ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠣᠩᠭᠤᠯ ᠬᠡᠯᠡᠨ ᠤ ᠰᠦᠯᠵᠢᠶ᠎ᠡ 2022 ᠣᠨ ᠤ  ᠰᠢᠯᠭᠠᠨ ᠦᠨᠡᠯᠡᠯᠳᠡ ᠳᠤ ᠳᠠᠬᠢᠨᠲᠠ ᠰᠢᠯᠢᠳᠡᠭ ᠪᠦᠲᠦᠮᠵᠢ ᠣᠯᠪᠠ
ᠨᠡᠶᠢᠲᠡᠯᠡᠭᠰᠡᠨ ᠴᠠᠭ᠄
2023/5/25
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠣᠩᠭᠤᠯ ᠬᠡᠯᠡᠨ ᠤ ᠰᠦᠯᠵᠢᠶ᠎ᠡ ᠶᠢᠨ ᠬᠢᠨ 2022 ᠣᠨ ᠳᠤ ᠰᠢ ᠶᠢᠨ ᠫᠢᠩ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ   ᠲᠤᠭᠤᠰᠢᠯᠠᠭᠤᠯᠤᠨ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ  ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ  ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠲᠤᠳᠬᠠᠬᠤ ᠪᠠᠷ ᠭᠤᠣᠯ ᠰᠢᠵᠢᠮ ᠪᠤᠯᠭᠠᠨ᠂ ᠨᠡᠶᠢᠭᠡᠮ ᠤᠨ ᠦᠷ᠎ᠡ ᠠᠰᠢᠭ ᠢ ᠲᠡᠷᠢᠭᠦᠨ ᠳᠤ ᠲᠠᠯᠪᠢᠵᠤ᠂  ᠰᠦᠯᠵᠢᠶ᠎ᠡ ᠪᠠᠷ ᠢᠶᠠᠨ ᠵᠢᠭᠰᠠᠭᠠᠯ ᠤᠨ ᠭᠠᠵᠠᠷ ᠪᠣᠯᠭᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠶᠡᠭᠡ ᠪᠠᠷ ᠤᠬᠠᠭᠤᠯᠵᠤ᠂ ᠵᠢᠱᠢᠶ᠎ᠡ ᠦᠵᠡᠭᠦᠯᠵᠦ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠮᠠᠨ ᠤ ᠣᠷᠣᠨ ᠤ ᠠᠷᠠᠳ ᠤᠨ ᠠᠮᠢᠳᠤᠷᠠᠯ᠂ ᠠᠷᠠᠳ ᠤᠨ ᠶᠠᠪᠤᠳᠠᠯ ᠤᠨ ᠦᠢᠯᠡᠰ ᠤᠨ ᠴᠢᠨᠠᠷᠯᠢᠭ ᠬᠥᠭᠵᠢᠯᠲᠡ ᠶᠢ  ᠠᠬᠢᠭᠤᠯᠬᠤ ᠳᠤ ᠬᠦᠴᠤᠨ ᠵᠢᠳᠬᠦᠯ ᠦᠵᠡᠬᠦᠯᠪᠡ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ  ᠤᠨ ᠬᠢᠨ ᠤ ᠬᠠᠯᠠᠮᠵᠢᠯᠠᠯ ᠵᠢᠯᠣᠭᠤᠳᠤᠯᠭ᠎ᠠ ᠪᠠᠷ ᠰᠦᠯᠵᠢᠶᠡᠨ ᠤ ᠥᠷᠲᠡᠭᠡ ᠶᠢᠨ ᠣᠨᠴᠠᠯᠢᠭ ᠪᠠ ᠲᠤᠰᠬᠠᠢ ᠮᠡᠷᠭᠡᠵᠢᠯ ᠤᠨ ᠨᠥᠯᠥᠭᠡᠯᠡᠬᠦ ᠬᠦᠴᠦᠨ ᠢ ᠲᠣᠪᠤᠶᠢᠯᠭᠠᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠣᠩᠭᠤᠯ  ᠰᠦᠯᠵᠢᠶ᠎ᠡ ᠪᠠᠨ ᠰᠠᠶᠢᠲᠤᠷ ᠪᠠᠶᠢᠭᠤᠯᠵᠤ ᠬᠠᠮᠠᠭᠠᠯᠠᠬᠰᠠᠨ ᠪᠠᠶᠢᠨ᠎ᠠ᠃     2022 ᠣᠨ ᠤ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠶᠢᠨ ᠰᠢᠯᠭᠠᠨ ᠦᠨᠡᠯᠡᠯᠳᠡ ᠶᠢᠨ ᠠᠵᠢᠯ ᠢ ᠤᠷᠤᠭᠰᠢᠲᠠᠢ ᠤᠭᠲᠤᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠣᠩᠭᠤᠯ ᠬᠡᠯᠡᠨ ᠤ ᠰᠦᠯᠵᠢᠶᠡᠨ ᠤ  ᠲᠤᠳᠠᠭᠤᠳᠠᠯ ᠢᠶᠠᠨ ᠨᠥᠬᠦᠪᠦᠷᠢᠯᠡᠬᠦ ᠠᠵᠢᠯ ᠢ ᠱᠠᠯᠠᠪᠳᠠᠨ ᠬᠢᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠣᠩᠭᠤᠯ ᠬᠡᠯᠡᠨ ᠤ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠱᠠᠭᠠᠷᠳᠠᠯᠭ᠎ᠠ ᠶᠣᠰᠣᠭᠠᠷ ᠰᠢᠨ᠎ᠡ ᠠᠭᠤᠯᠭ᠎ᠠ ᠶᠢ ᠴᠠᠭ ᠲᠤᠬᠠᠢ ᠳᠤ ᠨᠢ ᠰᠢᠨᠡᠳᠬᠡᠬᠦ ᠶᠢᠨ ᠬᠠᠮᠲᠤ ︽ᠥᠪᠥᠷ ᠮᠣᠩᠭᠤᠯ  ᠤᠨ ︿ᠨᠡᠶᠢᠭᠡᠮ﹀ ᠰᠡᠳᠬᠦᠯ ᠤᠨ ᠬᠤᠷᠢᠶ᠎ᠠ ᠶᠢᠨ ᠰᠦᠯᠵᠢᠶᠡᠨ ᠤ ᠬᠠᠮᠢᠶᠠᠷᠤᠯᠲᠠ ᠶᠢᠨ ᠳᠦᠷᠢᠮ︾ ︽  ᠰᠦᠯᠵᠢᠶ᠎ᠡ ᠪᠠᠨ  ᠤᠬᠠᠭᠤᠯᠤᠨ ᠳᠡᠯᠭᠡᠷᠡᠭᠦᠯᠬᠦ ᠲᠥᠰᠥᠯ︾ ︽ᠰᠦᠯᠵᠢᠶ᠎ᠡ ᠪᠠᠨ ᠠᠵᠢᠯᠯᠠᠭᠤᠯᠵᠤ ᠬᠠᠮᠠᠭᠠᠯᠠᠬᠤ ᠠᠵᠢᠯᠲᠠᠨ᠂ ᠡᠷᠬᠡ ᠮᠡᠳᠡᠯ ᠤᠨ ᠳᠠᠩᠰᠠᠯᠠᠯᠲᠠ︾ ︽ᠰᠦᠯᠵᠢᠶᠡᠨ ᠤ ᠨᠢᠭᠤᠴᠠ ᠶᠢ ᠬᠠᠮᠠᠭᠠᠯᠠᠬᠤ ᠬᠡᠷ᠎ᠡ︾  ᠵᠡᠷᠭᠡ ᠮᠠᠲ᠋ᠧᠷᠢᠶᠠᠯ ᠢ ᠲᠡᠭᠦᠯᠳᠡᠷᠵᠢᠭᠦᠯᠵᠦ᠂ ᠡᠭᠦᠨ ᠢᠶᠠᠷ ᠰᠦᠯᠵᠢᠶ᠎ᠡ  ᠶᠢᠨ ᠡᠳᠦᠷ ᠲᠤᠲᠤᠮ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠰᠦᠯᠵᠢᠶ᠎ᠡ ᠶᠢᠨ ᠠᠵᠢᠯ ᠤᠨ ᠲᠡᠰ ᠲᠠᠷᠠᠭ᠎ᠠ ᠪᠠ ᠶᠠᠪᠤᠴᠨ ᠶᠢ ᠪᠥᠬᠦ ᠲᠠᠯ᠎ᠠ ᠪᠠᠷ ᠵᠢᠷᠤᠮᠵᠢᠭᠤᠯᠤᠨ᠂ ᠳᠦᠷᠢᠮ ᠢ ᠴᠢᠩᠭ᠎ᠠ ᠵᠢᠷᠤᠮᠯᠠᠨ ᠠᠵᠢᠯᠯᠠᠵᠤ᠂ ᠴᠢᠩᠭ᠎ᠠ ᠨᠠᠶᠢᠳᠠᠪᠤᠷᠢᠵᠢᠭᠤᠯᠤᠨ᠂ ᠰᠦᠯᠵᠢᠶ᠎ᠡ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠲᠠᠰᠤᠷᠠᠯᠲᠠ ᠦᠭᠡᠢ  ᠲᠡᠬᠦᠯᠳᠡᠷᠵᠢᠬᠦᠯᠪᠡ᠃  ᠰᠢᠯᠭᠠᠨ ᠦᠨᠡᠯᠡᠬᠦ ᠲᠤᠭ᠎ᠠ ᠪᠠᠷᠢᠮᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ ᠰᠦᠯᠵᠢᠶ᠎ᠡ ᠪᠠᠨ ᠰᠢᠨᠡᠳᠭᠡᠵᠦ᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠶ᠎ᠠ︾ ︽ᠳᠤᠮᠳᠠᠳᠤ ᠶᠢᠨ ᠦᠨᠳᠦᠰᠦᠲᠡᠨ ᠤ ᠬᠠᠮᠲᠤ  ᠶᠢᠨ ᠴᠣᠭᠴᠠ ᠶᠢᠨ ᠤᠬᠠᠮᠰᠠᠷ ᠢ  ᠪᠠᠲᠤᠳᠬᠠᠶ᠎ᠠ︾ ︽ᠠᠷᠠᠳ ᠤᠨ ᠶᠠᠪᠤᠳᠠᠯ ᠤᠨ ᠨᠡᠷ᠎ᠡ ᠲᠣᠮᠢᠶ᠎ᠠ︾ ︽ᠠᠷᠠᠳ ᠤᠨ ᠠᠮᠢᠳᠤᠷᠠᠯ ᠤᠨ ᠦᠢᠯᠡᠴᠢᠯᠡᠭᠡ︾ ︽  ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠭᠠᠵᠠᠷ ᠤᠨ ᠨᠡᠷᠡᠰ︾ ︽ᠠᠷᠠᠳ ᠤᠨ ᠶᠠᠪᠤᠳᠠᠯ ᠤᠨ ᠰᠣᠶᠣᠯ︾ ᠵᠡᠷᠭᠡ ᠣᠨᠴᠠᠯᠢᠭᠲᠤ ᠪᠤᠯᠤᠩ ᠤᠳ ᠢ  ᠰᠡᠬᠦᠵᠤ᠂ ᠰᠢᠨ᠎ᠡ ᠠᠭᠤᠯᠭ᠎ᠠ ᠶᠢ ᠴᠠᠭ ᠲᠤᠬᠠᠢ ᠳᠤ ᠨᠢ  ᠳᠡᠪᠰᠢᠭᠦᠯᠦᠨ ᠳᠠᠮᠵᠢᠭᠤᠯᠵᠤ᠂ ᠰᠦᠯᠵᠢᠶ᠎ᠡ ᠪᠠᠨ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠪᠠ ᠦᠢᠯᠡᠴᠢᠯᠡᠭᠡᠨ ᠤ  ᠲᠦᠪᠰᠢᠨ  ᠢᠶᠠᠨ ᠳᠡᠭᠡᠭᠰᠢᠯᠡᠭᠦᠯᠦᠨ᠂ ᠬᠠᠷᠢᠭᠤᠴᠠᠯᠭ᠎ᠠ ᠴᠢᠳᠠᠪᠬᠢ ᠪᠠᠨ ᠭᠦᠢᠴᠡᠳᠬᠡᠵᠦ᠂ ᠰᠦᠯᠵᠢᠶᠡᠨ ᠤ ᠥᠷᠲᠡᠭᠡ ᠶᠢ ᠨᠢᠭᠡᠳᠦᠯᠲᠡᠢ ᠲᠥᠯᠥᠪᠵᠢᠭᠦᠯᠬᠦ ᠪᠠ ᠡᠳᠦᠷ ᠲᠤᠲᠤᠮ ᠤᠨ ᠬᠢᠨᠠᠯᠳᠠ ᠶᠢ ᠨᠢᠮᠪᠠᠢ ᠬᠠᠷᠢᠭᠤᠴᠠᠨ᠂ ᠰᠢᠨᠡᠳᠬᠡᠬᠦ ᠠᠭᠤᠯᠭ᠎ᠠ  ᠪᠠᠨ ᠨᠠᠷᠢᠨ ᠬᠢᠨᠠᠮᠠᠭᠠᠢ  ᠬᠢᠨᠠᠵᠤ᠂ ᠰᠦᠯᠵᠢᠶ᠎ᠡ ᠶᠢᠨ ᠠᠭᠤᠯᠭ᠎ᠠ  ᠪᠠᠨ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠴᠢᠳᠠᠮᠵᠢ  ᠪᠠᠨ ᠲᠡᠭᠦᠯᠳᠡᠷᠵᠢᠭᠦᠯᠦᠨ᠂ ᠠᠶᠤᠯ ᠦᠬᠡᠢ ᠶᠢᠨ ᠬᠠᠮᠢᠶᠠᠷᠤᠯᠲᠠ ᠶᠢ  ᠵᠢᠷᠤᠮᠵᠢᠭᠤᠯᠪᠠ᠃    ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ  ᠤᠬᠳᠤᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠣᠩᠭᠤᠯ ᠬᠡᠯᠡᠨ ᠤ ᠰᠦᠯᠵᠢᠶ᠎ᠡ ᠶᠢᠨ ᠨᠡᠷ᠎ᠡ ᠨᠦᠯᠦᠬᠡ᠂ ᠤᠡᠭᠰᠢᠬᠴᠢ ᠶᠢᠨ ᠲᠤᠭ᠎ᠠ ᠶᠢ ᠨᠡᠮᠡᠭᠳᠡᠬᠦᠯᠬᠦ ᠶᠢᠨ ᠲᠦᠯᠤᠬᠡ᠂ 2022 ᠣᠨ ᠤ ᠥᠪᠥᠷ ᠮᠣᠩᠭᠤᠯ ᠤᠨ ︽ᠨᠡᠶᠢᠭᠡᠮ︾ ᠰᠡᠳᠬᠦᠯ ᠤᠨ ᠬᠤᠷᠢᠶ᠎ᠠ ᠶᠢᠨ ᠬᠢᠨ ︽ᠮᠢᠨᠤ ᠬᠠᠷᠠᠭᠠᠨ ᠳᠤ  ᠬᠢ ᠥᠪᠥᠷ ᠮᠣᠩᠭᠤᠯ ᠤᠨ ᠠᠷᠠᠳ ᠤᠨ ᠶᠠᠪᠤᠳᠠᠯ ᠤᠨ ᠲᠢᠩᠬᠢᠮ ᠤᠨ ᠮᠣᠩᠭᠤᠯ  ᠬᠡᠯᠡᠨ ᠤ ᠰᠦᠯᠵᠢᠶ᠎ᠡ︾ ᠭᠡᠬᠦ ᠭᠤᠣᠯ ᠰᠡᠳᠦᠪᠲᠦ ᠡᠬᠡ ᠪᠢᠴᠢᠭ ᠡᠯᠰᠡᠬᠦ ᠠᠵᠢᠯᠯᠠᠭ᠎ᠠ ᠶᠢ ᠡᠷᠬᠢᠯᠡᠵᠦ᠂ ᠪᠦᠬᠦ ᠤᠯᠤᠰ ᠤᠨ ᠬᠡᠪᠴᠢᠶᠡᠨ ᠠᠴᠠ ᠡᠬᠡ ᠪᠢᠴᠢᠭ ᠡᠯᠰᠡᠬᠡᠳ ︽ᠨᠡᠶᠢᠬᠡᠮ︾ ᠰᠡᠳᠬᠦᠯ ᠤᠨ 2022 ᠤᠨ ᠤ ᠶᠢᠰᠦᠳᠦᠭᠡᠷ ᠬᠤᠭᠤᠴᠠᠭᠠᠨ ᠳᠤ ︽ᠮᠢᠨᠤ ᠬᠠᠷᠠᠭᠠᠨ ᠳᠤ ᠬᠢ ᠥᠪᠥᠷ ᠮᠣᠩᠭᠤᠯ ᠤᠨ ᠠᠷᠠᠳ ᠤᠨ ᠶᠠᠪᠤᠳᠠᠯ ᠤᠨ ᠲᠢᠩᠬᠢᠮ ᠤᠨ ᠮᠣᠩᠭᠤᠯ ᠬᠡᠯᠡᠨ ᠤ  ᠰᠦᠯᠵᠢᠶ᠎ᠡ︾ ᠭᠡᠬᠦ ᠪᠤᠯᠤᠩ  ᠨᠡᠬᠡᠬᠡᠵᠦ ᠂ ᠡᠯᠰᠡᠭᠰᠡᠨ ᠡᠬᠡ ᠪᠢᠴᠢᠭ  ᠠᠴᠠ ᠪᠠᠨ ᠰᠢᠯᠢᠳᠡᠭ ᠢ ᠨᠢ ᠰᠤᠩᠭᠤᠵᠤ ᠨᠡᠶᠢᠲᠡᠯᠡᠪᠡ᠃    2022 ᠣᠨ ᠤ ᠰᠡᠬᠦᠯ ᠳᠤ ᠰᠢᠨ᠎ᠡ ᠲᠢᠳᠢᠮᠯᠢᠭ ᠠᠭᠤᠰᠬᠢᠨ ᠦᠷᠪᠢᠰᠤᠯ ᠠᠴᠠ ᠪᠣᠯᠤᠭᠰᠠᠨ ᠵᠦᠢᠯ ᠵᠦᠢᠯ ᠤᠨ ᠬᠦᠴᠢᠷ ᠪᠡᠷᠬᠡ ᠶᠢ ᠢᠯᠠᠨ ᠲᠠᠪᠠᠵᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠤᠷᠳᠤᠨ  ᠤ ᠠᠯᠪᠠᠨ ᠲᠢᠩᠬᠢᠮ ᠪᠣᠯᠣᠨ ᠥᠪᠡᠷᠲᠡᠭᠡᠨ ᠵᠠᠰᠠᠬᠤ ᠣᠷᠣᠨ ᠤ ᠣᠷᠴᠢᠭᠤᠯᠭ᠎ᠠ ᠶᠢᠨ ᠲᠥᠪ ᠤᠨ ᠬᠢᠨᠠᠨ ᠰᠢᠯᠭᠠᠬᠤ ᠠᠵᠢᠯ ᠤᠨ ᠪᠣᠳᠠᠲᠠᠢ ᠱᠠᠭᠠᠷᠳᠠᠯᠭ᠎ᠠ᠂ ᠬᠢᠨᠠᠨ ᠰᠢᠯᠭᠠᠬᠤ  ᠲᠤᠭ᠎ᠠ  ᠪᠠᠷᠢᠮᠲᠠ‌‍ᠲ᠋ᠠᠢ ᠴᠢᠩᠭ᠎ᠠ ᠬᠠᠷᠢᠴᠠᠭᠤᠯᠤᠨ᠂ ᠪᠠᠷᠢᠮᠵᠢᠶ᠎ᠠ ᠶᠢ ᠳᠦᠷᠢᠮᠵᠢᠭᠦᠯᠬᠦ ᠂ ᠪᠠᠶᠢᠩᠭᠤ ᠶᠢᠨ ᠬᠢᠨᠠᠨ ᠬᠡᠮᠵᠢᠯᠲᠡ᠂ ᠮᠡᠳᠡᠭᠡ ᠵᠠᠩᠭᠢ ᠶᠢ ᠢᠯᠡᠵᠢᠬᠦᠯᠬᠦ ︵ᠲᠠᠶᠢᠯᠤᠮᠵᠢ ᠬᠢᠵᠦ ᠬᠠᠷᠢᠭᠤ ᠥᠭᠬᠦ᠂ ᠮᠡᠳᠡᠭᠡ ᠵᠠᠩᠭᠢ ᠶᠢ ᠢᠯᠡ ᠪᠣᠯᠭᠠᠬᠤ ᠶᠢ ᠪᠠᠭᠲᠠᠭᠠᠨ᠎ᠠ︶᠂ ᠰᠦᠯᠵᠢᠶᠡᠨ ᠤ ᠥᠷᠲᠡᠭᠡ ᠶᠢᠨ ᠡᠬᠢ ᠪᠠᠶᠠᠯᠢᠭ ᠢ ᠳᠠᠩᠰᠠᠯᠠᠬᠤ  ᠪᠠ ᠲᠠᠩᠰᠠ ᠡᠪᠬᠡᠮᠡᠯ ᠳᠤ ᠣᠷᠣᠭᠤᠯᠬᠤ᠂ ᠰᠦᠯᠵᠢᠶᠡᠨ ᠤ ᠥᠷᠲᠡᠭᠡ ᠶᠢᠨ ᠵᠣᠬᠢᠶᠠᠨ ᠪᠠᠶᠢᠭᠤᠯᠬᠤ ᠪᠠᠶᠢᠭᠤᠯᠤᠮᠵᠢ ᠪᠠ  ᠠᠵᠢᠯᠯᠠᠭᠤᠯᠬᠤ ᠶᠢ  ᠪᠠᠲᠤᠯᠠᠬᠤ ᠡᠷᠬᠡ ᠮᠡᠳᠡᠯ᠂ ᠰᠣᠯᠢᠯᠴᠠᠬᠤ᠂ ᠤᠡᠭᠰᠢᠬᠰᠠᠨ ᠲᠤᠭ᠎ᠠ᠂ ᠤᠬᠠᠭᠤᠯᠤᠨ ᠲᠦᠭᠡᠮᠡᠯᠵᠢᠭᠦᠯᠦᠭᠰᠡᠨ ᠪᠠᠶᠢᠳᠠᠯ᠂ ᠣᠨᠴᠠᠯᠢᠭᠲᠤ ᠪᠤᠯᠤᠩ ᠤᠨ ᠪᠠᠶᠢᠭᠤᠯᠤᠯᠲᠠ᠂ ᠰᠢᠨ᠎ᠡ ᠵᠠᠭᠤᠴᠢᠯᠠᠭᠤᠷ ᠨᠡᠭᠡᠭᠡᠭᠰᠡᠨ ᠪᠠᠶᠢᠳᠠᠯ  ᠵᠡᠷᠭᠡ ᠲᠤᠭ᠎ᠠ ᠪᠠᠷᠢᠮᠲᠠ ᠶᠢ ᠡᠮᠬᠢᠳᠬᠡᠬᠦ ᠠᠵᠢᠯ  ᠢᠶᠠᠨ ᠨᠠᠷᠢᠨ ᠬᠢᠨᠠᠮᠠᠭᠠᠢ ᠬᠢᠵᠦ᠂ ᠴᠠᠭ ᠲᠤᠬᠠᠢ  ᠳᠤ ᠨᠢ ᠲᠤᠰᠢᠶᠠᠬᠰᠠᠨ ᠶᠤᠮ᠃    2023 ᠣᠨ ᠤ 4 ᠳ᠋ᠤᠬᠡᠷ ᠰᠠᠷ᠎ᠠ ᠳᠤ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠣᠩᠭᠤᠯ ᠬᠡᠯᠡᠨ ᠤ ᠰᠦᠯᠵᠢᠶ᠎ᠡ 2022 ᠣᠨ ᠤ  ᠰᠢᠯᠭᠠᠨ ᠦᠨᠡᠯᠡᠯᠳᠡ ᠳᠤ 93 ᠬᠤᠪᠢ ᠣᠯᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠲᠢᠩᠬᠢᠮ ᠲᠣᠪᠴᠢᠶ᠎ᠠ ᠶᠢᠨ ᠠᠳᠠᠯᠢ ᠲᠥᠷᠥᠯ ᠤᠨ  ᠰᠦᠯᠵᠢᠶ᠎ᠡ ᠶᠢᠨ ᠳᠣᠲᠣᠷ᠎ᠠ ᠵᠢᠷᠭᠤᠳᠤᠭᠠᠷ ᠲᠤ ᠵᠢᠭᠰᠠᠭᠠᠭᠳᠠᠵᠤ᠂ ᠳᠠᠬᠢᠨᠲᠠ ᠰᠢᠯᠢᠳᠡᠭ ᠬᠢᠷᠢ ᠪᠦᠲᠦᠮᠵᠢ ᠶᠢ ᠤᠯᠤᠬᠰᠠᠨ ᠪᠠᠶᠢᠨ᠎ᠠ᠃  
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ ᠤᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号