ᠨᠠᠰᠤ ᠪᠠᠷ ᠢᠶᠠᠨ ᠬᠢᠯᠢ  ᠬᠠᠮᠠᠭᠠᠯᠠᠭᠰᠠᠨ ᠠᠳᠢᠶ᠎ᠠ  ᠭᠤᠸᠠᠢ
ᠨᠡᠶᠢᠲᠡᠯᠡᠭᠰᠡᠨ ᠴᠠᠭ᠄
2023/5/25
                    ᠲᠡᠷᠭᠡᠯ ᠣᠷᠴᠢᠭᠤᠯᠪᠠ      ᠠᠳᠢᠶ᠎ᠠ ᠢᠮᠠᠭᠲᠠ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠵᠦ᠂ ︽ᠪᠥᠬᠦ ᠤᠯᠤᠰ ᠤᠨ ᠶᠣᠰᠣ  ᠰᠤᠷᠲᠠᠬᠤᠨ ᠤ ᠵᠢᠱᠢᠶᠡᠴᠢ︾ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠡᠷᠢᠭᠦᠨ ᠤ ᠬᠤᠪᠢ ᠬᠥᠮᠥᠨ︾ ︽ᠬᠠᠮᠤᠭ ᠤᠨ  ᠰᠣᠳᠤᠨ ᠴᠡᠷᠢᠭ  ᠢᠶᠠᠨ ᠬᠦᠷᠢᠶᠡᠯᠡᠭᠴᠢ︾ ᠭᠡᠬᠦ ᠢᠷᠠᠭᠤ ᠠᠯᠳᠠᠷ ᠤᠨ ᠴᠣᠯᠠ ᠶᠢ ᠭᠥᠷᠳᠡᠭᠰᠡᠨ ᠪᠥᠭᠡᠳ ︽ᠠᠷᠠᠳ ᠤᠨ ᠡᠳᠦᠷ ᠤᠨ ᠰᠣᠨᠢᠨ︾᠂ ᠲᠥᠪ ᠲᠧᠯᠸᠢᠰ ᠤᠨ ᠰᠦᠯᠵᠢᠶ᠎ᠡ ᠵᠡᠷᠭᠡ ᠭᠤᠣᠯ ᠤᠷᠤᠰᠬᠠᠯ ᠤᠨ ᠵᠠᠭᠤᠴᠢᠯᠠᠭᠤᠷ ᠤᠨ ᠬᠢᠨ ᠤ ᠠᠩᠬᠠᠷᠤᠯ ᠢ ᠲᠠᠲᠠᠵᠤ  ᠮᠡᠳᠡᠭᠡᠯᠡᠭᠳᠡᠵᠡᠢ᠃ ᠲᠡᠷᠡ ᠡᠬᠡᠨᠡᠷ ᠲᠠᠢ ᠪᠠᠨ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠠᠯᠪᠠᠨ ᠵᠢᠷᠤᠮ ᠢᠶᠠᠷ ᠬᠢᠯᠢ ᠬᠢᠵᠠᠭᠠᠷ ᠢᠶᠠᠨ  ᠰᠠᠬᠢᠨ ᠬᠠᠮᠠᠭᠠᠯᠠᠵᠤ᠂ ᠦᠨᠡᠨᠴᠢ ᠰᠢᠳᠤᠷᠭᠤ  ᠦᠢᠯᠡᠰ ᠵᠢᠳᠬᠦᠯ ᠢᠶᠠᠨ ᠡᠬᠡ ᠤᠯᠤᠰ ᠤᠨ ᠤᠮᠠᠷᠠᠲᠤ ᠬᠢᠯᠢ ᠶᠢᠨ ᠬᠠᠮᠠᠭᠠᠯᠠᠯᠲᠠ ᠶᠢᠨ ᠱᠤᠭᠤᠮ ᠳᠡᠭᠡᠷ᠎ᠡ ᠰᠡᠶᠢᠯᠦᠭᠰᠡᠨ ᠪᠠᠶᠢᠨ᠎ᠠ᠃ ᠲᠡᠷᠡ ᠪᠣᠯ ᠬᠥᠮᠥᠰ ᠤᠨ ᠰᠡᠳᠬᠢᠯ ᠵᠢᠷᠦᠬᠡᠨ  ᠳᠤ  ᠬᠢ ︽ᠤᠮᠠᠷᠠᠲᠤ ᠬᠢᠯᠢ ᠶᠢᠨ ᠲᠠᠯ᠎ᠠ ᠨᠤᠲᠤᠭ ᠤᠨ ᠬᠠᠮᠠᠭᠠᠯᠠᠭᠴᠢ︾ ᠪᠣᠯᠣᠨ᠎ᠠ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠠᠯ᠎ᠠ ᠨᠤᠲᠤᠭ ᠬᠢᠯᠢ ᠬᠢᠵᠠᠭᠠᠷ ᠤᠷᠤᠨ ᠠᠮᠤᠷ ᠠᠮᠤᠭᠤᠯᠠᠩ ᠪᠠᠶᠢᠵᠤ᠂ ᠠᠷᠠᠳ ᠲᠦᠮᠡᠨ ᠠᠮᠤᠷ ᠵᠢᠮᠤᠷ ᠠᠵᠤ ᠲᠦᠷᠦᠵᠦ᠂ ᠡᠬᠡ ᠤᠯᠤᠰ ᠡᠳᠦᠷ ᠢᠷᠡᠬᠦᠶ᠎ᠡ ᠬᠦᠴᠦᠷᠬᠡᠭᠵᠢᠨ   ᠮᠠᠨᠳᠤᠵᠤ ᠪᠠᠶᠢᠨ᠎ᠠ ᠂ ᠡᠨᠡ ᠪᠣᠯ ᠤᠯᠤᠰ ᠤᠷᠤᠨ ᠤ ᠬᠤᠪᠢ ᠵᠠᠶᠠᠭ᠎ᠠ᠂ ᠠᠷᠠᠳ ᠤᠯᠠᠨ ᠤ ᠠᠵᠠ ᠵᠠᠪᠰᠢᠶᠠᠨ ᠮᠥᠨ︾ ᠬᠡᠵᠦ ᠠᠳᠢᠶ᠎ᠠ ᠬᠡᠯᠡᠪᠡ᠃    ᠨᠠᠰᠤ ᠪᠠᠷ ᠢᠶᠠᠨ ᠬᠢᠯᠢ  ᠬᠠᠮᠠᠭᠠᠯᠠᠪᠠ    ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠤᠮᠳᠠᠳᠤ ᠮᠣᠩᠭᠤᠯ ᠤᠨ ᠬᠢᠯᠢ   ᠳᠤ ᠬᠢ ᠮᠠᠨᠳᠤᠯ᠎ᠠ ᠪᠠᠯᠭᠠᠰᠤ ᠪᠣᠯ ᠪᠠᠶᠢᠯᠳᠤᠬᠤ ᠪᠣᠳᠣᠯᠭ᠎ᠠ ᠶᠢᠨ ᠴᠢᠬᠤᠯᠠ ᠭᠠᠵᠠᠷ ᠪᠣᠯᠣᠨ᠎ᠠ᠃ ᠠᠳᠡ ᠠᠴᠠ ᠬᠤᠶᠢᠰᠢ ᠪᠠᠨ ᠠᠷᠪᠠᠨ ᠬᠡᠳᠦᠨ ᠺᠢᠯᠤᠮᠧᠲᠷ ᠶᠠᠪᠤᠬᠤ ᠳᠤ᠂ ᠲᠠᠯ᠎ᠠ ᠨᠤᠲᠤᠭ ᠤᠨ ᠭᠦᠨ ᠳᠤ ᠬᠢ ᠨᠢᠬᠡᠨ ᠬᠦᠷᠢᠶᠡᠨ ᠤ ᠳᠤᠮᠳᠠ ᠨᠠᠮᠢᠷᠠᠵᠤ ᠪᠠᠶᠢᠭ᠎ᠠ ᠲᠠᠪᠤᠨ ᠣᠳᠣᠲᠤ ᠤᠯᠠᠭᠠᠨ ᠲᠤᠭ ᠣᠨᠴᠠᠭᠠᠢ ᠢᠯᠡ ᠬᠠᠷᠠᠭᠳᠠᠨ᠎ᠠ᠂  ᠡᠨᠡ ᠪᠣᠯ ᠳᠠᠷᠤᠢ ᠬᠢᠯᠢ  ᠬᠠᠮᠠᠭᠠᠯᠠᠭᠴᠢ ᠠᠳᠢᠶ᠎ᠠ  ᠭᠤᠸᠠᠢ ᠶᠢᠨ ᠠᠶᠢᠯ ᠭᠡᠷ ᠪᠣᠯᠣᠨ᠎ᠠ᠃    ᠠᠳᠢᠶ᠎ᠠ ᠶᠢᠨ ᠭᠡᠷ ᠠᠴᠠ ᠬᠤᠶᠢᠰᠢ 4 ᠺᠢᠯᠣᠮᠧᠲᠷ ᠣᠷᠴᠢᠮ ᠪᠣᠯ ᠳᠠᠷᠤᠢ ᠳᠤᠮᠳᠠᠳᠤ ᠮᠣᠩᠭᠤᠯ ᠤᠨ ᠬᠢᠯᠢ ᠶᠢᠨ ᠵᠠᠭᠠᠭ ᠪᠣᠯᠣᠨ᠎ᠠ᠂ ᠲᠡᠳᠡᠨ ᠤ ᠭᠡᠷ ᠤᠨ 9000 ᠮᠦ ᠪᠡᠯᠴᠢᠭᠡᠷ ᠨᠢ ᠬᠢᠯᠢ ᠶᠢᠨ ᠱᠤᠭᠤᠮ  ᠬᠦᠷᠲᠡᠯ᠎ᠡ ᠦᠷᠭᠦᠯᠵᠢᠯᠡᠵᠡᠢ᠃ ︽ᠡᠬᠡ ᠣᠷᠣᠨ ᠢᠶᠠᠨ ᠬᠠᠮᠠᠭᠠᠯᠠᠬᠤ︾ ᠨᠢ ᠠᠳᠢᠶ᠎ᠠ ᠶᠢᠨ ᠰᠡᠳᠬᠢᠯ ᠳᠤ ᠭᠦᠨ  ᠬᠠᠳᠠᠩᠰᠢᠭᠰᠠᠨ ᠶᠤᠮ᠃ ᠠᠳᠢᠶ᠎ᠠ 1962 ᠣᠨ ᠳᠤ  ᠲᠦᠷᠦᠨ᠂  ᠠᠷᠪᠠ ᠶᠢᠰᠦᠲᠡᠢ ᠳᠤ ᠪᠠᠨ ᠴᠡᠷᠢᠭ ᠲᠤ ᠣᠷᠣᠵᠤ ᠂ 3 ᠵᠢᠯ ᠬᠢᠯᠢ  ᠶᠢᠨ ᠴᠡᠷᠢᠭ ᠪᠣᠯᠵᠤ᠂ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠵᠤ᠂ 1984 ᠣᠨ ᠳᠤ ᠴᠡᠷᠢᠭ ᠠᠩᠭᠢ ᠠᠴᠠ ᠪᠠᠨ ᠬᠠᠯᠠᠭᠳᠠᠨ ᠭᠡᠷ ᠲᠤ ᠪᠠᠨ ᠬᠠᠷᠢᠵᠤ ᠮᠠᠯ ᠢᠶᠠᠨ ᠬᠠᠷᠢᠭᠤᠯᠤᠭᠰᠠᠨ ᠤ ᠳᠠᠷᠠᠭ᠎ᠠ᠂ ᠲᠡᠷᠡ ᠲᠡᠷᠤᠢ ᠬᠢᠯᠢ ᠶᠢᠨ ᠲᠣᠮᠢᠯᠠᠭᠰᠠᠨ ᠰᠠᠯᠪᠤᠷᠢ ᠶᠢᠨ ᠠᠯᠪᠠᠨ ᠵᠢᠷᠤᠮ ᠤᠨ ᠬᠢᠯᠢ ᠶᠢᠨ ᠬᠠᠮᠠᠭᠠᠯᠠᠭᠴᠢ ᠪᠣᠯᠵᠠᠢ᠃    ᠠᠳᠡ ᠬᠥᠮᠥᠨ ᠠᠮᠠ ᠴᠥᠭᠡᠨ᠂ ᠵᠣᠨ  ᠳᠤ  ᠪᠠᠨ  ᠬᠠᠯᠠᠭᠤᠨ᠂ ᠬᠠᠬᠢᠷ ᠡᠪᠦᠯ ᠣᠷᠳᠣ᠂  ᠤᠤᠭᠤᠬᠤ ᠤᠰᠤ᠂  ᠢᠳᠡᠰᠢᠨ ᠨᠤᠭᠤᠭᠠᠨ ᠤ ᠬᠠᠩᠭᠠᠯᠭ᠎ᠠ ᠮᠠᠭᠤᠲᠠᠢ᠂ ᠡᠪᠡᠳᠴᠢᠨ ᠦᠵᠡᠭᠦᠯᠬᠦ᠂ ᠡᠳ᠋ ᠪᠠᠷᠠᠭ᠎ᠠ ᠬᠤᠳᠠᠯᠳᠤᠨ ᠠᠪᠬᠤ ᠳᠤ ᠲᠤᠶᠢᠯ ᠤᠨ ᠳᠥᠭᠦᠮ ᠦᠭᠡᠢ ᠃  ᠠᠷᠪᠠᠭᠠᠳ ᠵᠢᠯ ᠤᠨ ᠡᠮᠦᠨ᠎ᠡ᠂ ᠡᠷᠬᠢᠨ ᠲᠣᠭᠤᠷᠢᠨ ᠤ ᠮᠠᠯᠴᠢᠳ ᠬᠤᠶᠢᠨ᠎ᠠ ᠬᠤᠶᠢᠨ᠎ᠠ ᠠᠴᠠ ᠪᠠᠨ ᠬᠢᠯᠢ ᠬᠢᠵᠠᠭᠠᠷ ᠠᠴᠠ ᠨᠡᠭᠦᠵᠦ ᠶᠠᠪᠤᠭᠰᠠᠨ ᠳᠤ᠂ ᠠᠳᠢᠶ᠎ᠠ ᠡᠬᠡᠨᠡᠷ ᠲᠠᠢ ᠪᠠᠨ ᠬᠠᠮᠲᠤ ᠴᠡᠷᠢᠭ  ᠠᠴᠠ  ᠬᠠᠯᠠᠭᠳᠠᠬᠤ ᠦᠶ᠎ᠡ ᠶᠢᠨ ᠠᠮᠠᠯᠠᠯᠲᠠ ᠪᠠᠨ ᠪᠠᠲᠤ ᠰᠠᠬᠢᠬᠤ ᠶᠢᠨ ᠲᠥᠯᠥᠭᠡ ︽ᠬᠢᠯᠢ ᠬᠢᠵᠠᠭᠠᠷ  ᠢᠶᠠᠨ ᠨᠠᠰᠤᠨ ᠲᠤᠷᠰᠢᠲᠠ ᠪᠠᠨ ᠰᠠᠬᠢᠨ ᠬᠠᠮᠠᠭᠠᠯᠠᠨ᠎ᠠ︕︾ ᠭᠡᠵᠦ ᠠᠨᠳᠠᠭᠠᠶᠢᠯᠠᠪᠠ᠃    ︽ᠨᠤᠲᠤᠭ ᠤᠰᠤᠨ ᠳᠤ ᠪᠠᠨ ᠰᠠᠭᠤᠬᠤ ᠬᠥᠮᠥᠨ ᠲᠠᠢ ᠪᠠᠶᠢᠬᠤ ᠬᠡᠷᠡᠭᠲᠡᠢ᠂ ᠨᠤᠲᠤᠭ ᠳᠡᠪᠢᠰᠬᠡᠷ ᠢᠶᠠᠨ ᠰᠠᠬᠢᠨ ᠬᠠᠮᠠᠭᠠᠯᠠᠬᠤ ᠬᠥᠮᠥᠨ ᠲᠠᠢ ᠪᠠᠶᠢᠬᠤ ᠬᠡᠷᠡᠭᠲᠡᠢ︾᠃  ᠭᠠᠴᠠᠭᠠᠨ ᠤ ᠨᠠᠮ ᠤᠨ ᠡᠭᠦᠷ ᠤᠨ ᠱᠦᠵᠢ ᠶᠢᠨ ᠲᠤᠰᠢᠶᠠᠯ ᠢ 12 ᠵᠢᠯ ᠬᠠᠷᠢᠭᠤᠴᠠᠭᠰᠠᠨ ᠠᠳᠢᠶ᠎ᠠ ᠶᠢᠨ ᠬᠡᠯᠡᠬᠦ  ᠪᠠᠷ᠂ ᠬᠡᠳᠦᠶᠢᠪᠡᠷ ᠬᠤᠶᠠᠷ ᠵᠢᠯ ᠤᠨ ᠡᠮᠦᠨ᠎ᠡ ᠵᠠᠰᠠᠭ ᠤᠨ ᠣᠷᠳᠣᠨ  ᠠᠴᠠ 20 ᠺᠢᠯᠣᠮᠧᠲᠷ ᠤᠨ ᠴᠠᠭᠠᠨᠠᠬᠢ ᠪᠠᠯᠭᠠᠰᠤᠨ ᠳᠤ ᠰᠢᠨ᠎ᠡ ᠪᠠᠶᠢᠰᠢᠩ ᠪᠠᠷᠢᠵᠤ ᠥᠭᠭᠦᠭᠰᠡᠨ ᠪᠣᠯᠪᠠᠴᠤ᠂ ᠲᠡᠷᠡ ᠬᠥᠭᠰᠢᠨ ᠲᠠᠢ ᠪᠠᠨ ᠮᠠᠯᠵᠢᠬᠤ ᠣᠷᠣᠨ ᠳᠤ ᠰᠠᠭᠤᠬᠤ ᠳᠤᠷᠠᠲᠠᠢ ᠃ ᠮᠠᠯ ᠬᠠᠷᠢᠭᠤᠯᠬᠤ ᠶᠢᠨ ᠬᠠᠮᠲᠤ᠂ ᠡᠳᠦᠷ ᠪᠦᠷᠢ ᠮᠠᠯ ᠤᠨᠤᠭ᠎ᠠ ᠶᠢᠨ ᠬᠢᠯᠢ ᠳᠠᠪᠠᠭ᠋ᠤ ᠶᠢ ᠰᠡᠷᠭᠡᠶᠢᠯᠡᠵᠦ᠂ ᠬᠢᠯᠢ ᠬᠢᠵᠠᠭᠠᠷ ᠤᠨ ᠪᠠᠶᠢᠳᠠᠯ ᠢ ᠠᠵᠢᠭᠯᠠᠬᠤ ᠪᠣᠯ ᠲᠡᠭᠦᠨ ᠤ ᠡᠳᠦᠷ ᠲᠤᠳᠤᠮ ᠤᠨ ᠠᠵᠢᠯ ᠪᠣᠯᠣᠨ᠎ᠠ᠃    ᠠᠳᠢᠶ᠎ᠠ ᠨᠢᠭᠡ ᠤᠳᠠᠭ᠎ᠠ  ᠬᠢᠯᠢ ᠪᠠᠷ ᠲᠣᠭᠤᠷᠢᠨ ᠪᠠᠶᠢᠴᠠᠭᠠᠬᠤ ᠳᠤ  ᠪᠠᠨ  ᠭᠡᠨᠡᠳᠲᠡ ᠬᠤᠯᠠ ᠶᠢᠨ ᠠᠭᠤᠯᠠᠨ ᠳᠣᠪᠣᠴᠠᠭ ᠳᠡᠭᠡᠷ᠎ᠡ 3 ᠪᠠᠷᠠᠭᠠᠨ ᠰᠡᠭᠦᠳᠡᠷ  ᠨᠠᠲᠤᠪᠡᠯᠵᠡᠵᠦ ᠪᠠᠶᠢᠬᠤ ᠶᠢ ᠣᠯᠵᠤ ᠮᠠᠲᠠᠵᠠᠢ᠃ ᠳᠤᠷᠠᠨᠳᠠᠬᠤ ᠪᠠᠷ ᠳᠡᠮᠵᠢᠨ ᠲᠡᠳᠡ ᠪᠣᠯ 3 ᠭᠠᠳᠠᠭᠠᠳᠤ ᠶᠢᠨ  ᠬᠥᠮᠥᠨ᠂  ᠪᠠᠰᠠ ᠫᠤᠤ ᠡᠭᠦᠷᠴᠦ ᠪᠠᠶᠢᠬᠤ ᠶᠢ ᠣᠯᠵᠤ ᠮᠠᠲᠠᠵᠠᠢ᠃ ᠠᠳᠢᠶ᠎ᠠ ᠲᠡᠷᠡ ᠳᠠᠷᠤᠢ ᠳᠤ ᠨᠢ ᠰᠡᠷᠡᠮᠵᠢ ᠲᠠᠢ ᠪᠤᠯᠵᠦ᠂ ︽ᠲᠡᠳᠡᠨ  ᠢ ᠶᠠᠭᠠᠬᠢᠭᠰᠠᠨ ᠴᠤ ᠮᠠᠨ ᠤ ᠤᠯᠤᠰ ᠤᠨ ᠬᠢᠯᠢ ᠳᠤ ᠣᠷᠣᠭᠤᠯᠵᠤ ᠪᠣᠯᠬᠤ ᠦᠭᠡᠢ︾ ᠬᠡᠵᠦ ᠰᠠᠨᠠᠵᠠᠢ᠃ ᠠᠳᠢᠶ᠎ᠠ ᠬᠠᠤᠯᠢ ᠪᠤᠰᠤ ᠪᠠᠷ ᠬᠢᠯᠢ ᠪᠠᠷ ᠣᠷᠣᠵᠤ ᠢᠷᠡᠭᠰᠡᠳ ᠤᠨ ᠠᠵᠢᠯᠯᠠᠭ᠎ᠠ ᠶᠢ ᠨᠢᠭᠲᠠ ᠠᠵᠢᠭᠯᠠᠬᠤ ᠶᠢᠨ ᠬᠠᠮᠲᠤ᠂ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠲᠠᠢ ᠦᠳᠲᠡᠷ ᠲᠦᠷᠭᠡᠨ ᠬᠠᠷᠢᠯᠴᠠᠵᠤ᠂ ᠬᠠᠮᠤᠭ ᠤᠨ ᠰᠡᠭᠦᠯ ᠳᠤ ᠲᠡᠷᠡ ᠭᠤᠷᠪᠠᠨ ᠬᠥᠮᠥᠨ ᠢ ᠬᠢᠯᠢ ᠠᠴᠠ ᠭᠠᠷᠭᠠᠪᠠ᠃ ᠣᠯᠠᠨ ᠵᠢᠯ ᠤᠨ ᠲᠤᠷᠰᠢ᠂ ᠠᠳᠢᠶ᠎ᠠ ᠪᠣᠯᠣᠨ ᠲᠡᠭᠦᠨ ᠤ ᠡᠬᠡᠨᠡᠷ ᠨᠠᠷᠠᠨᠴᠡᠴᠡᠭ  ᠬᠢᠯᠢ ᠬᠢᠵᠠᠭᠠᠷ ᠣᠷᠣᠨ ᠢᠶᠠᠷ ᠨᠡᠶᠢᠲᠡ 10 ᠲᠦᠮᠡᠨ ᠺᠢᠯᠣᠮᠧᠲᠷ ᠤᠨ ᠠᠯᠪᠠᠨ ᠵᠢᠷᠤᠮ ᠤᠨ ᠪᠠᠶᠢᠴᠠᠭᠠᠯᠲᠠ ᠬᠢᠵᠦ᠂ 300 ᠭᠠᠷᠤᠢ ᠵᠤᠷᠪᠤᠰ ᠡᠯ᠎ᠡ ᠵᠦᠢᠯ ᠤᠨ ᠮᠡᠳᠡᠭᠡ ᠵᠠᠩᠭᠢ ᠶᠢ ᠳᠡᠭᠡᠭᠰᠢ  ᠪᠠᠨ ᠮᠡᠳᠡᠭᠦᠯᠵᠦ᠂ ᠬᠢᠯᠢ ᠶᠢᠨ ᠲᠣᠮᠢᠯᠠᠭᠰᠠᠨ ᠰᠠᠯᠪᠤᠷᠢ ᠳᠤ ᠬᠠᠮᠵᠢᠨ ᠬᠢᠯᠢ ᠬᠢᠵᠠᠭᠠᠷ ᠣᠷᠣᠨ ᠳᠤ ᠬᠤᠯᠪᠣᠭᠳᠠᠭᠰᠠᠨ ᠬᠡᠳᠦᠨ ᠠᠷᠪᠠᠨ ᠬᠡᠷᠡᠭ ᠢ ᠢᠯᠡᠷᠡᠭᠦᠯᠵᠡᠢ᠃    ᠲᠠᠪᠤᠨ ᠣᠳᠣᠲᠤ ᠤᠯᠠᠭᠠᠨ ᠲᠤᠭ  ᠢᠶᠠᠨ ᠥᠨᠳᠥᠷ  ᠲᠤ ᠨᠠᠮᠢᠷᠠᠭᠤᠯᠤᠶ᠎ᠠ    ᠬᠡᠳᠦᠶᠢᠪᠡᠷ ᠠᠭᠤᠷ ᠠᠮᠢᠰᠬᠤᠯ ᠮᠠᠭᠤ᠂ ᠨᠥᠬᠦᠴᠡᠯ ᠬᠠᠲᠠᠭᠤ ᠪᠡᠷᠬᠡ᠂ ᠠᠮᠢᠳᠤᠷᠠᠯ ᠨᠢ ᠲᠠᠩ ᠴᠤᠯᠭᠤᠢ ᠪᠣᠯᠪᠠᠴᠤ᠂ ᠠᠳᠢᠶ᠎ᠠ ᠠᠳᠡ ᠭᠠᠭᠴᠠᠭᠠᠷᠳᠠᠮᠠᠯ ᠪᠢᠰᠢ᠂ ᠤᠴᠢᠷ ᠨᠢ ᠭᠠᠯ ᠤᠯᠠᠭᠠᠨ ᠲᠠᠪᠤᠨ ᠣᠳᠣᠲᠤ ᠤᠯᠠᠭᠠᠨ ᠲᠤᠭ ᠲᠡᠭᠦᠨ ᠳᠤ ᠬᠠᠨᠢ ᠪᠣᠯᠵᠤ ᠪᠠᠶᠢᠳᠠᠭ᠃2005 ᠣᠨ ᠤ ᠬᠠᠪᠤᠷ᠂ ᠨᠢᠭᠡᠨ ᠵᠠᠮ  ᠤᠨ ᠬᠥᠮᠥᠨ ᠠᠴᠠ  ᠬᠠᠷᠠᠬᠠᠨ ᠬᠥᠬᠡᠷᠡᠭᠡᠳᠦᠢ ᠪᠡᠯᠴᠢᠭᠡᠷ ᠪᠣᠯᠣᠨ ᠪᠦᠷᠬᠦᠭ ᠲᠡᠭᠷᠢ ᠶᠢ  ᠵᠢᠭᠠᠨ ᠲᠡᠭᠦᠨ ᠳᠤ᠂ ᠵᠠᠮ ᠳᠤ ᠶᠠᠮᠠᠷ ᠴᠤ ᠲᠡᠮᠳᠡᠭ ᠦᠭᠡᠢ ᠪᠤᠯᠬᠤᠷ ᠬᠠᠮᠢᠭ᠎ᠠ ᠬᠦᠷᠦᠭᠰᠡᠨ ᠢᠶᠠᠨ ᠮᠡᠳᠡᠬᠦ ᠦᠬᠡᠢ ᠪᠤᠯᠵᠠᠢ ᠬᠡᠪᠡ᠃ ᠲᠡᠬᠡᠬᠡᠳ ᠠᠳᠢᠶ᠎ᠠ ᠠᠶᠢᠯ ᠭᠡᠷ ᠲᠤ ᠪᠠᠨ ᠲᠠᠪᠤᠨ ᠣᠳᠣᠲᠤ ᠤᠯᠠᠭᠠᠨ ᠲᠤᠭ ᠢ ᠮᠠᠨᠳᠤᠭᠤᠯᠬᠤ ᠪᠤᠳᠤᠯ  ᠣᠷᠤᠪᠠ᠃    ᠬᠡᠯᠡᠪᠡᠯ ᠲᠡᠷᠤᠢ ᠬᠢᠬᠦ ᠬᠡᠷᠡᠭᠳᠡᠢ᠃ ᠤᠳᠠᠯ ᠦᠭᠡᠢ ᠠᠳᠢᠶ᠎ᠠ ᠡᠬᠡᠨᠡᠷ ᠪᠣᠯᠣᠨ ᠬᠤᠶᠠᠷ ᠨᠢᠯᠬ᠎ᠠ ᠬᠦᠦ ᠪᠠᠨ ᠳᠠᠭᠠᠭᠤᠯᠤᠨ ᠠᠶᠢᠯ ᠤᠨ ᠬᠦᠷᠢᠶᠡᠨ ᠳᠤ ᠪᠠᠨ ᠲᠠᠪᠤᠨ ᠣᠳᠣᠲᠤ ᠤᠯᠠᠭᠠᠨ ᠲᠤᠭ ᠢ ᠮᠠᠨᠳᠤᠭᠤᠯᠪᠠ᠃ ᠲᠤᠬᠠᠢ ᠶᠢᠨ ᠦᠶ᠎ᠡ ᠳᠤ ᠬᠡᠳᠦᠶᠢᠪᠡᠷ ᠳᠥᠭᠦᠮᠬᠡᠨ᠂ ᠳᠠᠭᠤᠤ ᠬᠥᠭᠵᠢᠮ ᠦᠭᠡᠢ ᠪᠠᠶᠢᠭᠰᠠᠨ ᠴᠤ᠂ ᠡᠨᠡ ᠭᠠᠵᠠᠷ ᠪᠣᠯ ᠳᠤᠮᠳᠠᠳᠤ ᠤᠯᠤᠰ ᠤᠨ ᠲᠡᠪᠢᠰᠬᠡᠷ ᠮᠦᠨ ᠭᠡᠳᠡᠭ ᠢ ᠬᠥᠮᠥᠰ ᠲᠤ ᠬᠡᠯᠡᠵᠦ ᠥᠭᠬᠦ  ᠭᠡᠰᠡᠨ ᠶᠤᠮ᠃    ᠵᠣᠨ ᠤ ᠤᠯᠠᠷᠢᠯ ᠪᠣᠯᠬᠤ ᠳᠤ᠂ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠲᠡᠭᠦᠨ ᠢ ᠬᠠᠪᠰᠤᠷᠤᠨ  ᠲᠤᠭ ᠤᠨ ᠮᠣᠳᠣᠨ ᠡᠰᠢ  ᠶᠢ ᠨᠢ ᠲᠡᠮᠦᠷ  ᠡᠰᠢ ᠪᠠᠷ ᠰᠣᠯᠢᠵᠤ ᠥᠭᠴᠡᠢ᠃ ᠡᠭᠦᠨ ᠠᠴᠠ ᠡᠬᠢᠯᠡᠨ᠂ ᠪᠠᠶᠠᠷ ᠳᠤᠷᠠᠰᠬᠠᠯ ᠤᠨ ᠡᠳᠦᠷ ᠪᠣᠯᠬᠤ ᠪᠦᠷᠢ ᠠᠳᠢᠶ᠎ᠠ ᠶᠢᠨ ᠵᠢᠵᠢᠭᠬᠡᠨ ᠬᠦᠷᠢᠶᠡᠨ ᠳᠤ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠳᠠᠭᠤᠯᠬᠤ ᠪᠤᠯᠵᠠᠢ᠃ ᠵᠠᠷᠢᠮ ᠦᠶ᠎ᠡ ᠳᠤ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠪᠣᠯᠣᠨ ᠬᠡᠳᠦᠨ ᠺᠢᠯᠣᠮᠧᠲᠷ ᠤᠨ ᠠᠯᠤᠰ  ᠠᠴᠠ ᠨᠠᠮ ᠤᠨ ᠭᠡᠰᠢᠭᠦᠳ ᠪᠠᠰᠠ ᠬᠦᠷᠦᠯᠴᠡᠨ ᠢᠷᠡᠵᠦ ᠤᠷᠤᠯᠴᠠᠳᠠᠭ᠃     ᠡᠳᠦᠭᠡ ᠬᠥᠮᠥᠰ ᠡᠨᠡ ᠬᠦ ᠥᠷᠭᠡᠨ ᠠᠭᠤᠳᠠᠮ ᠲᠠᠯ᠎ᠠ ᠨᠤᠲᠤᠭ ᠲᠤ ᠬᠦᠷᠴᠦ ᠢᠷᠡᠬᠦ ᠪᠦᠷᠢ᠂ ᠠᠯᠤᠰ ᠬᠤᠯᠠ  ᠨᠠᠮᠢᠷᠠᠭᠰᠠᠨ ᠲᠠᠪᠤᠨ ᠣᠳᠣᠲᠤ ᠤᠯᠠᠭᠠᠨ ᠲᠤᠭ ᠠᠴᠠ ᠭᠠᠳᠠᠨ᠎ᠠ᠂ ᠪᠠᠰᠠ ᠠᠳᠢᠶ᠎ᠠ ᠶᠢᠨ ᠭᠡᠷ ᠤᠨ ᠪᠠᠷᠠᠭᠤᠨ ᠲᠠᠯ᠎ᠠ ᠶᠢᠨ   ᠬᠦᠲᠦᠯ ᠳᠡᠭᠡᠷᠡᠬᠢ ᠲᠣᠮᠣ ︽ᠳᠤᠮᠳᠠᠳᠤ ᠤᠯᠤᠰ︾ ᠭᠡᠬᠦ ᠬᠤᠶᠠᠷ ᠦᠰᠦᠭ ᠢ ᠣᠯᠵᠤ ᠬᠠᠷᠠᠬᠤ ᠪᠢᠯᠡ᠃ ᠡᠨᠡ ᠨᠢ 2008 ᠣᠨ ᠳᠤ ᠲᠡᠷᠡ  ᠲᠡᠭᠦᠵᠦ ᠠᠪᠴᠢᠷᠠᠭᠰᠠᠨ ᠤᠯᠠᠭᠠᠨ ᠲᠣᠭᠤᠰᠬ᠎ᠠ ᠪᠠᠷ  ᠢᠶᠠᠨ︽ᠪᠢᠴᠢᠵᠦ︾ ᠪᠦᠲᠦᠭᠡᠭᠰᠡᠨ ᠶᠤᠮ᠃ ᠲᠡᠷᠡ᠄ ︽ᠡᠨᠡ ᠭᠠᠵᠠᠷ ᠰᠠᠶᠢᠨ᠂ ᠦᠷᠯᠦᠬᠡ ᠶᠢᠨ ᠨᠡᠷᠡᠨ ᠤ ᠠᠩᠬᠠᠨ ᠤ ᠰᠢᠵᠢᠷ  ᠲᠤᠶᠠᠭ᠎ᠠ ᠡᠨᠡ ᠦᠰᠦᠭ ᠳᠡᠭᠡᠷ᠎ᠡ ᠲᠤᠰᠴᠤ ᠳᠡᠶᠢᠯᠦᠨ᠎ᠡ︾ ᠭᠡᠵᠦ ᠬᠡᠯᠡᠨ᠎ᠡ᠃    2019 ᠣᠨ ᠤ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢᠨ ᠲᠠᠰᠢᠷᠠᠮ ᠢᠶᠠᠷ᠂ ᠠᠳᠢᠶ᠎ᠠ ᠣᠨᠴᠠᠭᠠᠶᠢᠯᠠᠨ ᠤᠯᠠᠭᠠᠨ ᠰᠢᠷ ᠢᠶᠠᠷ ︽ᠳᠤᠮᠳᠠᠳᠤ ᠤᠯᠤᠰ︾ ᠭᠡᠬᠦ ᠬᠤᠶᠠᠷ ᠦᠰᠦᠭ  ᠢᠶᠠᠨ ᠰᠢᠨᠡᠳᠬᠡᠨ ᠵᠢᠷᠤᠵᠤ᠂ ᠠᠷᠤ ᠳᠤ ᠨᠢ ᠴᠢᠯᠠᠭᠤ ᠪᠠᠷ ︽70︾ ᠭᠡᠬᠦ ᠦᠰᠦᠭ ᠢ  ᠦᠷᠦᠨ ᠵᠢᠭᠰᠠᠭᠠᠵᠠᠢ᠃    ︽  ᠠᠳᠡᠬᠢ ᠪᠣᠯ ᠳᠤᠮᠳᠠᠳᠤ ᠤᠯᠤᠰ  ᠤᠨ ᠬᠢ ᠭᠡᠳᠡᠭ ᠢ ᠪᠢ ᠬᠥᠮᠥᠨ ᠪᠦᠬᠦᠨ ᠳᠤ ᠮᠡᠳᠡᠭᠦᠯᠦᠨ᠎ᠡ᠂ ᠡᠭᠦᠨ ᠠᠴᠠ ᠭᠠᠳᠠᠨ᠎ᠠ ᠲᠠᠯ᠎ᠠ ᠨᠤᠲᠤᠭ ᠳᠡᠩᠳᠡᠭᠦᠦ ᠶᠡᠭᠡ ᠪᠣᠯᠬᠤᠷ  ᠢᠮ ᠲᠡᠮᠳᠡᠭ ᠮᠠᠰᠢ ᠴᠥᠭᠡᠨ ᠪᠠᠶᠢᠳᠠᠭ᠂ ᠬᠡᠷᠪᠡ ᠵᠦᠭ  ᠴᠢᠭ ᠢᠶᠠᠨ ᠠᠯᠳᠠᠬᠤ ᠳᠤ ᠬᠦᠷᠪᠡᠯ ᠮᠠᠰᠢ ᠠᠶᠤᠯᠲᠠᠢ ᠶᠤᠮ᠂ ᠡᠶᠢᠮᠦ ᠠᠴᠠ ᠪᠢ ᠤᠯᠤᠰ ᠤᠨ ᠲᠤᠭ ᠢᠶᠠᠨ ᠥᠨᠳᠥᠷ ᠲᠤ  ᠨᠠᠮᠢᠷᠠᠭᠤᠯᠤᠭᠰᠠᠨ ᠶᠤᠮ᠂ ᠲᠥᠭᠡᠷᠢᠭᠰᠡᠨ ᠬᠥᠮᠥᠨ ᠤᠯᠤᠰ ᠤᠨ ᠲᠤᠭ ᠢ ᠴᠢᠭᠯᠡᠨ ᠪᠢᠳᠡᠨ ᠢ ᠡᠷᠢᠵᠦ ᠢᠷᠡᠬᠦ ᠪᠤᠯᠤᠨ᠎ᠠ︾ ᠭᠡᠵᠦ ᠠᠳᠢᠶ᠎ᠠ ᠬᠡᠯᠡᠪᠡ᠃ᠡᠴᠢᠭᠡ ᠬᠥᠪᠡᠭᠦᠨ ᠪᠤᠬᠢᠶ᠎ᠠ ᠵᠠᠯᠭᠠᠨ ᠬᠢᠯᠢ  ᠮᠠᠨᠠᠪᠠ    ᠤᠳᠠᠭᠠᠨ ᠵᠢᠯ  ᠤᠨ ᠠᠯᠪᠠᠨ ᠵᠢᠷᠤᠮ ᠤᠨ ᠬᠢᠯᠢ  ᠶᠢᠨ ᠪᠠᠶᠢᠴᠠᠭᠠᠯᠲᠠ ᠪᠠ  ᠬᠦᠳᠡᠯᠮᠦᠷᠢ ᠠᠴᠠ ᠪᠣᠯᠵᠤ᠂ ᠠᠳᠢᠶ᠎ᠠ ᠶᠢᠨ ᠬᠥᠯ ᠨᠢ  ᠡᠮᠵᠡᠭᠯᠡᠨ᠂ ᠪᠠᠰᠠ ᠨᠣᠶᠢᠷ ᠤᠨ ᠪᠤᠯᠴᠢᠷᠬᠠᠢ ᠶᠢᠨ ᠦᠷᠪᠢᠰᠦᠯ᠂ ᠲᠠᠷᠢᠬᠢᠨ  ᠰᠤᠳᠠᠯ ᠤᠨ ᠪᠦᠭᠯᠡᠷᠡᠯ ᠵᠡᠷᠭᠡ ᠡᠪᠡᠳᠴᠢᠨ ᠳᠤ ᠨᠡᠷᠪᠡᠭᠳᠡᠵᠡᠢ᠃ ᠲᠡᠭᠦᠨ ᠤ ᠡᠬᠡᠨᠡᠷ ᠨᠢ ᠬᠦᠨᠳᠦ ᠡᠪᠡᠳᠴᠢᠨ ᠳᠤ ᠨᠡᠷᠪᠡᠭᠳᠡᠭᠰᠡᠨ ᠪᠥᠭᠡᠳ  ᠬᠥᠯ ᠨᠢᠷᠤᠭᠤ ᠨᠢ 20 ᠰᠢᠬᠠᠮ ᠵᠢᠯ ᠡᠪᠡᠳᠴᠡᠢ᠃ ᠭᠡᠪᠡᠴᠦ ᠬᠦᠴᠢᠷ ᠪᠡᠷᠬᠡᠰᠢᠶᠡᠯ ᠤᠨ ᠡᠮᠦᠨ᠎ᠡ ᠡᠷ᠎ᠡ ᠡᠮ᠎ᠡ ᠬᠤᠶᠠᠭᠤᠯᠠ ᠪᠠᠨ ᠶᠡᠷᠦ ᠠᠴᠠ  ᠤᠬᠤᠷᠢᠵᠦ ᠦᠵᠡᠭᠡ ᠦᠭᠡᠢ᠂ ᠠᠳᠢᠶ᠎ᠠ ᠭᠡᠷ ᠲᠤ ᠪᠠᠨ ︽  ᠤᠬᠠᠭᠤᠯᠭ᠎ᠠ ᠶᠢᠨ ᠮᠣᠩᠭᠤᠯ ᠭᠡᠷ︾ ᠪᠤᠰᠬᠠᠵᠦ᠂ ᠲᠣᠭᠲᠠᠮᠠᠯ ᠬᠤᠭᠤᠴᠠᠭ᠎ᠠ ᠲᠠᠢ ᠪᠠᠷ ᠣᠶᠢᠷ᠎ᠠ ᠬᠠᠪᠢ ᠶᠢᠨ ᠨᠠᠮ ᠤᠨ ᠭᠡᠰᠢᠭᠦᠳ ᠢᠶᠠᠨ ᠵᠣᠬᠢᠶᠠᠨ ᠪᠠᠶᠢᠭᠤᠯᠤᠨ ᠰᠤᠷᠤᠯᠴᠠᠭᠤᠯᠵᠤ᠂ ᠠᠷᠠᠳ ᠲᠤ  ᠠᠰᠢᠭᠲᠠᠢ ᠮᠠᠯᠵᠢᠬᠤ ᠦᠢᠯᠡᠳᠪᠤᠷᠢᠯᠡᠯ ᠳᠤ ᠠᠰᠢᠭ ᠬᠦᠷᠲᠡᠭᠡᠬᠦ ᠨᠠᠮ ᠤᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠦ ᠦᠭᠳᠡᠭ᠃    ᠠᠳᠢᠶ᠎ᠠ ᠶᠢᠨ 38 ᠵᠢᠯ ᠤᠨ ᠲᠤᠷᠰᠢ ᠠᠶᠤᠯ ᠲᠦᠭᠰᠢᠭᠦᠷᠢ ᠠᠴᠠ ᠠᠶᠤᠬᠤ ᠦᠭᠡᠢ᠂ ᠬᠠᠷᠠᠮ ᠦᠭᠡᠢ ᠵᠢᠳᠬᠦᠳᠡᠭ ᠵᠣᠷᠢᠭ ᠰᠠᠨᠠᠭ᠎ᠠ ᠨᠢ  ᠬᠡᠦᠬᠡᠳ ᠢᠶᠠᠨ  ᠭᠦᠨ ᠨᠥᠯᠥᠭᠡᠯᠡᠪᠡ᠃ ᠲᠡᠭᠦᠨ ᠤ  ᠵᠣᠷᠢᠭ ᠰᠠᠨᠠᠭᠠᠨ ᠤ ᠨᠦᠯᠦᠭᠡᠯᠡᠯ ᠢᠶᠠᠷ᠂ ᠶᠠᠫᠤᠨ ᠳᠤ 6 ᠵᠢᠯ  ᠰᠤᠷᠤᠯᠴᠠᠭ᠎ᠠ ᠶᠡᠭᠡ ᠬᠦᠦ ᠪᠢᠮᠪᠠ ᠪᠣᠯᠣᠨ ᠱᠠᠩᠬᠠᠢ ᠳᠤ ᠬᠡᠳᠦᠨ ᠵᠢᠯ ᠠᠵᠢᠯᠯᠠᠭᠰᠠᠨ ᠪᠠᠭ᠎ᠠ ᠬᠦᠦ ᠠᠳᠢᠯᠢ ᠨᠢ  ᠨᠤᠲᠤᠭ ᠲᠤ ᠪᠠᠨ ᠪᠤᠴᠠᠵᠤ᠂ ᠨᠢᠭᠡ ᠲᠠᠯ᠎ᠠ ᠪᠠᠷ ᠠᠪᠤ ᠡᠵᠢ ᠪᠠᠨ ᠬᠠᠷᠠᠭᠠᠯᠵᠠᠵᠤ᠂ ᠨᠦᠭᠦᠭᠡ ᠲᠠᠯ᠎ᠠ ᠪᠠᠷ ᠠᠪᠤ ᠡᠵᠢ ᠶᠢᠨ ᠢᠶᠠᠨ ᠦᠢᠯᠡᠰ ᠢ ᠵᠠᠯᠭᠠᠮᠵᠢᠯᠠᠵᠤ ᠡᠬᠡ ᠤᠯᠤᠰ ᠤᠨ ᠢᠶᠠᠨ ᠤᠮᠠᠷᠠᠲᠤ ᠬᠢᠯᠢ ᠶᠢ ᠰᠠᠬᠢᠨ ᠬᠠᠮᠠᠭᠠᠯᠠᠪᠠ᠃    2020 ᠣᠨ ᠳᠤ᠂ ᠰᠢᠨ᠎ᠡ  ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ  ᠳᠡᠯᠭᠡᠷᠡᠭᠰᠡᠨ ᠤ ᠳᠠᠷᠠᠭ᠎ᠠ᠂ ᠠᠳᠢᠶ᠎ᠠ ᠡᠴᠢᠭᠡ ᠬᠥᠪᠡᠭᠦᠨ ᠥᠴᠥᠬᠡᠨ ᠴᠦ ᠲᠠᠲᠠᠭᠠᠯᠵᠠᠯ ᠦᠭᠡᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠤᠷᠤᠯᠴᠠᠵᠦ᠂ ᠡᠷᠦᠬᠡ ᠳᠠᠷᠠᠭᠠᠯᠠᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠮᠡᠳᠡᠯᠭᠡ ᠶᠢ ᠲᠠᠶᠢᠯᠪᠤᠷᠢᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠡᠭ ᠲᠤ ᠬᠦᠷᠴᠦ  ᠵᠢᠵᠢᠭᠦᠷᠯᠡᠨ᠂ ᠪᠤᠰᠤᠳ ᠵᠢᠵᠢᠭᠦᠷᠯᠡᠭᠴᠢ ᠳᠤ ᠬᠤᠭᠤᠯᠠ ᠪᠠ ᠡᠳᠦᠷ ᠲᠤᠲᠤᠮ ᠤᠨ ᠬᠡᠷᠡᠭᠯᠡᠭᠡᠨ ᠤ ᠵᠦᠢᠯ ᠢ ᠬᠦᠷᠭᠡᠪᠡ᠃ ᠠᠳᠢᠶ᠎ᠠ ᠦᠪᠡᠷ ᠤᠨ ᠪᠤᠳᠠᠳᠤ ᠦᠢᠯᠡ ᠠᠵᠢᠯᠯᠠᠭ᠎ᠠ ᠪᠠᠷ ᠢᠶᠠᠨ ᠬᠦᠴᠢᠷ ᠢ ᠰᠥᠷᠦᠨ ᠤᠷᠤᠭᠰᠢᠯᠠᠬᠤ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ᠂ ᠵᠣᠷᠢᠭᠲᠠᠢ ᠪᠠᠷ ᠬᠠᠷᠢᠭᠤᠴᠠᠯᠭ᠎ᠠ ᠡᠬᠦᠷᠬᠡᠯᠡᠳᠡᠭ ᠬᠢᠯᠢ  ᠬᠠᠮᠠᠭᠠᠯᠠᠭᠴᠢ ᠶᠢᠨ ᠵᠣᠷᠢᠭ ᠰᠠᠨᠠᠭ᠎ᠠ ᠶᠢ  ᠬᠠᠷᠠᠭᠤᠯᠤᠭᠰᠠᠨ ᠶᠤᠮ᠃     ᠰᠢ ᠶᠢᠨ ᠫᠢᠩ ᠶᠡᠷᠦᠩᠬᠡᠢ ᠱᠦᠵᠢ ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠬᠦ  ᠳᠤ ᠪᠠᠨ  ᠶᠠᠷᠢᠭᠰᠠᠨ᠄ ︽ᠡᠭᠦᠳᠡ ᠡᠷᠦᠬᠡ ᠪᠠᠨ ᠰᠠᠶᠢᠲᠤᠷ ᠰᠠᠬᠢᠵᠤ᠂ ᠡᠬᠡ ᠤᠯᠤᠰ ᠤᠨ ᠬᠢᠯᠢ ᠬᠢᠵᠠᠭᠠᠷ ᠢᠶᠠᠨ ᠰᠠᠶᠢᠲᠤᠷ ᠰᠠᠬᠢᠵᠤ᠂ ᠥᠪᠥᠷ ᠮᠣᠩᠭᠤᠯ ᠤᠨ ᠴᠥᠭᠡᠨ ᠲᠣᠭᠠᠲᠤ ᠦᠨᠳᠦᠰᠦᠲᠡᠨ ᠤ ᠰᠠᠶᠢᠨ ᠰᠠᠶᠢᠬᠠᠨ ᠣᠶᠤᠨ ᠰᠠᠨᠠᠭᠠᠨ ᠤ  ᠭᠡᠷ ᠣᠷᠣᠨ ᠢᠶᠠᠨ ᠰᠠᠶᠢᠲᠤᠷ ᠰᠠᠬᠢᠵᠦ ᠬᠠᠮᠠᠭᠠᠯᠠᠬᠤ ᠬᠡᠷᠡᠭᠲᠡᠢ︾  ᠭᠡᠬᠦ  ᠵᠢᠭᠠᠪᠤᠷᠢ ᠶᠢ ᠠᠳᠢᠶ᠎ᠠ  ᠬᠠᠨ᠎ᠠ ᠳᠡᠭᠡᠷ᠎ᠡ ᠪᠠᠨ ᠡᠯᠭᠦᠨ ᠳᠡᠭᠡᠳᠦᠯᠡᠵᠦ ᠪᠠᠶᠢᠳᠠᠭ᠃ ᠠᠳᠢᠶ᠎ᠠ᠄ ︽ᠡᠨᠡ ᠪᠣᠯ ᠮᠢᠨᠤ ᠢᠮᠠᠭᠲᠠ ᠶᠢᠨ ᠢᠲᠡᠭᠡᠯ ᠪᠠ ᠬᠥᠭᠡᠭᠡᠴᠡᠯᠳᠦᠯ ᠮᠥᠨ ᠂ ᠪᠢ ᠥᠩᠭᠡᠷᠡᠭᠰᠡᠨ ᠲᠠᠢ ᠪᠠᠨ ᠠᠳᠠᠯᠢ ᠪᠠᠷ ᠠᠳᠡ ᠮᠠᠯ ᠢᠶᠠᠨ ᠬᠠᠷᠢᠭᠤᠯᠵᠤ ᠬᠢᠯᠢ ᠬᠢᠵᠠᠭᠠᠷ  ᠢᠶᠠᠨ ᠲᠣᠭᠤᠷᠢᠨ ᠪᠠᠶᠢᠴᠠᠭᠠᠵᠤ᠂ ᠬᠡᠦᠬᠡᠳ ᠲᠠᠢ ᠪᠠᠨ ᠬᠠᠮᠲᠤ ᠪᠠᠷ ᠲᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠢᠯᠢ  ᠳᠤ ᠠᠮᠤᠷ ᠲᠦᠪᠰᠢᠨ ᠤ ᠲᠣᠣᠷ ᠢ ᠪᠠᠶᠢᠭᠤᠯᠤᠨ᠎ᠠ︾ ᠬᠡᠵᠦ ᠬᠡᠯᠡᠨ᠎ᠡ᠃    ᠴᠡᠷᠢᠭ ᠪᠠᠶᠢᠭᠰᠠᠨ ᠭᠤᠷᠪᠠᠨ ᠵᠢᠯ ᠤᠨ ᠲᠤᠷᠰᠢ᠂ ᠲᠡᠷᠡ ᠭᠠᠷ ᠲᠤ ᠪᠠᠨ  ᠫᠤᠤ ᠠᠳᠬᠤᠨ ᠤᠯᠤᠰ ᠣᠷᠣᠨ ᠢᠶᠠᠨ ᠬᠠᠮᠠᠭᠠᠯᠠᠵᠤ ᠥᠩᠭᠡᠷᠡᠵᠡᠢ︔ ᠴᠡᠷᠢᠭ ᠤᠨ ᠬᠤᠪᠴᠠᠰᠤ ᠪᠠᠨ ᠲᠠᠶᠢᠯᠤᠭᠰᠠᠨ ᠴᠤ ᠲᠡᠷᠡ ᠮᠥᠨ ᠯᠡ ᠤᠭ ᠰᠠᠨᠠᠭ᠎ᠠ ᠪᠠᠨ ᠮᠠᠷᠲᠠᠯ ᠦᠭᠡᠢ ᠪᠠᠷ ᠬᠢᠯᠢ ᠬᠢᠵᠠᠭᠠᠷ ᠢᠶᠠᠨ ᠰᠠᠬᠢᠨ ᠬᠠᠮᠠᠭᠠᠯᠠᠪᠠ︔ ᠦᠶ᠎ᠡ ᠵᠠᠯᠭᠠᠨ ᠪᠤᠬᠢᠶ᠎ᠠ ᠳᠠᠮᠵᠢᠭᠤᠯᠵᠤ᠂ ᠬᠦᠦ ᠨᠢ ᠡᠴᠢᠭᠡ ᠶᠢᠨ ᠢᠶᠠᠨ  ᠵᠣᠷᠢᠭ ᠰᠠᠨᠠᠭ᠎ᠠ ᠶᠢ  ᠵᠠᠯᠭᠠᠮᠵᠢᠯᠠᠨ ᠬᠢᠯᠢ ᠬᠠᠮᠠᠭᠠᠯᠠᠪᠠ᠃ ᠨᠢᠭᠡᠨ ᠡᠭᠡᠯ ᠪᠣᠷᠣᠭᠵᠢᠭᠤᠨ ᠮᠠᠯᠴᠢᠨ᠂   ᠨᠢᠭᠡ ᠭᠡᠷ ᠤᠨ ᠬᠢᠨ ᠤ ᠨᠠᠮ ᠢᠶᠠᠨ ᠬᠠᠶᠢᠷᠠᠯᠠᠵᠤ ᠤᠯᠤᠰ ᠲᠤ ᠪᠠᠨ ᠵᠢᠳᠬᠦᠳᠡᠭ ᠬᠥᠪᠡᠭᠦᠳ ᠥᠬᠢᠳ᠂   ᠳᠡᠰᠪᠦᠷᠢ ᠬᠠᠲᠠᠭᠤᠵᠢᠯᠲᠠᠢ ᠪᠠᠷ ᠴᠤᠴᠠᠯᠲᠠ ᠦᠭᠡᠢ ᠤᠷᠤᠭᠰᠢᠯᠠᠬᠤ ᠮᠣᠩᠭᠤᠯ ᠮᠣᠷᠢᠨ ᠤ ᠵᠣᠷᠢᠭ ᠰᠠᠨᠠᠭ᠎ᠠ ᠪᠠᠷ᠂ ᠰᠠᠶᠢᠨ ᠬᠥᠪᠡᠭᠦᠳ ᠥᠬᠢᠳ ᠤᠨ ᠠᠤᠭ᠎ᠠ ᠵᠣᠷᠢᠭ ᠣᠮᠤᠭ ᠵᠢᠪᠬᠤᠭ᠎ᠠ ᠪᠠᠷ ᠡᠬᠡ ᠤᠯᠤᠰ ᠲᠤ ᠪᠠᠨ ᠬᠦᠴᠦ ᠪᠠᠨ ᠡᠷᠭᠦᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠭᠰᠠᠨ  ᠢᠷᠠᠭᠤ ᠲᠤᠤᠯᠢ ᠶᠢ ᠪᠢᠴᠢᠭᠯᠡᠭᠰᠡᠨ ᠪᠠᠶᠢᠨ᠎ᠠ᠃︽ᠨᠠᠭᠤᠷ  ᠠᠮᠤᠭᠤᠯᠠᠩ  ᠪᠣᠯ ᠨᠤᠭᠤᠰᠤ ᠠᠮᠤᠭᠤᠯᠠᠩ︾  ᠭᠡᠳᠡᠭ ᠢᠶᠠᠷ ᠬᠥᠮᠥᠨ ᠴᠦ ᠠᠳᠠᠯᠢᠬᠠᠨ᠂ ᠠᠮᠤᠷ ᠲᠣᠭᠲᠠᠭᠤᠨ ᠡᠬᠡ ᠤᠯᠤᠰ ᠪᠠᠶᠢᠬᠤ ᠦᠭᠡᠢ ᠪᠣᠯ ᠠᠮᠤᠷ ᠠᠮᠤᠭᠤᠯᠠᠩ ᠠᠮᠢᠳᠤᠷᠠᠯ ᠪᠠᠶᠢᠵᠤ ᠴᠢᠳᠠᠬᠤ ᠦᠭᠡᠢ᠃ ᠭᠡᠷ ᠪᠦᠯᠢ ᠪᠣᠯ ᠬᠠᠮᠤᠭ ᠤᠨ ᠪᠠᠭ᠎ᠠ ᠨᠢᠬᠡᠴᠢ ᠮᠥᠨ᠂ ᠤᠯᠤᠰ ᠤᠷᠤᠨ ᠪᠣᠯ ᠮᠢᠩᠭ᠎ᠠ ᠲᠦᠮᠡᠨ ᠭᠡᠷ ᠪᠦᠯᠢ ᠪᠠᠷ ᠪᠦᠷᠢᠯᠳᠦᠳᠡᠭ ᠶᠤᠮ᠃ ᠨᠢᠭᠡ ᠯᠡ ᠰᠡᠳᠬᠢᠯ ᠢᠶᠠᠷ ᠤᠯᠤᠰ ᠤᠷᠤᠨ  ᠢᠶᠠᠨ ᠪᠠᠭᠳᠠᠭᠠᠨ  ᠰᠠᠬᠢᠵᠦ᠂ ᠨᠢᠭᠡ  ᠯᠡ ᠵᠢᠳᠬᠦᠯ ᠢᠶᠠᠷ ᠠᠳᠠᠯ ᠦᠢᠯᠡᠰ ᠢᠶᠠᠨ ᠴᠣᠭᠴᠠᠯᠠᠨ᠎ᠠ᠃ ᠠᠳᠢᠶ᠎ᠠ ᠶᠢᠨ ᠬᠢᠨ ᠲᠠᠪᠤᠨ ᠣᠳᠣᠲᠤ ᠤᠯᠠᠭᠠᠨ ᠲᠤᠭ  ᠢᠶᠠᠨ ᠥᠨᠳᠥᠷ ᠮᠠᠨᠳᠤᠭᠤᠯᠵᠤ᠂ ︽ᠳᠤᠮᠳᠠᠳᠤ ᠤᠯᠤᠰ︾ ᠬᠡᠬᠦ ᠬᠤᠶᠠᠷ ᠦᠰᠦᠭ ᠢ ᠬᠠᠮᠤᠭ ᠤᠨ ᠢᠯᠡ ᠪᠠᠶᠢᠷᠢᠨ ᠳᠤ ᠰᠢᠭᠢᠳᠬᠡᠵᠦ᠂ ᠭᠠᠵᠠᠷ ᠠᠭᠤᠳᠠᠮ ᠬᠥᠮᠥᠨ ᠰᠡᠶᠢᠷᠡᠭ ᠲᠠᠯ᠎ᠠ ᠨᠤᠲᠤᠭ ᠤᠨ ︽ᠳᠤᠮᠳᠠᠳᠤ ᠤᠯᠤᠰ ᠤᠨ ᠤᠯᠠᠭᠠᠨ︾  ᠪᠣᠯᠣᠨ ᠲᠣᠳᠤᠷᠠᠵᠤ᠂ ︽  ᠵᠠᠮᠴᠢ ᠲᠡᠮᠳᠡᠭ︾ ᠪᠣᠯᠭᠠᠭᠰᠠᠨ ᠪᠠᠶᠢᠨ᠎ᠠ᠃ ᠲᠡᠭᠦᠨ ᠤ ᠰᠡᠳᠬᠢᠯ ᠳᠤ ᠡᠬᠡ ᠤᠯᠤᠰ ᠤᠨ ᠠᠰᠢᠭ ᠲᠤᠰᠠ ᠠᠯᠢᠪᠠ ᠠᠴᠠ ᠡᠷᠬᠢᠮ᠂ ᠡᠬᠡ ᠤᠯᠤᠰ ᠤᠨ ᠬᠡᠷᠡᠭᠴᠡᠭᠡ ᠪᠣᠯ ᠳᠠᠷᠤᠢ ᠥᠪᠡᠷ ᠤᠨ ᠠᠵᠢᠯᠯᠠᠭ᠎ᠠ ᠮᠥᠨ᠃ ᠭᠠᠭᠴᠠ ᠬᠦ ᠡᠬᠡ ᠤᠯᠤᠰ ᠤᠨ ᠬᠡᠷᠡᠭᠴᠡᠭᠡ ᠪᠣᠯᠣᠨ ᠬᠤᠪᠢ ᠬᠥᠮᠥᠨ ᠤ ᠰᠣᠩᠭᠤᠯᠲᠠ ᠶᠢ ᠨᠢᠭᠲᠠ ᠤᠶᠠᠯᠳᠤᠭᠤᠯᠪᠠᠯ ᠰᠠᠶ᠋ᠢ ᠬᠥᠮᠥᠨ ᠤ ᠠᠮᠢᠳᠤᠷᠠᠯ ᠤᠨ ᠦᠨ᠎ᠡ ᠥᠷᠲᠡᠭ ᠢ ᠪᠡᠶᠡᠯᠡᠭᠦᠯᠵᠦ  ᠴᠢᠳᠠᠬᠤ ᠠᠵᠢ᠃    ᠥᠪᠥᠷ ᠮᠣᠩᠭᠤᠯ ᠤᠨ 4000 ᠭᠠᠷᠤᠢ ᠺᠢᠯᠣᠮᠧᠲᠷ ᠬᠢᠯᠢ ᠶᠢᠨ ᠱᠤᠭᠤᠮ   ᠳᠤ ᠠᠳᠢᠶ᠎ᠠ ᠰᠢᠭ᠋ ᠲᠦᠭ ᠲᠦᠮᠡᠨ ᠬᠢᠯᠢ ᠶᠢᠨ ᠬᠠᠮᠠᠭᠠᠯᠠᠭᠴᠢ ᠪᠣᠶ᠂ ᠲᠠᠳᠠ ᠦᠨᠡᠨᠴᠢ ᠰᠢᠳᠤᠷᠭᠤ  ᠪᠠᠷ ᠬᠠᠷᠢᠭᠤᠴᠠᠯᠭ᠎ᠠ ᠡᠬᠦᠷᠬᠡᠯᠡᠨ᠂ ᠬᠤᠪᠢ ᠨᠡᠮᠡᠷᠢ ᠦᠵᠡᠬᠦᠯᠦᠭᠰᠡᠨ ᠤ ᠬᠠᠷᠠᠭ᠎ᠠ ᠪᠠᠷ ᠬᠢᠯᠢ ᠬᠢᠵᠠᠭᠠᠷ ᠠᠮᠤᠷ ᠲᠠᠶᠢᠪᠤᠩ᠂ ᠦᠨᠳᠦᠰᠦᠲᠡᠨ ᠪᠦᠬᠦᠨ ᠪᠦᠯᠬᠦᠮᠳᠡᠯ ᠲᠠᠢ᠂ ᠨᠡᠶᠢᠭᠡᠮ  ᠠᠮᠤᠷ ᠲᠣᠭᠲᠠᠭᠤᠨ᠂ ᠠᠷᠠᠳ ᠲᠦᠮᠡᠨ ᠠᠮᠤᠷ ᠲᠠᠶᠢᠪᠤᠩ ᠠᠵᠤ ᠲᠦᠷᠦᠭᠦ᠂ ᠠᠵᠤ ᠠᠬᠤᠢ ᠰᠣᠶᠣᠯ ᠤᠨ   ᠬᠦᠭᠵᠢᠯ ᠴᠡᠴᠡᠭᠯᠡᠯ ᠢ ᠰᠣᠯᠢᠵᠤ ᠠᠪᠴᠢᠷᠠᠭᠰᠠᠨ ᠶᠤᠮ᠃ ᠬᠢᠯᠢ  ᠬᠠᠮᠠᠭᠠᠯᠠᠭᠴᠢ ᠶᠢᠨ ᠦᠯᠢᠭᠡᠷ ᠵᠢᠱᠢᠶ᠎ᠡ ᠠᠴᠠ ᠰᠤᠷᠤᠯᠴᠠᠬᠤ ᠳᠤ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ ᠨᠠᠶᠢᠳᠠᠯᠭ᠎ᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠡᠭᠦᠳᠡ ᠡᠷᠦᠬᠡ ᠪᠠᠨ ᠰᠠᠶᠢᠲᠤᠷ ᠰᠠᠬᠢᠵᠤ᠂ ᠡᠬᠡ ᠤᠯᠤᠰ ᠤᠨ ᠬᠢᠯᠢ ᠬᠢᠵᠠᠭᠠᠷ ᠢᠶᠠᠨ ᠰᠠᠶᠢᠲᠤᠷ ᠰᠠᠬᠢᠬᠤ ᠬᠡᠷᠡᠭᠲᠡᠢ︔ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ  ᠲᠠᠨᠢᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠤᠯᠤᠰ ᠣᠷᠣᠨ ᠤ ᠨᠢᠭᠡᠳᠦᠯ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠢ ᠨᠢᠭᠲᠠᠷᠠᠭᠤᠯᠬᠤ ᠬᠡᠷᠡᠭᠲᠡᠢ ᠶᠤᠮ᠃   ᠣᠷᠴᠢᠭᠤᠯᠤᠭᠴᠢ ᠶᠢᠨ ᠬᠠᠶ᠋ᠢᠭ᠄  ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠬᠢᠨᠠᠨ ᠣᠩᠰᠢᠬᠤ  ᠬᠢᠨᠠᠨ ᠦᠵᠡᠬᠦ  ᠲᠥᠪ   
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号