢ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠭᠤᠯᠤᠮᠵᠢ ᠠᠴᠠ ᠰᠢᠭᠤᠳ ᠭᠥᠯᠢᠶᠡᠨ ᠠᠪᠴᠤ | ᠬᠢᠨᠠᠨ ᠬᠠᠷᠭᠤᠭᠤᠯᠤᠨ᠎ᠠ᠃ ᠳᠠᠪᠬᠤᠷ ᠬᠠᠮᠢᠶᠠᠷᠤᠯᠲᠠ ᠲᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠬᠠᠷᠢᠭᠤᠴᠠᠯᠭᠠᠲᠠᠨ ᠤ ᠵᠢᠱᠢᠭᠳᠡᠭᠴᠢ ᠶᠢ ᠲᠤᠬᠠᠶᠢᠯᠠᠭᠰᠠᠨ ᠠᠵᠢᠯ ᠤᠨ ᠡᠷᠬᠢᠯᠡᠨ ᠬᠠᠮᠢᠶᠠᠷᠬᠤ ᠨᠢᠭᠡᠴᠢ ᠶᠢᠨ ᠨᠠᠮ ᠤᠨ | ᠵᠣᠬᠢᠶᠠᠨ ᠪᠠᠶᠢᠭᠤᠯᠤᠯᠲᠠ ᠠᠴᠠ ᠠᠩᠬ᠎ᠠ ᠬᠢᠨᠠᠭᠰᠠᠨ ᠤ ᠲᠠᠷᠠᠭ᠎ᠠ᠂ ᠨᠠᠮ ᠤᠨ ᠪᠠᠶᠢᠭᠤᠯᠤᠯᠲᠠ ᠶᠢᠨ ᠠᠵᠢᠯ ᠤᠨ | ᠪᠠᠶᠢᠭᠤᠯᠤᠮᠵᠢ ᠳᠤ ᠮᠡᠳᠡᠭᠦᠯᠵᠦ ᠬᠢᠨᠠᠨ ᠬᠠᠷᠭᠤᠭᠤᠯᠤᠭᠤᠯᠤᠨ᠎ᠠ᠃ | ᠨᠠᠢᠮᠠᠳᠤᠭᠠᠷ ᠵᠦᠢᠯ᠄ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠵᠢᠱᠢᠭᠳᠡᠭᠴᠢ ᠶᠢ | ᠬᠢᠨᠠᠨ ᠬᠠᠷᠭᠤᠭᠤᠯᠬᠤ ᠳᠤ ᠬᠤᠪᠢ ᠬᠥᠮᠥᠨ ᠤ ᠢᠯᠡᠷᠬᠡᠶᠢᠯᠡᠯᠲᠡ᠂ ᠠᠮᠠᠯᠠᠯᠲᠠ᠂ ᠢᠲᠡᠭᠡᠮᠵᠢ ᠶᠢ ᠪᠠᠶᠢᠴᠠᠭᠠᠨ ᠯᠠᠪᠯᠠᠬᠤ | ᠪᠠ ᠵᠠᠷᠯᠠᠨ ᠨᠡᠶᠢᠲᠡᠯᠡᠬᠦ ᠵᠡᠷᠭᠡ ᠠᠷᠭ᠎ᠠ ᠪᠠᠷ ᠶᠠᠪᠤᠭᠳᠠᠭᠤᠯᠤᠨ᠎ᠠ᠃ ᠴᠢᠬᠤᠯᠠ ᠲᠠᠢ ᠦᠶ᠎ᠡ ᠳᠤ ᠲᠤᠬᠠᠢ ᠶᠢᠨ ᠭᠠᠵᠠᠷ ᠲᠤ | ᠨᠢ ᠰᠤᠷᠪᠤᠯᠵᠢᠯᠠᠬᠤ᠂ ᠪᠠᠶᠢᠴᠠᠭᠠᠨ ᠬᠠᠷᠭᠤᠭᠤᠯᠬᠤ᠂ ᠶᠠᠷᠢᠯᠴᠠᠬᠤ᠂ ᠵᠠᠬᠢᠳᠠᠯ ᠢᠶᠠᠷ ᠠᠰᠠᠭᠤᠬᠤ ᠵᠡᠷᠭᠡ ᠠᠷᠭ᠎ᠠ ᠪᠠᠷ | ᠶᠠᠪᠤᠭᠳᠠᠭᠤᠯᠤᠨ᠎ᠠ᠃ | | ᠶᠢᠰᠦᠳᠦᠭᠡᠷ ᠵᠦᠢᠯ᠄ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠵᠢᠱᠢᠭᠳᠡᠭᠴᠢ ᠶᠢ | ᠬᠢᠨᠠᠨ ᠬᠠᠷᠭᠤᠭᠤᠯᠤᠭᠰᠠᠨ ᠮᠠᠲ᠋ᠧᠷᠢᠶᠠᠯ ᠢ ᠲᠤᠬᠠᠶᠢᠯᠠᠭᠰᠠᠨ ᠠᠵᠢᠯ ᠤᠨ ᠡᠷᠬᠢᠯᠡᠨ ᠬᠠᠮᠢᠶᠠᠷᠬᠤ ᠨᠢᠭᠡᠴᠢ ᠶᠢᠨ ᠨᠠᠮ ᠤᠨ | ᠵᠣᠬᠢᠶᠠᠨ ᠪᠠᠶᠢᠭᠤᠯᠤᠯᠲᠠ ᠪᠤᠶᠤ ᠬᠤᠯᠪᠣᠭᠳᠠᠯ ᠪᠦᠬᠦᠢ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠪᠠᠷ ᠬᠢᠨᠠᠨ | ᠬᠠᠷᠭᠤᠭᠤᠯᠤᠭᠤᠯᠵᠤ ᠵᠥᠪᠰᠢᠶᠡᠷᠡᠭᠦᠯᠦᠭᠰᠡᠨ ᠤ ᠳᠠᠷᠠᠭ᠎ᠠ ᠪᠤᠰᠤᠳ ᠭᠤᠶᠤᠴᠢᠯᠠᠯ ᠤᠨ ᠮᠠᠲ᠋ᠧᠷᠢᠶᠠᠯ ᠲᠠᠢ ᠬᠠᠮᠲᠤ ᠳᠤ | ᠨᠢ ᠲᠤᠰᠢᠶᠠᠨ᠎ᠠ᠂ ᠡᠭᠦᠨ ᠳᠤ ᠭᠤᠣᠯᠳᠠᠭᠤ᠄ | ︵ᠨᠢᠭᠡ︶ ᠲᠣᠮᠢᠯᠠᠬᠤ ᠪᠠᠷ ᠪᠠᠶᠢᠭ᠎ᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ | ᠵᠢᠱᠢᠭᠳᠡᠭᠴᠢ ᠶᠢᠨ ᠭᠤᠶᠤᠴᠢᠯᠠᠯ ᠪᠤᠶᠤ ᠬᠤᠷᠠᠯ ᠤᠨ ᠲᠣᠪᠴᠢ ᠲᠡᠮᠳᠡᠭᠯᠡᠯ᠃ | ︵ᠬᠤᠶᠠᠷ︶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠢᠶᠠᠷ ᠵᠢᠱᠢᠭᠳᠡᠭᠰᠡᠳ ᠤᠨ | ᠨᠡᠷᠡᠰ ᠤᠨ ᠬᠠᠭᠤᠳᠠᠰᠤ᠃ | ︵ᠭᠤᠷᠪᠠ︶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠢᠶᠠᠷ ᠵᠢᠱᠢᠭᠳᠡᠭᠴᠢ ᠶᠢ ᠬᠢᠨᠠᠨ | ᠬᠠᠷᠭᠤᠭᠤᠯᠤᠭᠰᠠᠨ ᠬᠦᠰᠦᠨᠦᠭᠲᠦ᠃ | ︵ᠳᠥᠷᠪᠡ︶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠪᠣᠯᠬᠤ ᠭᠡᠵᠤ ᠪᠠᠶᠢᠭ᠎ᠠ | ᠬᠥᠮᠥᠨ ᠤ ᠬᠤᠪᠢ ᠶᠢᠨ ᠢᠯᠡᠷᠬᠡᠶᠢᠯᠡᠯᠲᠡ᠂ ᠠᠮᠠᠯᠠᠯᠲᠠ ᠶᠢᠨ ᠪᠢᠴᠢᠭ᠃ | ︵ᠲᠠᠪᠤ︶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ | ᠠᠮᠠᠯᠠᠯᠲᠠ ᠶᠢᠨ ᠪᠢᠴᠢᠭ᠃ | ︵ᠵᠢᠷᠭᠤᠭ᠎ᠠ︶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠵᠢᠱᠢᠭᠳᠡᠭᠴᠢ ᠨᠢ ᠠᠵᠢᠯ ᠳᠤ | ᠪᠠᠶᠢᠭ᠎ᠠ᠂ ᠲᠥᠷᠥ ᠶᠢᠨ ᠪᠠᠶᠢᠭᠤᠯᠭ᠎ᠠ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ | ᠨᠢᠬᠡᠴᠢ ᠶᠢᠨ ᠲᠡᠳᠬᠦᠪᠤᠷᠢ ᠳᠤ ᠭᠠᠷᠤᠬᠰᠠᠨ ᠠᠵᠢᠯᠲᠠᠨ ᠪᠤᠯ ᠲᠣᠰ ᠬᠥᠮᠥᠨ ᠤ ᠪᠠᠶᠢᠭ᠎ᠠ ᠨᠢᠬᠡᠴᠢ ᠶᠢᠨ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠤᠶᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠤᠯᠲᠠ ︵ | ᠠᠵᠢᠯᠲᠠᠨ ᠤ ᠶᠠᠪᠤᠳᠠᠯ︶ ᠶᠢᠨ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ︵ᠳᠠᠩᠰᠠᠯᠠᠭᠤᠯᠬᠤ︶ ᠰᠠᠨᠠᠯ ᠢ | ᠳᠡᠪᠰᠢᠭᠦᠯᠬᠦ ᠬᠡᠷᠡᠭᠲᠡᠢ᠃ | | ᠠᠷᠪᠠᠳᠤᠭᠠᠷ ᠵᠦᠢᠯ᠄ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠪᠠᠷ ᠭᠤᠶᠤᠴᠢᠯᠠᠬᠤ᠂ | ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ ᠤᠨ ᠬᠠᠷᠢᠭᠤᠴᠠᠯᠭᠠᠲᠠᠨ ᠤ ᠬᠤᠭᠤᠴᠠᠭ᠎ᠠ ᠰᠣᠯᠢᠬᠤ | ᠪᠤᠶᠤ ᠬᠤᠭᠤᠴᠠᠭᠠᠨ ᠤ ᠳᠤᠮᠳᠠ ᠲᠣᠬᠢᠷᠠᠭᠤᠯᠤᠯᠲᠠ ᠬᠢᠬᠦ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ︵ᠠᠷᠠᠳ | ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ︶ ᠶᠢᠨ ᠬᠠᠷᠢᠭᠤᠴᠠᠯᠭᠠᠲᠠᠨ ᠢ ᠬᠤᠪᠢᠷᠠᠭᠤᠯᠬᠤ ᠳᠤ | ᠠᠷᠠᠳᠴᠢᠯᠠᠯ ᠢᠶᠠᠷ ᠰᠣᠩᠭᠤᠬᠤ᠂ ᠤᠷᠢᠨ ᠲᠣᠮᠢᠯᠠᠬᠤ ᠵᠡᠷᠭᠡ ᠲᠠᠰ ᠳᠠᠷᠠᠭᠠᠯᠠᠯ ᠢ ᠭᠦᠢᠴᠡᠳᠬᠡᠬᠦ ᠠᠴᠠ 30 | ᠬᠤᠨᠤᠭ ᠤᠨ ᠡᠮᠦᠨ᠎ᠡ ᠬᠠᠷᠢᠭᠤᠴᠠᠯᠭᠠᠲᠠᠨ ᠤ ᠵᠢᠱᠢᠭᠳᠡᠭᠴᠢ ᠶᠢ ᠳᠡᠭᠡᠭᠰᠢ ᠮᠡᠳᠡᠭᠦᠯᠵᠦ ᠬᠢᠨᠠᠨ ᠬᠠᠷᠭᠤᠭᠤᠯᠬᠤ ᠬᠡᠷᠡᠭᠲᠡᠢ᠃ | | ᠠᠷᠪᠠᠨ ᠨᠢᠭᠡᠳᠦᠭᠡᠷ ᠵᠦᠢᠯ᠄ ᠬᠢᠨᠠᠨ ᠬᠠᠷᠭᠤᠭᠤᠯᠬᠤ ᠰᠠᠯᠠᠭ᠎ᠠ ᠮᠥᠴᠢᠷ ᠨᠢ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠲᠤᠰᠢᠶᠠᠭᠰᠠᠨ ᠮᠠᠲ᠋ᠧᠷᠢᠶᠠᠯ ᠨᠢ ᠪᠦᠷᠢᠨ ᠭᠦᠢᠴᠡᠳ ᠪᠣᠯᠤᠭᠰᠠᠨ ᠡᠳᠦᠷ ᠠᠴᠠ 5 ᠬᠤᠨᠤᠭ ᠤᠨ | ᠳᠣᠲᠣᠷ᠎ᠠ ᠬᠢᠨᠠᠨ ᠬᠠᠷᠭᠤᠭᠤᠯᠵᠤ ᠳᠠᠭᠤᠰᠬᠠᠬᠤ ᠬᠡᠷᠡᠭᠲᠡᠢ᠃ ᠪᠠᠶᠢᠳᠠᠯ ᠨᠢ ᠪᠤᠳᠤᠯᠢᠶᠠᠨᠲᠠᠢ ᠪᠤᠯ ᠬᠢᠨᠠᠨ ᠬᠠᠷᠭᠤᠭᠤᠯᠬᠤ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠳᠤ ᠮᠡᠳᠡᠭᠦᠯᠦᠨ ᠵᠥᠪᠰᠢᠶᠡᠷᠡᠭᠦᠯᠦᠭᠡᠳ᠂ 5 ᠠᠵᠢᠯᠯᠠᠬᠤ ᠡᠳᠦᠷ | ᠤᠷᠲᠤᠳᠬᠠᠵᠤ ᠬᠢᠨᠠᠨ ᠬᠠᠷᠭᠤᠭᠤᠯᠬᠤ ᠠᠵᠢᠯ ᠢ ᠪᠡᠶᠡᠯᠡᠭᠦᠯᠵᠦ ᠪᠣᠯᠣᠨ᠎ᠠ᠃ | ᠠᠷᠪᠠᠨ ᠬᠤᠶᠠᠳᠤᠭᠠᠷ ᠵᠦᠢᠯ᠄ ᠬᠢᠨᠠᠨ ᠬᠠᠷᠭᠤᠭᠤᠯᠬᠤ ᠰᠠᠯᠠᠭ᠎ᠠ ᠮᠥᠴᠢᠷ ᠤᠨ ᠬᠢᠨ ᠲᠣᠮᠢᠯᠠᠬᠤ ᠪᠠᠷ ᠪᠠᠶᠢᠭ᠎ᠠ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠵᠢᠱᠢᠭᠳᠡᠭᠴᠢ ᠶᠢ ᠵᠣᠬᠢᠬᠤ ᠬᠡᠪᠴᠢᠶᠡᠨ ᠤ | ᠳᠣᠲᠣᠷ᠎ᠠ ᠵᠠᠷᠯᠠᠵᠤ᠂ ᠵᠠᠷᠯᠠᠬᠤ ᠬᠤᠭᠤᠴᠠᠭ᠎ᠠ ᠶᠢ ᠴᠠᠭ ᠢ 5 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ | ᠦᠭᠡᠢ᠃ ᠵᠠᠷᠯᠠᠬᠤ ᠬᠤᠭᠤᠴᠠᠭᠠᠨ ᠳᠤ ᠣᠨᠳᠣᠣ ᠰᠠᠨᠠᠯ ᠦᠭᠡᠢ᠂ ᠠᠩᠬᠠᠨ ᠤ ᠬᠢᠨᠠᠯᠲᠠ ᠶᠢ ᠲᠠᠪᠠᠭᠰᠠᠨ ᠪᠤᠯ ᠪᠢᠴᠢᠭ | ᠢᠶᠠᠷ ᠵᠦᠪᠰᠢᠶᠡᠷᠡᠯ ᠥᠭᠭᠦᠨ᠎ᠡ᠃ ᠠᠩᠬᠠᠨ ᠤ ᠬᠢᠨᠠᠯᠲᠠ ᠶᠢ ᠲᠠᠪᠠᠭᠰᠠᠨ ᠦᠭᠡᠢ ᠪᠤᠯ ᠪᠢᠴᠢᠭ ᠢᠶᠠᠷ ᠮᠡᠳᠡᠭᠳᠡᠬᠦ ᠬᠡᠷᠡᠭᠲᠡᠢ | ᠃ ᠬᠢᠨᠠᠨ ᠬᠠᠷᠭᠤᠭᠤᠯᠤᠭᠰᠠᠨ ᠦᠭᠡᠢ ᠪᠤᠶᠤ ᠬᠢᠨᠠᠨ ᠬᠠᠷᠭᠤᠭᠤᠯᠤᠯᠲᠠ ᠳᠤ ᠬᠢᠷᠢ ᠲᠡᠩᠴᠡᠭᠰᠡᠨ ᠦᠭᠡᠢ ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠵᠢᠱᠢᠭᠳᠡᠭᠴᠢ ᠶᠢ ᠠᠷᠠᠳᠴᠢᠯᠠᠯ ᠢᠶᠠᠷ ᠰᠣᠩᠭᠤᠬᠤ᠂ ᠤᠷᠢᠨ | ᠲᠣᠮᠢᠯᠠᠬᠤ ᠵᠡᠷᠭᠡ ᠵᠢᠷᠤᠮ ᠳᠤ ᠣᠷᠣᠭᠤᠯᠵᠤ ᠪᠣᠯᠬᠤ ᠦᠭᠡᠢ᠃ | ᠠᠷᠪᠠᠨ ᠭᠤᠷᠪᠠᠳᠤᠭᠠᠷ ᠵᠦᠢᠯ᠄ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ | ᠵᠢᠱᠢᠭᠳᠡᠭᠴᠢ ᠶᠢ ᠬᠢᠨᠠᠨ ᠬᠠᠷᠭᠤᠭᠤᠯᠵᠤ ᠪᠠᠲᠤᠯᠠᠭᠰᠠᠨ ᠦᠭᠡᠢ ᠪᠠᠶᠢᠳᠠᠯ᠄ | ︵ᠨᠢᠭᠡ︶ ᠲᠤᠰ ᠠᠷᠭ᠎ᠠ ᠶᠢᠨ ᠵᠢᠷᠭᠤᠳᠤᠭᠠᠷ ᠵᠦᠢᠯ ᠳᠤ ᠵᠢᠭᠰᠠᠭᠠᠭᠰᠠᠨ ᠪᠠᠶᠢᠳᠠᠯ ᠲᠠᠢ ᠪᠠᠶᠢᠬᠤ᠃ | ︵ᠬᠤᠶᠠᠷ︶ ᠨᠡᠶᠢᠭᠡᠮ ᠤᠨ ᠪᠦᠯᠬᠦᠮ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠨᠢ ᠨᠡᠶᠢᠭᠡᠮᠦᠨ | ᠪᠤᠰᠤᠳ ᠪᠦᠯᠬᠦᠮ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠵᠢᠱᠢᠭᠳᠡᠭᠴᠢ ᠶᠢᠨ ᠲᠤᠰᠢᠶᠠᠯ ᠳᠤ | ᠲᠣᠮᠢᠯᠠᠬᠤ ᠪᠠᠷ ᠲᠥᠰᠥᠪᠯᠡᠭᠰᠡᠨ᠃ | ︵ᠭᠤᠷᠪᠠ︶ ᠰᠠᠭᠤᠷᠢ ᠮᠥᠩᠭᠦᠨ ᠤ ᠨᠡᠶᠢᠭᠡᠮᠯᠢᠭ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠨᠢ | ᠨᠡᠶᠢᠭᠡᠮ ᠤᠨ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ | ᠵᠢᠱᠢᠭᠳᠡᠭᠴᠢ ᠶᠢᠨ ᠲᠤᠰᠢᠶᠠᠯ ᠳᠤ ᠲᠣᠮᠢᠯᠠᠬᠤ ᠪᠠᠷ ᠲᠣᠭᠲᠠᠭᠠᠭᠰᠠᠨ᠃ | ︵ᠳᠥᠷᠪᠡ︶ ᠠᠵᠢᠯ ᠳᠤ ᠪᠠᠶᠢᠭ᠎ᠠ ᠠᠯᠪᠠᠲᠠᠨ ᠢ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ᠂ | ᠣᠨᠳᠣᠣ ᠭᠠᠵᠠᠷ ᠤᠨ ᠬᠤᠳᠠᠯᠳᠤᠭᠠᠨ ᠤ ᠡᠪᠯᠡᠯ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ | ᠦᠢᠯᠡᠴᠢᠯᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠵᠢᠱᠢᠭᠳᠡᠭᠴᠢ ᠶᠢᠨ ᠲᠤᠰᠢᠶᠠᠯ ᠳᠤ ᠲᠣᠮᠢᠯᠠᠬᠤ ᠪᠠᠷ | ᠪᠠᠶᠢᠭ᠎ᠠ᠃ | ︵ᠲᠠᠪᠤ︶ ᠭᠤᠶᠤᠴᠢᠯᠠᠯ ᠤᠨ ᠮᠠᠲ᠋ᠧᠷᠢᠶᠠᠯ ᠢᠶᠠᠨ ᠬᠤᠳᠠᠯ ᠢᠶᠠᠷ ᠮᠡᠳᠡᠭᠦᠯᠬᠦ ᠪᠤᠶᠤ ᠨᠢᠭᠤᠭᠰᠠᠨ᠂ ᠡᠰᠡᠪᠡᠯ | ᠠᠮᠠᠯᠠᠯᠲᠠ ᠨᠢ ᠬᠤᠳᠠᠯ ᠬᠠᠭᠤᠷᠮᠠᠭ᠃ | ︵ᠵᠢᠷᠭᠤᠭ᠎ᠠ︶ ᠵᠠᠷᠯᠠᠬᠤ ᠬᠤᠭᠤᠴᠠᠭᠠᠨ ᠳᠤ ᠤᠯᠠᠨ ᠲᠦᠮᠡᠨ ᠠᠰᠠᠭᠤᠳᠠᠯ ᠲᠤᠰᠬᠠᠭᠰᠠᠨ ᠪᠥᠭᠡᠳ ᠪᠠᠶᠢᠴᠠᠭᠠᠨ | ᠲᠣᠳᠣᠯᠠᠭᠰᠠᠨ᠃ | ︵ᠲᠤᠯᠤᠭ᠎ᠠ︶ ᠬᠠᠤᠯᠢ ᠴᠠᠭᠠᠵᠠ ᠬᠠᠤᠯᠢ ᠲᠣᠭᠲᠠᠭᠠᠯ ᠳᠤ ᠴᠠᠭᠠᠵᠠᠯᠠᠭᠰᠠᠨ ᠪᠤᠰᠤᠳ ᠪᠠᠶᠢᠳᠠᠯ᠃ | | | ᠠᠷᠪᠠᠨ ᠳᠥᠷᠪᠡᠳᠦᠭᠡᠷ ᠵᠦᠢᠯ᠄ ᠬᠢᠨᠠᠨ ᠬᠠᠷᠭᠤᠭᠤᠯᠬᠤ ᠰᠠᠯᠠᠭ᠎ᠠ ᠮᠥᠴᠢᠷ ᠤᠨ ᠠᠵᠢᠯᠲᠠᠨ ᠲᠣᠰ ᠠᠷᠭ᠎ᠠ ᠶᠢᠨ | ᠶᠣᠰᠣᠭᠠᠷ ᠬᠢᠨᠠᠨ ᠬᠠᠷᠭᠤᠭᠤᠯᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠤᠶᠤ ᠡᠷᠬᠡ | ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ᠂ ᠬᠤᠪᠢ ᠶᠢᠨ | ᠨᠠᠶᠢᠷ ᠢᠶᠠᠷ ᠬᠠᠤᠯᠢ ᠶᠢ ᠵᠥᠷᠢᠴᠡᠭᠰᠡᠨ ᠪᠤᠯ ᠵᠣᠬᠢᠬᠤ ᠡᠷᠬᠡ ᠮᠡᠳᠡᠯ ᠪᠠ ᠲᠣᠭᠲᠠᠭᠠᠯ ᠶᠣᠰᠣᠭᠠᠷ ᠰᠢᠢᠳᠬᠡᠯ ᠥᠭᠴᠦ᠂ | ᠶᠠᠯ᠎ᠠ ᠳᠤ ᠬᠦᠷᠦᠭᠰᠡᠨ ᠰᠡᠵᠢᠭᠯᠡᠯᠲᠡᠢ ᠪᠤᠯ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠠᠤᠯᠢ ᠶᠣᠰᠣᠭᠠᠷ | ᠰᠢᠯᠵᠢᠭᠦᠯᠦᠨ ᠰᠢᠢᠳᠪᠦᠷᠢᠯᠡᠭᠦᠯᠦᠨ᠎ᠡ᠃ | ᠠᠷᠪᠠᠨ ᠲᠠᠪᠤᠳᠤᠭᠠᠷ ᠵᠦᠢᠯ᠄ ᠲᠤᠰ ᠠᠷᠭ᠎ᠠ ᠶᠢ ᠬᠡᠷᠡᠭᠵᠢᠭᠦᠯᠬᠦ ᠬᠤᠭᠤᠴᠠᠭᠠᠨ ᠳᠤ ᠳᠡᠭᠡᠳᠦ ᠱᠠᠲᠤᠨ ᠠᠴᠠ | ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠪᠡᠯ᠂ ᠲᠣᠬᠢᠷᠠᠭᠤᠯᠤᠯᠲᠠ ᠶᠢᠨ ᠳᠠᠷᠠᠭᠠᠬᠢ | ᠲᠥᠷᠥ ᠶᠢᠨ ᠪᠣᠳᠣᠯᠭ᠎ᠠ ᠶᠣᠰᠣᠭᠠᠷ ᠬᠡᠷᠡᠭᠵᠢᠭᠦᠯᠦᠨ᠎ᠡ᠃ | ᠠᠷᠪᠠᠨ ᠵᠢᠷᠭᠤᠳᠤᠭᠠᠷ ᠵᠦᠢᠯ᠄ ᠲᠣᠰ ᠠᠷᠭ᠎ᠠ ᠶᠢ ᠦᠪᠤᠷ ᠮᠤᠩᠭᠤᠯ ᠤᠨ ᠦᠪᠡᠷᠳᠡᠬᠡᠨ ᠵᠠᠰᠬᠤ ᠤᠷᠤᠨ ᠤ | ᠠᠷᠠᠳ ᠤᠨ ᠶᠠᠪᠤᠳᠠᠯ ᠤᠨ ᠲᠢᠩᠬᠢᠮ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠪᠠ ᠬᠢᠨᠠᠯᠲᠠ | ᠲᠠᠯᠪᠢᠵᠤ ᠬᠠᠤᠯᠢ ᠬᠡᠷᠡᠭᠵᠢᠭᠦᠯᠬᠦ ᠲᠣᠪᠴᠢᠶ᠎ᠠ ︵ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ | ᠪᠠᠶᠢᠭᠤᠯᠤᠯᠲᠠ ᠶᠢᠨ ᠠᠯᠪᠠᠨ ᠭᠡᠷ︶ ᠶᠢᠨ ᠬᠢᠨ ᠬᠠᠷᠢᠭᠤᠴᠠᠨ ᠲᠠᠶᠢᠯᠪᠤᠷᠢᠯᠠᠨ᠎ᠠ᠃ | ᠠᠷᠪᠠᠨ ᠳᠣᠯᠣᠳᠤᠭᠠᠷ ᠵᠦᠢᠯ᠄ ᠲᠤᠰ ᠠᠷᠭ᠎ᠠ ᠶᠢ ᠲᠠᠷᠤᠮᠠᠯᠯᠠᠵᠤ ᠢᠯᠡᠬᠡᠭᠰᠡᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | | | ᠳᠠᠭᠠᠯᠳᠤᠭᠤᠯᠤᠯ 1᠄ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠵᠢᠱᠢᠭᠳᠡᠭᠴᠢ ᠶᠢᠨ | ᠨᠡᠷᠡᠰ᠃ | ᠳᠠᠭᠠᠯᠳᠤᠭᠤᠯᠤᠯ 2᠄ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠵᠢᠱᠢᠭᠳᠡᠭᠴᠢ ᠶᠢ | ᠬᠢᠨᠠᠨ ᠬᠠᠷᠭᠤᠭᠤᠯᠬᠤ ᠬᠦᠰᠦᠨᠦᠭᠲᠦ᠃ | ᠳᠠᠭᠠᠯᠳᠤᠭᠤᠯᠤᠯ 3᠄ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠵᠢᠱᠢᠭᠳᠡᠭᠴᠢ ᠶᠢᠨ | ᠬᠤᠪᠢ ᠬᠥᠮᠥᠨ ᠤ ᠢᠯᠡᠷᠬᠡᠶᠢᠯᠡᠯᠲᠡ ᠪᠠ ᠠᠮᠠᠯᠠᠯᠲᠠ ᠶᠢᠨ ᠪᠢᠴᠢᠭ᠃ | ᠳᠠᠭᠠᠯᠳᠤᠭᠤᠯᠤᠯ 4᠄ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ | ᠠᠮᠠᠯᠠᠯᠲᠠ ᠶᠢᠨ ᠪᠢᠴᠢᠭ︔ | ᠳᠠᠭᠠᠯᠳᠤᠭᠤᠯᠤᠯ 5᠄ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠵᠢᠱᠢᠭᠳᠡᠭᠴᠢ ᠶᠢ | ᠢᠯᠡᠵᠢᠬᠦᠯᠬᠦ ︵ᠲᠠᠨᠢᠯᠴᠠᠭᠤᠯᠬᠤ ᠶᠠᠩᠵᠤ ᠬᠡᠯᠪᠡᠷᠢ︶᠃ | ᠳᠠᠭᠠᠯᠳᠤᠭᠤᠯᠤᠯ 6᠄ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠵᠢᠱᠢᠭᠳᠡᠭᠴᠢ ᠶᠢ | ᠢᠯᠡᠵᠢᠬᠦᠯᠦᠭᠰᠡᠨ ᠪᠠᠶᠢᠳᠠᠯ ᠤᠨ ᠲᠣᠳᠣᠷᠬᠠᠶᠢᠯᠠᠯᠲᠠ ︵ᠲᠠᠨᠢᠯᠴᠠᠭᠤᠯᠬᠤ ᠶᠠᠩᠵᠤ ᠬᠡᠯᠪᠡᠷᠢ︶᠃ | | ᠤᠷᠴᠢᠭᠤᠯᠤᠬᠴᠢ ᠶᠢᠨ ᠬᠠᠶ᠋ᠢᠭ᠄ ᠦᠪᠤᠷ ᠮᠤᠩᠭᠤᠯ ᠤᠨ ᠰᠤᠷᠭᠠᠨ ᠬᠦᠮᠤᠵᠢᠯ ᠤᠨ ᠬᠡᠪᠯᠡᠯ ᠤᠨ ᠬᠤᠷᠢᠶ᠎ᠠ | | |