ᠵᠡᠮᠳᠡᠭᠴᠦᠳ ᠤᠨ ᠬᠤᠶᠠᠷ ᠨᠥᠬᠦᠪᠦᠷᠢ ᠶᠢᠨ ᠭᠤᠶᠤᠴᠢᠯᠠᠯ ᠢ ᠨᠢᠬᠡ ᠯᠨ ᠤᠳᠠᠭ᠎ᠠ ᠳᠤ ᠬᠦᠢᠴᠡᠳᠬᠡᠬᠦ ᠪᠤᠯᠤᠯ᠎ᠠ
ᠨᠡᠶᠢᠲᠡᠯᠡᠭᠰᠡᠨ ᠴᠠᠭ᠄
2023/5/25
                     ᠰᠡᠴᠡᠨ ᠤᠷᠴᠢᠭᠤᠯᠪᠠ    2022 ᠣᠨ ᠤ 12 ᠰᠠᠷ᠎ᠠ ᠳᠤ  ᠮᠠᠨ ᠤ ᠣᠷᠣᠨ ᠤ ᠣᠯᠠᠨ ᠰᠠᠯᠠᠭ᠎ᠠ ᠮᠥᠴᠢᠷ ᠤᠨ ᠬᠢᠨ ᠬᠠᠮᠲᠤᠷᠠᠨ ︽ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ︿ᠵᠡᠮᠳᠡᠭᠴᠦᠳ ᠢ ᠲᠡᠳᠬᠦᠵᠦ ᠬᠦᠴᠢᠷᠳᠡᠯᠳᠡᠶᠢᠴᠤᠳ ᠢ ᠲᠤᠰᠠᠯᠠᠬᠤ﹀ ᠲᠤᠬᠠᠢ ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠪᠠ᠃ ᠲᠤᠬᠠᠢ ᠶᠢᠨ ᠬᠥᠮᠥᠨ ᠪᠣᠳᠠᠲᠤ ᠪᠠᠶᠢᠳᠠᠯ ᠢᠶᠠᠨ ᠦᠨᠳᠦᠰᠦᠯᠡᠵᠦ᠂ ︽ᠵᠡᠮᠳᠡᠭᠴᠦᠳ ᠢ ᠲᠡᠳᠬᠦᠨ ᠬᠦᠴᠢᠷᠳᠡᠯᠳᠡᠶᠢᠴᠤᠳ ᠢ ᠲᠤᠰᠠᠯᠠᠬᠤ︾   ᠦᠢᠯᠡᠴᠢᠯᠡᠭᠡ ᠶᠢ ᠰᠦᠯᠵᠢᠶᠡᠨ ᠳᠡᠭᠡᠷ᠎ᠡ ᠪᠤᠶᠤ ᠲᠤᠬᠠᠢ ᠶᠢᠨ ᠲᠠᠯᠠᠪᠤᠷ ᠲᠤ ᠭᠤᠶᠤᠴᠢᠯᠠᠵᠤ ᠪᠤᠯᠬᠤ ᠪᠦᠬᠡᠳ ᠲᠤᠬᠠᠢ ᠶᠢᠨ ᠬᠥᠮᠥᠨ ᠵᠡᠮᠳᠡᠭᠴᠦᠳ ᠤᠨ ᠦᠨᠡᠮᠯᠡᠯ ᠭᠤᠶᠤᠴᠢᠯᠠᠭᠰᠠᠨ ᠤ ᠳᠠᠷᠠᠭ᠎ᠠ᠂ ᠪᠣᠳᠠᠲᠤ ᠪᠠᠶᠢᠳᠠᠯ ᠢ ᠦᠨᠳᠦᠰᠦᠯᠡᠵᠦ ᠪᠠᠶᠢᠭᠠᠳ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠲᠤᠰᠬᠠᠢ ᠪᠤᠯᠤᠩ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠳᠤ ᠭᠠᠷᠤᠨ᠎ᠠ︶ ᠪᠤᠶᠤ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠭᠰᠠᠨ ᠵᠡᠮᠳᠡᠭᠴᠦᠳ ᠢ ᠲᠡᠳᠬᠦᠵᠦ ᠬᠦᠴᠢᠷᠳᠡᠯᠳᠡᠶᠢᠴᠤᠳ ᠢ ᠲᠤᠰᠠᠯᠠᠬᠤ ︽ᠨᠢᠭᠡ ᠶᠠᠪᠤᠳᠠᠯ ᠢ ᠨᠢᠭᠡ ᠯᠨ ᠤᠳᠠᠭ᠎ᠠ ᠳᠤ ᠭᠦᠢᠴᠡᠳᠬᠡᠬᠦ︾  ᠴᠤᠩᠬᠤᠪᠴᠢ ᠪᠠᠷ ᠦᠢᠯᠡᠴᠢᠯᠡᠭᠡ ᠭᠤᠶᠤᠴᠢᠯᠠᠪᠠᠯ᠂ ᠮᠡᠳᠡᠭᠡ ᠵᠠᠩᠭᠢ ᠨᠢ ︽ᠨᠢᠭᠡ ᠶᠠᠪᠤᠳᠠᠯ ᠢ ᠨᠢᠭᠡ ᠯᠨ ᠤᠳᠠᠭ᠎ᠠ ᠳᠤ ᠭᠦᠢᠴᠡᠳᠬᠡᠬᠦ︾ ᠰᠢᠰᠲ᠋ᠧᠮ ᠪᠤᠶᠤ ᠴᠤᠩᠬᠤᠪᠴᠢ ᠪᠠᠷ ᠨᠢᠭᠡᠳᠦᠯᠲᠡᠢ ᠭᠥᠯᠢᠶᠡᠨ ᠠᠪᠤᠬᠰᠠᠨ  ᠤ ᠲᠠᠷᠠᠭ᠎ᠠ᠂ ᠠᠷᠤ ᠲᠠᠯ᠎ᠠ ᠳᠤ ᠬᠤᠪᠢᠶᠠᠨ ᠲᠠᠷᠬᠠᠭᠠᠵᠤ ᠬᠢᠨᠠᠨ ᠵᠦᠪᠰᠢᠶᠡᠷᠡᠬᠦᠯᠤᠬᠡᠳ᠂ ᠬᠤᠯᠪᠤᠭᠠᠯᠠᠨ ᠭᠦᠢᠴᠡᠳᠬᠡᠬᠦ ᠵᠦᠢᠯᠡᠰ ᠢ ᠭᠦᠢᠴᠡᠳᠬᠡᠨ᠎ᠡ᠃   ᠵᠡᠮᠳᠡᠭᠴᠦᠳ ᠤᠨ ᠬᠤᠶᠠᠷ ᠵᠦᠢᠯ ᠤᠨ ᠨᠥᠬᠦᠪᠦᠷᠢ ᠶᠢᠨ ᠲᠦᠷᠦᠯ    ᠬᠦᠴᠢᠷᠳᠡᠯᠳᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠪᠠ ᠨᠤᠴᠢᠳᠠᠢ ᠵᠡᠮᠳᠡᠭᠴᠦᠳ ᠢ ᠰᠤᠪᠢᠯᠠᠯᠳᠠ ᠶᠢᠨ ᠨᠥᠬᠦᠪᠦᠷᠢ᠃   ᠨᠥᠬᠦᠪᠦᠷᠢ ᠬᠦᠷᠳᠡᠭᠰᠡᠳ ᠢ ᠮᠠᠭᠠᠳᠯᠠᠨ ᠲᠣᠭᠲᠠᠭᠠᠬᠤ ᠲᠤᠬᠠᠢ ᠲᠣᠭᠲᠠᠭᠠᠯ   ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠶᠢ ᠭᠤᠣᠯᠳᠠᠭᠤ ᠵᠡᠮᠳᠡᠭᠷᠡᠭᠰᠡᠨ ᠠᠴᠠ ᠪᠣᠯᠤᠭᠰᠠᠨ ᠵᠠᠷᠤᠯᠭ᠎ᠠ ᠳᠤ ᠨᠦᠬᠦᠪᠤᠷᠢ ᠤᠯᠭᠤᠨ᠎ᠠ᠂ ᠨᠦᠬᠦᠪᠤᠷᠢ ᠬᠦᠷᠳᠡᠭᠰᠡᠳ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠦᠬᠡ ᠠᠮᠠ ᠲᠠᠢ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ︾ ᠲᠠᠢ ᠨᠠᠭᠠᠲᠤ ᠵᠠᠬ᠎ᠠ ᠶᠢᠨ ᠪᠠᠲᠤᠯᠠᠭ᠎ᠠ ᠬᠦᠷᠳᠡᠬᠦ ᠭᠡᠷ ᠪᠦᠯᠢ ᠶᠢᠨ  ᠵᠡᠮᠳᠡᠭᠴᠦᠳ ᠪᠣᠯᠣᠨ᠎ᠠ᠃     ᠨᠤᠴᠢᠳᠠᠢ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠨᠢ ᠭᠤᠣᠯᠳᠠᠭᠤ ᠵᠡᠮᠳᠡᠭᠷᠡᠭᠰᠡᠨ ᠠᠴᠠ ᠪᠣᠯᠤᠭᠰᠠᠨ ᠣᠷᠳᠣ ᠬᠤᠭᠤᠴᠠᠭᠠᠨ ᠤ     ᠠᠰᠠᠷᠠᠨ ᠬᠠᠷᠠᠭᠠᠯᠵᠠᠬᠤ ᠵᠠᠷᠤᠯᠭ᠎ᠠ ᠳᠤ ᠨᠥᠬᠦᠪᠦᠷᠢ ᠥᠭᠭᠦᠨ᠎ᠡ᠂  ᠨᠦᠬᠦᠪᠤᠷᠢ ᠬᠦᠷᠳᠡᠭᠰᠡᠳ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠦᠬᠡ ᠠᠮᠠ ᠲᠠᠢ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ︾ ᠲᠠᠢ ᠨᠢᠬᠡ᠂ ᠬᠤᠶᠠᠳᠤᠭᠠᠷ ᠳᠡᠰ ᠤᠨ ᠨᠤᠴᠢᠳᠠᠢ ᠵᠡᠮᠳᠡᠭᠴᠦᠳ᠃ ᠣᠷᠳᠣ ᠬᠤᠭᠤᠴᠠᠭ᠎ᠠ ᠪᠠᠷ ᠠᠰᠠᠷᠠᠨ ᠬᠠᠷᠠᠭᠠᠯᠵᠠᠬᠤ ᠭᠡᠳᠡᠭ ᠨᠢ ᠵᠡᠮᠳᠡᠭᠷᠡᠭᠰᠡᠨ ᠠᠴᠠ ᠪᠣᠯᠤᠭᠰᠠᠨ ᠤᠨᠴᠠᠭᠠᠢ ᠰᠤᠪᠢᠯᠠᠬᠤ ᠬᠡᠷᠡᠭᠯᠡᠭᠡᠨ ᠤ ᠵᠦᠢᠯ ᠪᠠ ᠠᠰᠠᠷᠠᠬᠤ ᠦᠢᠯᠡᠴᠢᠯᠡᠬᠡᠨ ᠤ ᠵᠠᠷᠤᠯᠭ᠎ᠠ 6 ᠰᠠᠷ᠎ᠠ ᠠᠴᠠ ᠳᠡᠭᠡᠭᠰᠢ ᠦᠷᠬᠦᠯᠵᠢᠯᠡᠭᠰᠡᠨ ᠢ ᠵᠢᠭᠠᠵᠤ ᠪᠣᠶ᠃    ᠠᠵᠢᠯ ᠤᠨ ᠭᠡᠮᠲᠦᠯ ᠤᠨ ᠳᠠᠭᠠᠳᠬᠠᠯ ᠤᠨ ᠰᠤᠪᠢᠯᠠᠯᠳᠠ ᠶᠢᠨ ᠵᠠᠷᠤᠳᠠᠯ ᠢ ᠠᠪᠤᠬᠰᠠᠨ᠂ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠪᠠᠲᠤᠯᠠᠭ᠎ᠠ ᠳᠤ ᠣᠷᠣᠭᠤᠯᠤᠭᠰᠠᠨ ᠪᠠᠶᠢᠪᠠᠯ ᠵᠡᠮᠳᠡᠭᠴᠦᠳ ᠤᠨ ᠬᠤᠶᠠᠷ ᠨᠥᠬᠦᠪᠦᠷᠢ ᠶᠢ ᠭᠥᠷᠳᠡᠵᠦ ᠪᠣᠯᠬᠤ ᠦᠭᠡᠢ᠃ ᠨᠥᠬᠦᠴᠡᠯ ᠳᠤ ᠨᠡᠶᠢᠴᠡᠬᠦ ᠵᠡᠮᠳᠡᠭᠴᠦᠳ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠪᠠ ᠨᠤᠴᠢᠳᠠᠢ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠶᠢ ᠬᠠᠮᠲᠤ ᠳᠤ ᠨᠢ  ᠭᠤᠶᠤᠴᠢᠯᠠᠵᠤ ᠪᠤᠯᠤᠨ᠎ᠠ᠃ ᠵᠡᠮᠳᠡᠭᠴᠦᠳ ᠤᠨ ᠬᠤᠶᠠᠷ ᠨᠥᠬᠦᠪᠦᠷᠢ ᠶᠢᠨ ᠨᠥᠬᠦᠴᠡᠯ ᠳᠤ ᠨᠡᠶᠢᠴᠡᠬᠦ ᠮᠥᠷᠲᠡᠭᠡᠨ ᠨᠠᠰᠤᠲᠠᠶᠢᠴᠤᠳ᠂ ᠠᠯᠪᠠᠨ ᠶᠠᠪᠤᠳᠠᠯ ᠢᠶᠠᠷ ᠵᠡᠮᠳᠡᠭ ᠪᠣᠯᠤᠭᠰᠠᠨ᠂ ᠲᠡᠳᠬᠦᠪᠤᠷᠢ ᠳᠤ ᠭᠠᠷᠤᠬᠰᠠᠨ ᠵᠡᠷᠭᠡ ᠠᠰᠠᠷᠠᠮᠵᠢ ᠶᠢᠨ ᠴᠢᠨᠠᠷᠲᠠᠢ ᠠᠮᠢᠳᠤᠷᠠᠯ ᠤᠨ ᠨᠥᠬᠦᠪᠦᠷᠢ ᠶᠢᠨ ᠪᠠ ᠰᠤᠪᠢᠯᠠᠯᠲᠠ ᠶᠢᠨ ᠨᠥᠬᠦᠪᠦᠷᠢ ᠶᠢᠨ ᠨᠥᠬᠦᠴᠡᠯ ᠳᠤ ᠨᠡᠶᠢᠴᠡᠬᠦ ᠵᠡᠮᠳᠡᠭᠴᠦᠳ ᠡᠳᠡᠬᠡᠷ ᠤᠨ ᠲᠤᠮᠳᠠ ᠠᠴᠠ ᠦᠨᠳᠤᠷ ᠢ ᠰᠤᠩᠭᠤᠵᠤ ᠨᠢᠬᠡ ᠲᠦᠷᠤᠯ ᠤᠨ ᠬᠢ ᠶᠢ ᠭᠤᠶᠤᠴᠢᠯᠠᠵᠤ ᠪᠤᠯᠤᠨ᠎ᠠ᠃ ᠥᠨᠥᠴᠢᠨ ᠬᠡᠦᠬᠡᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠭᠥᠷᠳᠡᠵᠦ ᠪᠠᠶᠢᠭ᠎ᠠ ᠵᠡᠮᠳᠡᠭ ᠬᠡᠦᠬᠡᠳ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠶᠢ ᠭᠥᠷᠳᠡᠬᠦ ᠦᠭᠡᠢ ᠪᠤᠯᠪᠠᠴᠤ ᠬᠠᠷᠢᠨ ᠨᠤᠴᠢᠳᠠᠢ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠶᠢ ᠭᠥᠷᠳᠡᠵᠦ ᠪᠣᠯᠣᠨ᠎ᠠ᠃    
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ ᠤᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号