ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠭᠢᠮ ᠤᠨ ᠤᠳᠤᠷᠢᠳᠤᠯᠭ᠎ᠠ ᠳᠤᠭᠤᠶᠢᠯᠠᠩ ᠳᠠᠭᠠᠭᠤᠯᠤᠨ ᠵᠡᠭᠦᠨᠭᠠᠷ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/5/25
             ᠸᠠᠩ ᠲᠢᠶᠠᠨ ᠵᠢᠶᠦ᠋ᠨ ᠮᠡᠳᠡᠬᠡᠯᠡᠪᠡ             ᠬᠡᠬᠡᠨᠳᠤᠶᠠᠭ᠎ᠠ ᠤᠷᠴᠢᠭᠤᠯᠪᠠ    ᠨᠠᠮ ᠤᠨ ᠲᠥᠪ ᠬᠤᠷᠢᠶᠠᠨ ᠤ ᠪᠦᠬᠦ ᠨᠠᠮ ᠤᠨ ᠬᠡᠪᠴᠢᠶᠡᠨ ᠳᠤ ᠪᠠᠶᠢᠴᠠᠭᠠᠨ ᠰᠤᠳᠤᠯᠤᠯᠲᠠ ᠬᠢᠬᠦ ᠤᠷᠢᠶᠠᠯᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠶᠢ ᠠᠬᠢᠭᠤᠯᠬᠤ ᠶᠢᠨ ᠲᠦᠯᠤᠬᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠭᠢᠮ ᠤᠨ ᠤᠳᠤᠷᠢᠳᠤᠯᠭ᠎ᠠ 4 ᠳ᠋ᠤᠬᠡᠷ ᠰᠠᠷ᠎ᠠ ᠶᠢᠨ 18 ᠤ ᠡᠳᠦᠷ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠤᠷᠳᠤᠰ ᠬᠤᠳᠠ ᠶᠢᠨ ᠵᠡᠭᠦᠨᠭᠠᠷ ᠬᠤᠰᠢᠭᠤᠨ ᠳᠤ ᠭᠦᠨᠵᠡᠭᠡᠶᠢᠷᠡᠵᠦ᠂ ︽ᠲᠦᠷᠪᠡᠨ ᠪᠤᠯᠬᠤ ᠦᠬᠡᠢ᠂ ᠬᠤᠶᠠᠷ ᠰᠢᠭᠤᠳ︾ ᠠᠷᠭ᠎ᠠ ᠪᠠᠷ ᠭᠡᠷ ᠲᠤ ᠨᠢ ᠬᠦᠷᠴᠤ ᠠᠰᠠᠷᠠᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠠ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠳᠤ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠡᠭᠦᠨᠭᠠᠷ ᠬᠤᠰᠢᠭᠤᠨ ᠤ ᠣᠶᠤᠨᠲᠤ ᠨᠠᠰᠤᠵᠢᠯ ᠤᠨ ᠠᠰᠠᠷᠠᠮᠵᠢ ᠶᠢᠨ ᠵᠢᠯᠣᠭᠤᠳᠤᠯᠭ᠎ᠠ ᠲᠣᠬᠢᠷᠠᠭᠤᠯᠭ᠎ᠠ ᠶᠢᠨ ᠲᠥᠪ ᠠᠴᠠ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠣᠶᠤᠨᠲᠤ ᠰᠤᠪᠢᠯᠠᠯᠲᠠ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠪᠣᠯᠣᠨ ᠭᠡᠷ ᠲᠤ ᠨᠢ ᠬᠦᠷᠴᠤ ᠠᠰᠠᠷᠠᠬᠤ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠭᠦᠨᠵᠡᠭᠡᠢ ᠠᠭᠤᠰᠤᠯᠴᠠᠭᠰᠠᠨ ᠪᠠᠶᠢᠳᠠᠯ ᠢ ᠨᠠᠷᠢᠨ ᠣᠶᠢᠯᠠᠭᠠᠪᠠ᠃ ᠨᠥᠬᠦᠷᠯᠡᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ  ᠤᠨ ᠨᠠᠰᠤᠲᠠᠶᠢᠴᠤᠳ ᠲᠤ ᠦᠢᠯᠡᠴᠢᠯᠡᠬᠦ ᠲᠥᠪ ᠲᠤ ᠡᠳᠦᠷ ᠲᠤᠳᠤᠮ ᠤᠨ ᠬᠠᠷᠠᠭᠠᠯᠵᠠᠯ᠂ ᠨᠠᠰᠤᠲᠠᠶᠢᠴᠤᠳ ᠤᠨ ᠬᠤᠭᠤᠯᠠᠨ ᠭᠡᠷ᠂ ᠪᠤᠭᠤᠷᠤᠯᠴᠤᠳ ᠤᠨ ᠰᠤᠷᠭᠠᠭᠤᠯᠢ ᠶᠢᠨ ᠲᠠᠩᠬᠢᠮ᠂ ᠨᠡᠶᠢᠭᠡᠮ ᠤᠨ ᠠᠵᠢᠯ ᠵᠡᠷᠭᠡ ᠦᠢᠯᠡᠴᠢᠯᠡᠭᠡᠨ ᠤ ᠲᠠᠯᠠᠪᠤᠷ ᠢ ᠪᠠᠶᠢᠴᠠᠭᠠᠨ ᠦᠵᠡᠵᠦ᠂  ︽ᠨᠢᠭᠡ ᠮᠥᠴᠡ︾  ᠶᠢᠨ ᠨᠠᠰᠤᠵᠢᠯ ᠤᠨ ᠦᠢᠯᠡᠴᠢᠯᠡᠭᠡᠨ ᠤ  ᠲᠤᠭᠤᠷᠢᠭ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠲᠤᠬᠠᠢ ᠠᠵᠢᠯᠲᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠠᠢ᠃ ᠯᠠᠨ ᠲᠢᠶᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠠᠢ ᠶᠦᠨ ᠨᠡᠶᠢᠭᠡᠮ ᠲᠣᠭᠤᠷᠢᠭ ᠲᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠨᠡᠶᠢᠭᠡᠮ ᠲᠣᠭᠤᠷᠢᠭ ᠤᠨ ︽  ᠨᠠᠰᠤᠲᠠᠶᠢᠴᠤᠳ ᠬᠡᠤᠬᠡᠳ︾ ᠢ ᠬᠠᠯᠠᠮᠵᠢᠯᠠᠬᠤ ᠦᠢᠯᠡᠴᠢᠯᠡᠭᠡ ᠪᠣᠯᠣᠨ ᠬᠠᠮᠳᠤ ᠪᠠᠷ ᠪᠠᠶᠢᠭᠤᠯᠵᠤ  ᠬᠠᠮᠳᠤ ᠪᠠᠷ ᠵᠠᠰᠠᠵᠤ ᠬᠠᠮᠳᠤ ᠪᠠᠷ ᠡᠳ᠋ᠯᠡᠬᠦ ᠨᠡᠶᠢᠭᠡᠮ ᠲᠣᠭᠤᠷᠢᠭ ᠤᠨ ᠵᠠᠰᠠᠯᠲᠠ ᠶᠢᠨ ᠵᠠᠭᠪᠤᠷ ᠤᠨ ᠬᠤᠯᠪᠣᠭᠳᠠᠯ ᠪᠦᠬᠦᠢ ᠪᠠᠶᠢᠳᠠᠯ ᠤᠨ ᠲᠠᠨᠢᠯᠴᠠᠭᠤᠯᠭ᠎ᠠ ᠶᠢ ᠨᠢᠮᠪᠠᠢ ᠰᠣᠨᠣᠰᠴᠠᠢ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠵᠡᠭᠦᠨᠭᠠᠷ ᠬᠤᠰᠢᠭᠤᠨ ᠤ ᠱᠠᠬᠳᠠᠷ ᠪᠠᠯᠭᠠᠰᠤᠨ ᠤ ᠮᠢᠨ ᠯᠧ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠦᠢᠯᠡᠴᠢᠯᠡᠬᠦ ᠥᠷᠲᠡᠭᠡ᠂ ᠨᠠᠰᠤᠲᠠᠶᠢᠴᠤᠳ ᠤᠨ ᠬᠤᠭᠤᠯᠠᠨ ᠭᠡᠷ ᠲᠤ ᠭᠦᠨᠵᠡᠭᠡᠶᠢᠷᠡᠵᠦ᠂ ᠦᠢᠯᠡᠴᠢᠯᠡᠭᠡᠨ ᠤ ᠥᠷᠲᠡᠭᠡ ᠶᠢᠨ ᠬᠢᠨ  ᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠬᠢᠨ ᠲᠠᠢ ᠬᠤᠯᠪᠤᠭᠠᠯᠠᠨ ᠬᠠᠷᠢᠶ᠎ᠠ ᠣᠷᠣᠨ ᠤ ᠨᠠᠰᠤᠲᠠᠶᠢᠴᠤᠳ ᠲᠤ ᠡᠳᠦᠷ ᠲᠤᠲᠤᠮ ᠤᠨ ᠡᠮᠴᠢᠯᠡᠭᠡ᠂ ᠡᠷᠡᠭᠦᠯᠵᠢᠯ ᠰᠤᠪᠢᠯᠠᠯᠲᠠ ᠵᠡᠷᠭᠡ ᠡᠮᠴᠢᠯᠡᠭᠡᠨ ᠤ ᠦᠢᠯᠡᠴᠢᠯᠡᠭᠡ ᠶᠢ ᠪᠠᠶᠢᠡᠭᠭᠤ ᠬᠠᠩᠭᠠᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠱᠠᠬᠳᠠᠷ ᠲᠣᠰᠬᠤᠨ ᠤ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠦᠵᠡᠵᠦ᠂ ᠲᠠᠰᠢᠷᠠᠮ ᠢᠶᠠᠷ ᠭᠡᠷ ᠲᠤ ᠨᠢ ᠬᠦᠷᠴᠤ ᠰᠤᠷᠪᠤᠯᠵᠢᠯᠠᠬᠤ ᠶᠢᠨ ᠬᠠᠮᠲᠤ ᠲᠡᠨᠳᠡ ᠰᠠᠭᠤᠬᠰᠠᠳ    ᠲᠠᠢ ᠳᠣᠲᠣᠨᠣ ᠪᠠᠷ ᠶᠠᠷᠢᠯᠴᠠᠵᠤ᠂ ᠢᠳᠡᠵᠦ ᠤᠤᠭᠤᠬᠤ ᠬᠤᠨᠤᠵᠤ ᠬᠡᠪᠳᠡᠬᠦ᠂ ᠡᠪᠡᠳᠴᠢᠨ ᠦᠵᠡᠬᠦᠯᠬᠦ ᠵᠡᠷᠭᠡ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠱᠠᠬᠳᠠᠷ ᠠᠰᠠᠷᠠᠮᠵᠢ ᠶᠢᠨ ᠲᠥᠪ ᠤᠨ ᠨᠠᠰᠤᠲᠠᠨ ᠢ ᠠᠰᠠᠷᠠᠬᠤ ᠬᠦᠷᠢᠶᠡᠯᠡᠩ ᠳᠤ ᠬᠤᠲᠠ ᠬᠥᠳᠡᠭᠡ ᠶᠢᠨ ᠣᠨᠴᠠ ᠬᠦᠴᠢᠷᠳᠡᠯᠲᠡᠢ ᠬᠥᠮᠥᠰ ᠢ ᠲᠥᠪᠯᠡᠷᠡᠭᠦᠯᠦᠨ ᠠᠰᠠᠷᠠᠨ ᠲᠡᠵᠢᠭᠡᠵᠦ ᠪᠠᠶᠢᠭ᠎ᠠ ᠪᠠ ᠴᠢᠳᠠᠯ ᠲᠡᠩᠬᠡᠭᠡ ᠦᠭᠡᠢ ᠪᠣᠯᠤᠭᠰᠠᠨ᠂  ᠬᠦᠭᠰᠢᠨ ᠵᠡᠮᠳᠡᠭ ᠨᠠᠰᠤᠲᠠᠨ ᠢ ᠠᠰᠠᠷᠠᠨ ᠬᠠᠷᠠᠭᠠᠯᠵᠠᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ︽ᠲᠥᠪ ᠤᠨ ᠬᠤᠭᠤᠯᠠᠨ ᠭᠡᠷ + ᠬᠤᠭᠤᠯᠠ ᠤᠮᠳᠠ ᠲᠣᠬᠢᠷᠠᠭᠤᠯᠬᠤ︾ ᠬᠥᠳᠡᠭᠡ ᠲᠣᠰᠬᠤᠨ ᠤ ᠬᠤᠭᠤᠯᠨ  ᠤᠮᠳᠠᠭᠠᠨ ᠳᠤ ᠲᠤᠰᠠᠯᠠᠬᠤ ᠦᠢᠯᠡᠴᠢᠯᠡᠭᠡᠨ ᠤ ᠰᠢᠨ᠎ᠡ ᠵᠠᠭᠪᠤᠷ ᠤᠨ ᠲᠤᠬᠠᠢ ᠵᠢᠭᠠᠨ ᠵᠢᠯᠤᠭᠤᠳᠪᠠ᠃     ᠲᠢᠩᠭᠢᠮ ᠤᠨ ᠤᠳᠤᠷᠢᠳᠤᠯᠭ᠎ᠠ ᠵᠡᠭᠦᠨᠭᠠᠷ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠭᠠᠵᠠᠷ ᠣᠷᠣᠨ ᠤ ᠠᠵᠤ ᠠᠬᠤᠢ ᠶᠢᠨ ᠳᠠᠪᠠᠭᠤᠯᠢᠭ ᠪᠠ ᠰᠠᠶᠢᠨ ᠰᠠᠶᠢᠬᠠᠨ ᠬᠥᠭᠵᠢᠯᠲᠡ ᠶᠢᠨ ᠨᠥᠬᠦᠴᠡᠯ ᠢ ᠠᠰᠢᠭᠯᠠᠨ᠂ ᠬᠠᠲᠠᠭᠤ ᠬᠡᠷᠡᠭᠰᠡᠯ ᠤᠨ ᠣᠷᠤᠭᠤᠯᠤᠯᠲᠠ ᠶᠢᠨ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠬᠤ ᠶᠢᠨ ᠬᠠᠮᠲᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠥᠭᠡᠯᠡᠨ ᠪᠣᠳᠠᠲᠤ ᠬᠦᠴᠦᠨ᠂ ᠣᠷᠣᠨ ᠪᠦᠰᠡᠴᠢᠯᠡᠭᠰᠡᠨ ᠪᠠᠶᠢᠷᠢᠰᠢᠭᠤᠯᠤᠯᠲᠠ᠂ ᠨᠢᠭᠡ ᠴᠣᠭᠴᠠᠵᠢᠭᠰᠠᠨ ᠡᠵᠡᠩᠨᠡᠯᠲᠡ ᠶᠢ ᠬᠦᠴᠦᠯᠡᠨ ᠳᠡᠭᠡᠭᠰᠢᠯᠡᠭᠦᠯᠵᠦ᠂ ︽ᠣᠶᠤᠨᠲᠤ ᠨᠠᠰᠤᠵᠢᠯ ᠤᠨ ᠠᠰᠠᠷᠠᠮᠵᠢ︾  ᠶᠢᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠭᠡᠷ  ᠲᠤ ᠨᠢ ᠬᠦᠷᠴᠤ ᠠᠰᠠᠷᠠᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠠᠲᠤ ᠲᠡᠮᠳᠡᠭᠵᠢᠭᠰᠡᠨ᠂ ᠬᠡᠯᠬᠢᠶᠡᠵᠢᠭᠰᠡᠨ᠂ ᠬᠡᠪᠴᠢᠶᠡᠵᠢᠭᠰᠡᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠥᠳᠡᠭᠡ ᠲᠣᠰᠬᠤᠨ ᠤ ᠭᠤᠷᠪᠠᠨ ᠱᠠᠲᠤᠨ ᠤ ᠨᠠᠰᠤᠵᠢᠯ ᠤᠨ ᠠᠰᠠᠷᠠᠮᠵᠢ   ᠶᠢᠨ ᠦᠢᠯᠡᠴᠢᠯᠡᠭᠡᠨ ᠤ ᠰᠦᠯᠵᠢᠶ᠎ᠡ ᠶᠢᠨ ᠪᠠᠶᠢᠭᠤᠯᠤᠯᠲᠠ  ᠶᠢ ᠴᠢᠩᠭᠠᠳᠬᠠᠬᠤ ᠳᠡᠭᠡᠷ᠎ᠡ ᠭᠤᠣᠯᠳᠠᠯᠭ᠎ᠠ   ᠪᠠᠨ ᠲᠠᠯᠪᠢᠵᠤ᠂ ᠬᠤᠰᠢᠭᠤ ᠰᠢᠶᠠᠨ ᠤ ᠱᠠᠲᠤᠨ ᠤ ᠣᠨᠴᠠ ᠬᠦᠴᠢᠷᠳᠡᠯᠲᠡᠢ  ᠬᠦᠮᠦᠰ ᠢ ᠠᠰᠠᠷᠠᠨ ᠲᠡᠵᠢᠭᠡᠬᠦ ᠪᠠᠶᠢᠭᠤᠯᠤᠮᠵᠢ ᠶᠢᠨ ᠦᠨᠳᠦᠰᠦᠨ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠶᠠᠩ ᠪᠠᠯᠭᠠᠰᠤ ᠶᠢᠨ ᠨᠠᠰᠤᠲᠠᠨ ᠢ ᠠᠰᠠᠷᠠᠬᠤ ᠬᠦᠷᠢᠶᠡᠯᠡᠩ ᠤᠨ ᠡᠬᠢ ᠪᠠᠶᠠᠯᠢᠭ ᠢ ᠪᠦᠲᠦᠮᠵᠢᠲᠡᠢ ᠠᠰᠢᠭᠯᠠᠨ ᠣᠷᠣᠨ ᠪᠦᠰᠡ ᠶᠢᠨ ᠴᠢᠨᠠᠷᠲᠠᠢ ᠨᠠᠰᠤᠵᠢᠯ ᠤᠨ ᠠᠰᠠᠷᠠᠮᠵᠢ   ᠶᠢᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠬᠠᠷᠢᠯᠴᠠᠨ ᠬᠠᠪᠰᠤᠷᠤᠯᠴᠠᠬᠤ ᠬᠦᠷᠢᠶᠡᠯᠡᠩ ᠢᠶᠠᠷ ᠭᠤᠣᠯ ᠴᠣᠭᠴᠠ ᠪᠣᠯᠭᠠᠭᠰᠠᠨ ᠲᠣᠰᠬᠤᠨ ᠤ ᠱᠠᠲᠤᠨ ᠤ ᠨᠠᠰᠤᠵᠢᠯ ᠤᠨ ᠠᠰᠠᠷᠠᠮᠵᠢ   ᠶᠢᠨ ᠦᠢᠯᠡᠴᠢᠯᠡᠭᠡᠨ ᠤ ᠲᠦᠬᠦᠬᠡᠷᠤᠮᠵᠢ ᠶᠢᠨ ᠦᠢᠯᠡᠴᠢᠯᠡᠭᠡᠨ ᠤ ᠴᠢᠳᠠᠮᠵᠢ ᠶᠢ ᠥᠷᠭᠡᠳᠬᠡᠨ ᠤᠷᠲᠤᠳᠬᠠᠵᠤ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ   ᠶᠢᠨ ᠦᠢᠯᠡᠴᠢᠯᠡᠭᠡᠨ ᠤ ᠳᠥᠭᠦᠮᠴᠢᠯᠡᠯᠲᠡ᠂ ᠬᠦᠷᠦᠯᠴᠡᠬᠦᠶᠢᠴᠡ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃    ᠮᠡᠳᠡᠭᠡᠯᠡᠭᠴᠢ ᠶᠢᠨ ᠬᠠᠶ᠋ᠢᠭ᠄  ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠭᠠᠵᠠᠷ    ᠤᠷᠴᠢᠭᠤᠯᠤᠬᠴᠢ ᠶᠢᠨ ᠬᠠᠶ᠋ᠢᠭ᠄ ᠦᠪᠤᠷ ᠮᠤᠩᠭᠤᠯ ᠤᠨ ᠰᠤᠷᠭᠠᠨ ᠬᠦᠮᠤᠵᠢᠯ ᠤᠨ ᠬᠡᠪᠯᠡᠯ ᠤᠨ ᠬᠤᠷᠢᠶ᠎ᠠ  
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ ᠤᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号