ᠪᠣᠶᠠᠨᠰᠠᠭ ᠠᠵᠢᠯᠯᠠᠭ᠎ᠠ ᠪᠠᠷ ᠵᠡᠮᠳᠡᠭᠴᠦᠳ ᠤᠨ ᠰᠡᠳᠬᠢᠯ ᠢ ᠳᠤᠯᠠᠭᠠᠯᠠᠯ᠎ᠠ
ᠨᠡᠶᠢᠲᠡᠯᠡᠭᠰᠡᠨ ᠴᠠᠭ᠄
2023/5/25
                    ᠨᠣᠮᠢᠨ  ᠴᠣᠯᠮᠣᠨ  ᠮᠡᠳᠡᠭᠡᠯᠡᠪᠡ                                                  ᠥᠪᠡᠷᠲᠡᠭᠡᠨ ᠵᠠᠰᠠᠬᠤ ᠣᠷᠣᠨ ᠤ ᠡᠷᠡᠭᠦᠯᠵᠢᠯ ᠤᠨ ᠲᠤᠰᠠᠯᠠᠬᠤ ᠪᠠᠭᠠᠵᠢ ᠶᠢᠨ ᠲᠥᠪ ᠤᠨ 2023 ᠣᠨ ᠤ ︽ᠡᠷᠡᠭᠦᠯᠵᠢᠬᠦ ᠳᠤ ᠲᠤᠰᠠᠯᠠᠬᠤ ᠢᠨᠵᠧᠨᠧᠷᠢᠩ︾ ᠤᠨ ᠤᠯᠠᠭᠠᠨᠴᠠᠪ ᠬᠤᠲᠠ ᠳᠤ ᠬᠢ ᠰᠢᠭᠰᠢᠨ ᠪᠠᠶᠢᠴᠠᠭᠠᠬᠤ ᠠᠵᠢᠯᠯᠠᠭᠠᠨ ᠤ ᠲᠠᠯᠠᠪᠦᠷ ᠲᠤ᠂ ᠬᠡᠳᠦᠨ ᠨᠠᠰᠤᠲᠠᠢ ᠡᠵᠢ ᠵᠡᠮᠳᠡᠭ ᠥᠬᠢᠨ ᠢᠶᠠᠨ ᠬᠠᠷᠠᠭᠠᠯᠵᠠᠵᠦ ᠪᠠᠶᠢᠭ᠎ᠠ ᠦᠵᠡᠭᠳᠡᠯ  ᠨᠢ ᠬᠦᠮᠦᠰ ᠤᠨ ᠠᠩᠬᠠᠷᠤᠯ ᠢ ᠳᠠᠲᠠᠨ᠎ᠠ᠃ ᠲᠡᠳᠡ ᠲᠤᠷᠠᠩᠬᠠᠢ ᠪᠡᠶ᠎ᠡ ᠲᠠᠢ᠂ ᠪᠣᠭᠤᠷᠣᠯ ᠦᠰᠦ ᠲᠠᠢ ᠪᠣᠯᠣᠭᠰᠠᠨ ᠪᠣᠯᠪᠠᠴᠦ ᠲᠠᠪᠢ ᠶᠢᠨ ᠳᠠᠪᠠᠭ᠎ᠠ ᠶᠢ ᠳᠠᠪᠠᠭᠰᠠᠨ ᠥᠬᠢᠨ ᠤ ᠪᠠᠨ ᠡᠮᠦᠨ᠎ᠡ ᠠᠴᠠ ᠰᠡᠳᠬᠢᠯ ᠵᠣᠪᠠᠨ ᠵᠦᠳᠡᠷᠡᠭᠰᠡᠭᠡᠷ ᠪᠠᠶᠢᠵᠦ᠂ ᠥᠬᠢᠨ ᠳᠤ ᠪᠠᠨ ᠲᠦᠰᠢᠭ ᠲᠤᠯᠭᠠᠭᠤᠷᠢ ᠪᠣᠯᠵᠦ ᠶᠠᠪᠤᠨ᠎ᠠ᠃   ᠶᠠᠩ ᠰᠢ ᠮᠸᠢ ᠪᠣᠯ ᠲᠡᠳᠡᠭᠡᠷ ᠬᠦᠮᠦᠰ ᠤᠨ ᠲᠣᠳᠣᠷᠠᠬᠢ ᠨᠢᠭᠡ ᠨᠢ ᠪᠠᠶᠢᠭ᠎ᠠ ᠶᠤᠮ᠃ ᠲᠡᠷᠡ ᠡᠵᠢ ᠪᠣᠯᠣᠨ ᠲᠡᠭᠦᠦ ᠶᠢᠨ ᠢᠶᠠᠨ ᠪᠠᠷ᠎ᠠ ᠪᠣᠯᠣᠯᠭ᠎ᠠ  ᠪᠠᠷ ᠠᠬᠤᠢ ᠲᠠᠯᠠᠪᠠᠢ  ᠳᠤ ᠢᠷᠡᠯ᠎ᠡ᠃ ᠲᠠᠪᠢᠨ ᠲᠠᠪᠤᠨ ᠨᠠᠰᠤᠲᠠᠢ ᠶᠠᠩ ᠰᠢ ᠮᠸᠢ ᠪᠣᠯ ᠯᠢᠶᠠᠩᠴᠧᠩ ᠰᠢᠶᠠᠨ ᠤ ᠬᠤᠩ ᠮᠣᠣ ᠪᠠᠯᠭᠠᠰᠤ ᠶᠢᠨ ᠬᠦᠮᠦᠨ ᠶᠤᠮ᠃ 2022 ᠣᠨ ᠳᠤ ᠭᠤᠷᠪᠠᠨ ᠬᠦᠷᠳᠦᠲᠦ ᠮᠠᠰᠢᠨ ᠢᠶᠠᠨ ᠵᠢᠯᠣᠭᠤᠳᠴᠦ ᠶᠠᠪᠤᠵᠦ ᠪᠠᠶᠢᠬᠤ ᠳᠤ ᠪᠠᠨ ᠵᠢᠷᠦᠬᠡᠨ ᠤ ᠡᠪᠡᠳᠴᠢᠨ ᠨᠢ ᠬᠥᠳᠡᠯᠵᠦ ᠮᠡᠳᠡᠷᠡᠯ  ᠠᠯᠳᠠᠨ ᠲᠡᠷᠭᠡᠨ ᠠᠳᠡᠯ ᠭᠠᠷᠤᠭᠰᠠᠨ ᠤᠴᠢᠷ ᠠᠴᠠ ᠬᠥᠬᠡᠬᠤᠲᠠ ᠳᠤ ᠪᠠᠷᠠᠭᠤᠨ ᠬᠥᠯ ᠢᠶᠠᠨ ᠮᠡᠰᠡ ᠵᠠᠰᠠᠯ ᠬᠢᠵᠦ  ᠳᠠᠭᠠᠷᠢᠭᠤᠯᠵᠠᠢ᠂ ᠪᠠᠷᠠᠭᠤᠨ ᠭᠠᠷ ᠨᠢ ᠡᠳᠦᠢ  ᠬᠦᠷᠲᠡᠯ᠎ᠡ ᠬᠦᠴᠦ ᠲᠠᠮᠢᠷ ᠦᠭᠡᠢ᠂ ᠬᠥᠳᠡᠯᠮᠦᠷᠢᠯᠡᠬᠦ ᠴᠢᠳᠠᠪᠦᠷᠢ ᠪᠠᠨ ᠪᠠᠷᠤᠭ ᠠᠯᠳᠠᠭᠰᠠᠨ ᠪᠠᠶᠢᠨ᠎ᠠ᠃ ᠶᠠᠩ ᠰᠢ ᠮᠸᠢ ᠶᠢᠨ ᠬᠡᠯᠡᠬᠦ ᠪᠠᠷ᠂ ᠲᠡᠷᠡ ᠬᠦ ᠤᠳᠠᠭ᠎ᠠ ᠶᠢᠨ ᠮᠡᠰᠡ ᠵᠠᠰᠠᠯ ᠬᠢᠵᠦ ᠡᠮᠨᠡᠯᠭᠡ ᠳᠤ ᠰᠠᠭᠤᠭᠰᠠᠨ ᠨᠢ 34 ᠲᠦᠮᠡᠨ ᠲᠦᠭᠦᠷᠢᠭ ᠵᠠᠷᠤᠴᠠᠭᠤᠯᠵᠦ᠂ ᠲᠤᠬᠠᠢ ᠶᠢᠨ ᠦᠶ᠎ᠡ ᠳᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠨᠦᠬᠦᠪᠦᠷᠢ  ᠬᠦᠷᠲᠡᠭᠡ ᠦᠭᠡᠢ ᠤᠴᠢᠷ ᠠᠴᠠ 16  ᠲᠦᠮᠡᠨ ᠲᠦᠭᠦᠷᠢᠭ ᠢ ᠨᠢ ᠳᠠᠩᠰᠠᠨ ᠠᠴᠠ ᠲᠠᠶᠢᠯᠵᠦ ᠳᠡᠶᠢᠯᠵᠠᠢ᠂ ᠣᠳᠣ ᠲᠡᠳᠡᠨ ᠤ ᠬᠢᠨ ᠪᠠᠩᠬᠢ ᠳᠤ ᠠᠷᠪᠠᠨ ᠬᠡᠳᠦᠨ ᠲᠦᠮᠡᠨ ᠲᠦᠭᠦᠷᠢᠭ ᠤᠨ  ᠥᠷᠢ ᠲᠠᠢ᠃ ᠶᠠᠩ ᠰᠢ ᠮᠸᠢ ᠶᠢᠨ ᠨᠦᠬᠦᠷ ᠨᠢ ᠳᠠᠷᠢᠬᠢᠨ ᠤ ᠴᠢᠰᠦᠨ ᠤ ᠬᠠᠩᠭᠠᠯᠲᠠ ᠨᠢ  ᠬᠦᠷᠦᠯᠴᠡᠬᠦ ᠦᠭᠡᠢ᠂ ᠵᠢᠷᠦᠬᠡᠨ ᠪᠣᠯᠴᠢᠩ ᠨᠢ ᠴᠢᠰᠦ ᠳᠤᠲᠠᠭᠳᠠᠬᠤ ᠵᠡᠷᠭᠡ ᠡᠪᠡᠳᠴᠢᠨ ᠲᠠᠢ ᠠᠴᠠ ᠪᠣᠯᠵᠦ ᠠᠵᠢᠯᠯᠠᠵᠦ ᠳᠡᠶᠢᠯᠬᠦ ᠦᠭᠡᠢ ᠪᠣᠯᠬᠤᠷ ᠶᠠᠩ ᠰᠢ ᠮᠸᠢ ᠡᠷ᠎ᠡ ᠡᠮ᠎ᠡ ᠬᠤᠶᠠᠷ ᠢᠶᠠᠨ ᠰᠠᠷ᠎ᠠ ᠪᠦᠷᠢ ᠶᠢᠨ 900 ᠲᠦᠭᠦᠷᠢᠭ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠨᠦᠬᠦᠪᠦᠷᠢ ᠪᠣᠯᠣᠨ ᠵᠠᠭᠤᠨ ᠲᠦᠭᠦᠷᠢᠭ ᠤᠨ ᠵᠡᠮᠳᠡᠭᠴᠦᠳ ᠤᠨ ᠨᠦᠬᠦᠪᠦᠷᠢ ᠪᠠᠷ ᠠᠮᠢᠳᠤᠷᠠᠯ ᠢᠶᠠᠨ ᠠᠷᠭᠠᠴᠠᠭᠠᠵᠦ ᠪᠤᠢ᠃   ︽ᠠᠷᠪᠠᠨ ᠬᠡᠳᠦᠨ ᠵᠢᠯ ᠤᠨ ᠡᠮᠦᠨ᠎ᠡ ᠨᠠᠮ᠎ᠠ ᠶᠢ ᠵᠢᠷᠦᠬᠡᠨ ᠤ ᠡᠪᠡᠳᠴᠢᠨ ᠲᠠᠢ ᠭᠡᠵᠦ ᠣᠨᠣᠰᠢᠯᠠᠭᠰᠠᠨ᠂ ᠭᠡᠪᠡᠴᠦ ᠵᠣᠭᠤᠰ ᠮᠦᠩᠬᠦ ᠬᠦᠷᠦᠯᠴᠡᠬᠦ ᠦᠭᠡᠢ ᠤᠴᠢᠷ ᠠᠴᠠ ᠬᠤᠶᠢᠰᠢᠯᠠᠭᠤᠯᠤᠭᠰᠠᠭᠠᠷ ᠪᠠᠶᠢᠵᠦ ᠨᠢᠳᠦᠨᠤᠨ ᠵᠢᠯ ᠲᠡᠷᠭᠡᠨ ᠠᠳᠡᠯ ᠭᠠᠷᠭᠠᠭᠰᠠᠨ᠂ ᠠᠳᠡᠯ ᠭᠠᠷᠬᠤ ᠠᠴᠠ ᠡᠮᠦᠨ᠎ᠡ ᠪᠢᠳᠡᠨ ᠤ ᠬᠢ ᠲᠠᠷᠢᠶ᠎ᠠ ᠲᠠᠷᠢᠭᠰᠠᠨ ᠵᠢᠯ ᠤᠨ ᠣᠷᠣᠯᠭ᠎ᠠ ᠳᠦᠩᠭᠡᠵᠦ ᠬᠤᠶᠠᠷ ᠭᠤᠷᠪᠠᠨ ᠲᠦᠮᠡ ᠳᠤ ᠬᠦᠷᠴᠦ ᠪᠠᠶᠢᠭᠰᠠᠨ᠃ ᠬᠦᠦ ᠮᠢᠨᠢ ᠬᠥᠬᠡᠬᠤᠲᠠ ᠳᠤ ᠬᠦᠴᠦᠨ ᠤ ᠠᠵᠢᠯ ᠬᠢᠵᠦ᠂ ᠪᠢᠳᠡᠨ ᠳᠤ ᠵᠢᠭᠠᠬᠠᠨ ᠴᠦ ᠬᠠᠪᠰᠤᠷᠤᠯᠭ᠎ᠠ ᠦᠵᠡᠭᠦᠯᠵᠦ ᠳᠡᠶᠢᠯᠬᠦ ᠦᠭᠡᠢ᠂ ᠭᠠᠭᠴᠠ ᠬᠥᠯ ᠲᠠᠢ ᠪᠣᠯᠣᠭᠰᠠᠨ ᠠᠴᠠ ᠰᠡᠭᠦᠯᠡᠷ ᠬᠢᠮᠡᠯ ᠮᠥᠴᠢ ᠲᠠᠭᠠᠷᠠᠭᠤᠯᠬᠤ ᠲᠡᠩᠬᠡᠭᠡ ᠪᠠᠶᠢᠬᠤ ᠦᠭᠡᠢ ᠤᠴᠢᠷ ᠠᠴᠠ ᠨᠠᠰᠤᠲᠠᠢ ᠡᠵᠢ ᠮᠢᠨᠢ ᠮᠢᠨᠦ ᠶᠠᠪᠤᠵᠦ ᠰᠠᠭᠤᠬᠤ ᠳᠤ ᠲᠤᠰᠠ ᠪᠣᠯᠣᠭᠰᠠᠭᠠᠷ ᠢᠷᠡᠭᠰᠡᠨ ᠶᠤᠮ᠂ ᠡᠨᠡ ᠤᠳᠠᠭ᠎ᠠ ᠲᠥᠯᠥᠪᠦᠷᠢ ᠦᠭᠡᠢ ᠪᠠᠷ ᠬᠢᠮᠡᠯ ᠮᠥᠴᠢ ᠲᠠᠭᠠᠷᠠᠭᠤᠯᠤᠭᠠᠳ ᠳᠡᠶᠢᠯᠴᠢᠬᠡᠪᠡᠯ ᠨᠠᠳᠠ ᠳᠤ ᠲᠦᠢᠯ ᠤᠨ ᠶᠡᠭᠡ ᠲᠤᠰᠠ ᠪᠣᠯᠣᠨ᠎ᠠ ᠳ᠋ᠠ᠃ ᠨᠠᠮ ᠪᠠ ᠵᠠᠰᠠᠭ ᠤᠨ ᠣᠷᠳᠣᠨ ᠠᠴᠠ ᠪᠢᠳᠡ ᠰᠢᠭ ᠬᠦᠴᠢᠷᠳᠡᠯᠳᠠᠢ ᠵᠡᠮᠳᠡᠭᠴᠦᠳ ᠢ ᠡᠶᠢᠨ ᠬᠦ ᠬᠠᠯᠠᠮᠵᠢᠯᠠᠵᠦ ᠪᠠᠶᠢᠬᠤ ᠳᠤ ᠲᠠᠯᠠᠷᠬᠠᠵᠦ ᠪᠠᠶᠢᠨ᠎ᠠ᠂ ᠥᠪᠡᠷᠲᠡᠭᠡᠨ ᠵᠠᠰᠠᠬᠤ ᠣᠷᠣᠨ ᠤ ᠡᠷᠡᠭᠦᠯᠵᠢᠯ ᠤᠨ ᠲᠤᠰᠠᠯᠠᠬᠤ ᠪᠠᠭᠠᠵᠢ ᠶᠢᠨ ᠲᠥᠪ ᠤᠨ ᠬᠢᠨ ᠡᠶᠢᠮᠦᠷᠬᠦᠦ ᠰᠠᠨᠠᠭᠠᠨ ᠳᠤ ᠲᠠᠭᠠᠷᠠᠭᠰᠠᠨ ᠦᠢᠯᠡᠴᠢᠯᠡᠭᠡ ᠬᠠᠩᠭᠠᠵᠦ ᠪᠠᠶᠢᠬᠤ ᠳᠤ ᠲᠠᠯᠠᠷᠬᠠᠵᠦ ᠪᠠᠶᠢᠨ᠎ᠠ︾ ᠭᠡᠵᠦ ᠶᠠᠩ ᠰᠢ ᠮᠸᠢ ᠨᠢᠯᠪᠦᠰᠦ ᠪᠦᠮᠪᠦᠷᠢᠭᠦᠯᠦᠨ ᠬᠡᠯᠡᠨ᠎ᠡ᠃    ᠮᠥᠴᠢ ᠵᠡᠮᠳᠡᠭ ᠪᠣᠯᠬᠤ ᠨᠢ ᠠᠮᠢᠳᠤᠷᠠᠯ ᠤᠨ ᠲᠠᠯ᠎ᠠ ᠳᠤ ᠨᠥᠯᠦᠭᠡ ᠦᠵᠡᠭᠦᠯᠬᠦ ᠠᠴᠠ ᠭᠠᠳᠠᠨ᠎ᠠ᠂ ᠬᠥᠳᠡᠯᠮᠦᠷᠢᠯᠡᠬᠦ ᠴᠢᠳᠠᠪᠦᠷᠢ ᠶᠢ ᠪᠠᠭᠤᠷᠠᠭᠤᠯᠵᠦ᠂ ᠠᠵᠢᠯᠯᠠᠬᠤ ᠵᠠᠪᠰᠢᠶᠠᠨ ᠢ ᠪᠠᠭᠠᠰᠬᠠᠬᠤ ᠤᠴᠢᠷ ᠠᠴᠠ ᠶᠡᠭᠡ ᠣᠯᠠᠨ ᠵᠡᠮᠳᠡᠭ ᠬᠦᠮᠦᠰ ᠢ ᠨᠡᠶᠢᠭᠡᠮ  ᠳᠤ ᠬᠢ ᠪᠠᠭᠤᠷᠠᠢ ᠬᠠᠮᠲᠤ ᠴᠣᠭᠴᠠ ᠪᠣᠯᠭᠠᠳᠠᠭ᠃ ᠠᠮᠢᠳᠤᠷᠠᠯ ᠨᠢ ᠬᠦᠴᠢᠷᠳᠡᠯᠲᠠᠢ ᠵᠡᠮᠳᠡᠭᠴᠦᠳ ᠲᠤ ᠬᠠᠨᠲᠤᠭᠤᠯᠤᠭᠰᠠᠨ ︽ᠡᠷᠡᠭᠦᠯᠵᠢᠬᠦ ᠳᠤ ᠲᠤᠰᠠᠯᠠᠬᠤ ᠢᠨᠵᠧᠨᠧᠷᠢᠩ︾ ᠨᠢ ᠠᠷᠠᠳ ᠲᠤ ᠠᠰᠢᠭ ᠬᠦᠷᠳᠡᠭᠡᠬᠦ ᠲᠥᠷᠥᠯ ᠵᠦᠢᠯ ᠪᠣᠯᠣᠭᠰᠠᠨ ᠤ ᠬᠤᠪᠢ ᠳᠤ 2013 ᠣᠨ ᠠᠴᠠ ᠡᠬᠢᠯᠡᠨ ᠤᠯᠠᠮ ᠠᠴᠠ ᠤᠯᠠᠮ ᠬᠦᠴᠢᠷᠳᠡᠯᠲᠠᠢ ᠵᠡᠮᠳᠡᠭᠴᠦᠳ ᠲᠤ ᠲᠤᠰᠠ  ᠬᠢᠵᠦ᠂ ᠵᠡᠮᠳᠡᠭᠴᠦᠳ ᠢ ᠬᠠᠪᠰᠤᠷᠤᠨ ᠳᠡᠮᠵᠢᠵᠦ᠂ ᠬᠠᠶᠢᠷ᠎ᠠ ᠪᠠᠷ ᠰᠡᠳᠬᠢᠯ ᠢ ᠨᠢ ᠳᠤᠯᠠᠭᠠᠯᠠᠵᠦ ᠵᠡᠮᠳᠡᠭᠴᠦᠳ ᠤᠨ ᠰᠠᠶᠢᠨ ᠰᠠᠶᠢᠬᠠᠨ ᠠᠮᠢᠳᠤᠷᠠᠯ ᠢ ᠬᠥᠭᠡᠭᠡᠴᠡᠯᠳᠦᠬᠦ ᠬᠦᠰᠡᠯ ᠢ ᠨᠢ  ᠪᠡᠶᠡᠯᠡᠭᠦᠯᠦᠭᠰᠡᠭᠡᠷ ᠢᠷᠡᠵᠡᠢ᠃                     ᠮᠡᠳᠡᠭᠡᠯᠡᠭᠴᠢ ᠶᠢᠨ ᠬᠠᠶ᠋ᠢᠭ᠄ ᠬᠥᠬᠡᠬᠤᠲᠠ ᠶᠢᠨ ᠰᠠᠶᠢᠬᠠᠨ ᠲᠤᠭᠤᠷᠢᠭ 
 
ᠢᠷᠡᠯᠲᠡ᠄ ᠦᠪᠤᠷ ᠮᠤᠩᠭᠤᠯ ᠤᠨ ︽ᠨᠡᠶᠢᠬᠡᠮᠮ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号