ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ ᠪᠠᠳᠤ ᠰᠢᠯᠢ ᠶᠢᠨ ᠭᠤᠣᠯ ᠠᠶᠢᠮᠠᠭ᠂ ᠣᠷᠳᠣᠰ ᠬᠤᠳᠠ᠂ ᠦᠬᠠᠢ ᠬᠤᠳᠠ ᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/5/25
                                                ᠸᠠᠩ ᠲᠢᠶᠠᠨ ᠵᠢᠶᠦ᠋ᠨ ᠮᠡᠳᠡᠬᠡᠯᠡᠪᠡ                                                ᠰᠡᠴᠡᠨ ᠤᠷᠴᠢᠭᠤᠯᠪᠠ    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ ᠪᠠᠳᠤ 4 ᠳ᠋ᠤᠬᠡᠷ ᠰᠠᠷ᠎ᠠ ᠶᠢᠨ 20 ᠠᠴᠠ 25 ᠤ ᠡᠳᠦᠷ ᠪᠣᠯᠲᠠᠯ᠎ᠠ ᠰᠢᠯᠢ ᠶᠢᠨ ᠭᠤᠣᠯ ᠠᠶᠢᠮᠠᠭ᠂ ᠣᠷᠳᠣᠰ ᠬᠤᠲᠠ᠂ ᠦᠬᠠᠢ ᠬᠤᠲᠠ ᠶᠢᠨ 10 ᠬᠤᠰᠢᠭᠤ ᠬᠤᠲᠠ ᠲᠣᠭᠤᠷᠢᠭ ᠲᠤ ᠭᠦᠨᠵᠡᠭᠡᠶᠢᠷᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠠᠵᠢᠯ ᠢ ᠪᠠᠶᠢᠴᠠᠭᠠᠨ  ᠰᠤᠳᠤᠯᠪᠠ᠃    ᠰᠢᠯᠢ ᠶᠢᠨ ᠭᠤᠣᠯ ᠠᠶᠢᠮᠠᠭ ᠤᠨ ᠰᠥᠨᠢᠳ ᠪᠠᠷᠠᠭᠤᠨ ᠬᠤᠰᠢᠭᠤᠨ ᠤ ᠵᠢᠷᠭᠠᠯ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ᠂ ᠰᠥᠨᠢᠳ ᠵᠡᠭᠦᠨ ᠬᠤᠰᠢᠭᠤᠨ ᠤ ᠰᠢᠨ᠎ᠡ ᠪᠠᠷ ᠪᠠᠶᠢᠭᠤᠯᠤᠭᠰᠠᠨ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠠᠪᠠᠭ᠎ᠠ ᠬᠤᠰᠢᠭᠤᠨ ᠤ ᠬᠠᠯᠠᠮᠵᠢ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ᠂ ᠰᠢᠯᠢᠩᠬᠤᠲᠠ ᠶᠢᠨ ᠰᠢᠨ᠎ᠡ ᠲᠣᠭᠤᠷᠢᠭ ᠤᠨ ᠰᠤᠪᠢᠯᠠᠯᠲᠠ ᠶᠢᠨ ᠬᠦᠷᠢᠶᠡᠯᠡᠩ᠂ ᠢ ᠾᠧ ᠶᠤᠸᠠᠨ ᠤᠯᠠᠨ ᠤᠯᠤᠰ ᠤᠨ ᠨᠠᠰᠤᠵᠢᠯ ᠤᠨ ᠠᠰᠠᠷᠠᠮᠵᠢ ᠶᠢᠨ ᠲᠥᠪ ᠵᠡᠷᠭᠡ ᠭᠠᠵᠠᠷ ᠲᠤ ᠳᠡᠳ᠋ ᠲᠡᠷᠢᠭᠦᠯᠡᠭᠴᠢ ᠴᠢ ᠪᠠᠲᠤ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠭᠪᠤᠷ᠂ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠡᠵᠡᠩᠨᠡᠯᠲᠡ ᠶᠢᠨ ᠪᠠᠶᠢᠳᠠᠯ᠂ ᠡᠳᠦᠷ ᠲᠤᠳᠤᠮ ᠤᠨ ᠦᠢᠯᠡᠴᠢᠯᠡᠭᠡᠨ ᠤ ᠬᠠᠮᠢᠶᠠᠷᠤᠯᠲᠠ ᠪᠠ ᠬᠤᠯᠪᠣᠭᠳᠠᠯ ᠪᠦᠬᠦᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠢᠮᠪᠠᠢ ᠠᠰᠠᠭᠤᠨ ᠣᠶᠢᠯᠠᠭᠠᠵᠤ᠂  ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠮᠢᠶᠠᠷᠤᠯᠲᠠ᠂ ᠨᠠᠰᠤᠵᠢᠯᠲᠠ ᠶᠢᠨ ᠥᠭᠡᠷᠡᠴᠢᠯᠡᠯᠲᠡ ᠶᠢᠨ ᠬᠡᠷᠡᠭᠯᠡᠯᠲᠡ ᠵᠡᠷᠭᠡ ᠠᠵᠢᠯ ᠢ ᠲᠣᠭᠤᠷᠢᠨ ᠦᠵᠡᠪᠡ᠃    ᠣᠷᠳᠣᠰ ᠬᠤᠲᠠ ᠶᠢᠨ ᠵᠡᠭᠦᠨᠭᠠᠷ ᠬᠤᠰᠢᠭᠤᠨ ᠤ ᠨᠥᠬᠦᠷᠯᠡᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ  ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠯᠠᠨ ᠲᠢᠶᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠢᠶᠧ ᠪᠧᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ᠂ ᠳ᠋ᠦᠩᠱᠧᠩ ᠲᠣᠭᠤᠷᠢᠭ ᠤᠨ ᠵᠦᠡᠭ ᠬᠤᠸ᠋ᠨ ᠴᠢᠩ ᠡᠮᠴᠢᠯᠡᠭᠡ ᠰᠤᠪᠢᠯᠠᠯᠲᠠ ᠶᠢᠨ ᠬᠦᠷᠢᠶᠡᠯᠡᠩ᠂ ᠣᠲᠤᠭ ᠬᠤᠰᠢᠭᠤᠨ ᠤ ᠦᠮᠡᠬᠡᠶᠢᠨᠠᠭᠤᠷ  ᠪᠠᠯᠭᠠᠰᠤ ᠶᠢᠨ ᠯᠦᠩ ᠴᠧᠩ ᠨᠡᠶᠢᠭᠡᠮ ᠲᠣᠭᠤᠷᠢᠭ᠂ ᠤᠯᠠᠭᠠᠨ ᠪᠠᠯᠭᠠᠰᠤ ᠶᠢᠨ ᠵᠧᠩ ᠾᠧ ᠶᠤᠸᠠᠨ ᠨᠡᠶᠢᠭᠡᠮ ᠲᠣᠭᠤᠷᠢᠭ ᠤᠨ ᠭᠡᠷ ᠲᠤ ᠨᠢ ᠬᠦᠷᠴᠤ ᠠᠰᠠᠷᠠᠬᠤ ᠨᠡᠶᠢᠬᠡᠮ ᠲᠤᠭᠤᠷᠢᠭ ᠤᠨ ᠦᠢᠯᠡᠴᠢᠯᠡᠭᠡᠨ ᠤ ᠥᠷᠲᠡᠭᠡ ᠵᠡᠷᠭᠡ ᠭᠠᠵᠠᠷ ᠲᠤ ᠳᠡᠳ᠋ ᠲᠡᠷᠢᠭᠦᠯᠡᠭᠴᠢ ᠴᠢ ᠪᠠᠳᠤ ᠨᠠᠰᠤᠲᠠᠶᠢᠴᠤᠳ ᠤᠨ ᠬᠤᠭᠤᠯᠠᠨ ᠭᠡᠷ ᠤᠨ ᠡᠵᠡᠩᠨᠡᠯᠲᠡ ᠂ ︽ᠨᠢᠭᠡ ᠮᠥᠴᠡ ᠲᠤᠳᠤᠷᠠᠬᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠤᠷᠢᠭ︾ ᠢ ᠪᠠᠶᠢᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠵᠡᠩᠨᠡᠯᠲᠡ ᠬᠠᠮᠢᠶᠠᠷᠤᠯᠲᠠ᠂ ᠡᠮᠴᠢᠯᠡᠭᠡ ᠰᠤᠪᠢᠯᠠᠯᠲᠠ ᠶᠢ ᠠᠭᠤᠰᠤᠯᠴᠠᠭᠤᠯᠤᠨ ᠬᠥᠭᠵᠢᠭᠦᠯᠬᠦ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠥᠷᠨᠢᠭᠦᠯᠵᠦ ᠪᠠᠶᠢᠭ᠎ᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤ  ᠨᠢ ᠪᠠᠶᠢᠴᠠᠭᠠᠨ ᠰᠤᠳᠤᠯᠪᠠ᠃    ᠦᠬᠠᠢ ᠬᠤᠲᠠ ᠶᠢᠨ ᠬᠠᠶᠢᠨᠠᠨ ᠲᠣᠭᠤᠷᠢᠭ ᠤᠨ ᠰᠢᠨ ᠴᠢᠶᠣᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ᠂ ᠷᠠᠰᠠᠩ ᠵᠦᠡᠭ  ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠦᠬᠠᠢ ᠬᠤᠲᠠ ᠶᠢᠨ ᠣᠶᠤᠨᠲᠤ ᠨᠠᠰᠤᠵᠢᠯ ᠤᠨ ᠠᠰᠠᠷᠠᠮᠵᠢ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠪ᠂ ᠬᠠᠶᠢᠷᠤᠪ ᠤᠨ ᠲᠣᠬᠤᠢ ᠲᠣᠭᠤᠷᠢᠭ ᠤᠨ ᠬᠠᠶᠢᠪᠸᠢ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠱᠢ ᠴᠧᠩ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ᠂ ᠢ ᠾᠧ ᠬᠡᠷ ᠲᠤ ᠨᠢ ᠬᠦᠷᠴᠤ ᠠᠰᠠᠷᠠᠬᠤ ᠨᠠᠰᠤᠵᠢᠯ ᠤᠨ ᠠᠰᠠᠷᠠᠮᠵᠢ ᠶᠢᠨ ᠲᠦᠪ ᠲᠤ ᠳᠡᠳ᠋ ᠲᠡᠷᠢᠭᠦᠯᠡᠭᠴᠢ ᠴᠢ ᠪᠠᠳᠤ ᠬᠡᠷ ᠲᠤ ᠨᠢ ᠬᠦᠷᠴᠤ ᠠᠰᠠᠷᠠᠬᠤ ᠨᠡᠶᠢᠬᠡᠮ ᠲᠤᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢᠨ ᠡᠵᠡᠩᠨᠡᠯᠲᠡ ᠪᠠ ᠨᠠᠰᠤᠲᠠᠶᠢᠴᠤᠳ ᠤᠨ ᠬᠤᠭᠤᠯᠠᠨ ᠭᠡᠷ ᠤᠨ ᠬᠤᠭᠤᠯᠠ ᠤᠮᠳᠠ ᠳᠤ ᠲᠤᠰᠠᠯᠠᠬᠤ ᠦᠢᠯᠡᠴᠢᠯᠡᠭᠡ ᠶᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠣᠶᠤᠨᠲᠤ ᠨᠠᠰᠤᠵᠢᠯ ᠤᠨ ᠠᠰᠠᠷᠠᠮᠵᠢ ᠶᠢᠨ ᠲᠠᠪᠴᠠᠩ ᠤᠨ ᠠᠵᠢᠯᠯᠠᠭᠠᠨ ᠪᠠ ᠵᠢᠯᠣᠭᠤᠳᠤᠨ ᠲᠣᠬᠢᠷᠠᠭᠤᠯᠬᠤ ᠠᠵᠢᠯ ᠤᠨ ᠪᠠᠶᠢᠳᠠᠯ ᠢ  ᠲᠤᠭᠤᠷᠢᠨ ᠦᠵᠡᠵᠦ᠂ ᠣᠨᠴᠠᠭᠠᠶ ᠬᠦᠴᠢᠷᠳᠡᠯᠲᠡᠢ ᠨᠠᠰᠤᠲᠠᠶᠢᠴᠤᠳ ᠤᠨ ᠭᠡᠷ ᠲᠤ ᠭᠦᠨᠵᠡᠭᠡᠶᠢᠷᠡᠨ ᠨᠠᠰᠤᠲᠠᠶᠢᠴᠤᠳ ᠲᠤ ᠲᠣᠬᠢᠷᠠᠬᠤ ᠥᠭᠡᠷᠡᠴᠢᠯᠡᠯᠲᠡ ᠶᠢᠨ ᠪᠠᠶᠢᠳᠠᠯ ᠢ ᠪᠠᠶᠢᠴᠠᠭᠠᠨ ᠦᠵᠡᠪᠡ᠃    ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ ᠲᠡᠳ᠋ ᠲᠡᠷᠢᠬᠦᠯᠡᠭᠴᠢ ᠴᠢ ᠪᠠᠲᠤ ᠶᠠᠷᠢᠯᠴᠠᠬᠤ ᠬᠤᠷᠠᠯ ᠬᠤᠷᠠᠯᠳᠤᠭᠤᠯᠬᠤ ᠪᠠ ᠲᠤᠬᠠᠢ ᠶᠢᠨ ᠲᠠᠯᠠᠪᠤᠷ ᠲᠤ ᠶᠠᠷᠢᠯᠴᠠᠨ ᠰᠣᠯᠢᠯᠴᠠᠬᠤ ᠵᠡᠷᠭᠡ ᠠᠷᠭ᠋ ᠪᠠᠷ ᠲᠤᠬᠠᠢ ᠶᠢᠨ ᠭᠠᠵᠠᠷ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠦᠨᠳᠦᠰᠦᠨ ᠱᠠᠲᠤᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠵᠢᠭᠠᠨ ᠵᠢᠯᠤᠭᠤᠳᠤᠬᠰᠠᠨ ᠪᠠᠶᠢᠨ᠎ᠠ᠃ ᠴᠢ ᠪᠠᠳᠤ ᠶᠠᠷᠢᠭᠰᠠᠨ ᠨᠢ᠂ ᠡᠯ᠎ᠡ ᠭᠠᠵᠠᠷ ᠤᠨ ᠬᠢᠨ ᠭᠠᠵᠠᠷ ᠣᠷᠣᠨ ᠤ ᠪᠤᠳᠠᠳᠠᠢ ᠳᠤ ᠰᠠᠭᠤᠷᠢᠯᠠᠵᠤ᠂ ᠦᠢᠯᠡᠴᠢᠯᠡᠭᠡᠨ ᠤ ᠲᠠᠪᠴᠠᠩ ᠪᠣᠯᠣᠨ ᠬᠥᠭᠦᠷᠭᠡ ᠶᠢ ᠴᠢᠷᠮᠠᠶᠢᠨ ᠪᠠᠶᠢᠭᠤᠯᠵᠤ ᠂ ᠨᠠᠰᠤᠵᠢᠯ ᠤᠨ ᠦᠢᠯᠡᠴᠢᠯᠡᠭᠡᠨ ᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠬᠦᠴᠦᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠨᠠᠰᠤᠵᠢᠯ ᠤᠨ ᠦᠢᠯᠡᠴᠢᠯᠡᠭᠡᠨ ᠤ ᠦᠢᠯᠡᠰ ᠲᠤ ᠣᠷᠣᠯᠴᠠᠭᠤᠯᠵᠤ᠂ ᠨᠠᠰᠤᠵᠢᠯ ᠤᠨ ᠦᠢᠯᠡᠴᠢᠯᠡᠭᠡᠨ ᠤ ᠴᠢᠳᠠᠪᠬᠢ ᠶᠢ ᠳᠠᠰᠤᠷᠠᠯᠳᠠ ᠦᠭᠡᠢ ᠥᠷᠭᠡᠳᠬᠡᠨ᠂ ᠨᠠᠰᠤᠵᠢᠯ ᠤᠨ ᠦᠢᠯᠡᠴᠢᠯᠡᠭᠡᠨ ᠤ ᠪᠦᠷᠬᠦᠴᠡ ᠶᠢ ᠳᠡᠭᠡᠭᠰᠢᠯᠡᠭᠦᠯᠬᠦ ᠬᠡᠷᠡᠭᠲᠡᠢ᠃ ᠰᠠᠭᠤᠷᠢ ᠶᠢ ᠪᠠᠲᠤᠳᠬᠠᠬᠤ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠠᠵᠤ ᠦᠢᠯᠡᠰ ᠢ ᠪᠣᠶᠢᠵᠢᠭᠤᠯᠬᠤ ᠯᠤᠭ᠎ᠠ ᠤᠶᠠᠯᠳᠤᠭᠤᠯᠵᠤ᠂ ᠨᠠᠰᠤᠵᠢᠯ ᠤᠨ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠪᠦᠷᠢᠨ ᠲᠡᠭᠦᠯᠳᠡᠷ᠂ ᠲᠠᠭᠠᠭᠠᠮᠠᠭᠠᠢ ᠬᠥᠭᠵᠢᠯᠲᠡ ᠶᠢᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠯᠳᠦᠭᠦᠯᠬᠦ ᠬᠡᠷᠡᠭᠲᠡᠢ᠃     ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠰᠢᠯᠢ ᠶᠢᠨ ᠭᠤᠣᠯ ᠠᠶᠢᠮᠠᠭ᠂ ᠣᠷᠳᠣᠰ ᠬᠤᠲᠠ᠂ ᠦᠬᠠᠢ ᠬᠤᠲᠠ ᠶᠢᠨ ᠬᠤᠯᠪᠣᠭᠳᠠᠯ ᠪᠦᠬᠦᠢ ᠨᠥᠬᠦᠳ ᠬᠠᠮᠳᠤ ᠪᠠᠶᠢᠴᠠᠭᠠᠨ ᠰᠤᠳᠤᠯᠪᠠ᠃    ᠮᠡᠳᠡᠬᠡᠯᠡᠭᠴᠢ ᠶᠢᠨ ᠬᠠᠶ᠋ᠢᠭ᠄  ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠨᠠᠰᠤᠵᠢᠯ ‍ᠤᠨ‌ᠠᠰᠠᠷᠠᠮᠵᠢ ᠶᠢᠨ ᠦᠢᠯᠡᠴᠢᠯᠡᠭᠡᠨ ᠤ ᠭᠠᠵᠠᠷ                
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ ᠤᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号