ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠤᠪᠳᠤ ᠬᠦᠮᠤᠵᠢᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/25
          ᠸᠠᠩ ᠵᠢᠩ ᠵᠢᠩ ᠮᠡᠳᠡᠭᠡᠯᠡᠪᠡ          ᠬᠡᠬᠡᠨᠳᠤᠶᠠᠭ᠎ᠠ ᠤᠷᠴᠢᠭᠤᠯᠪᠠ   ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ 4 ᠳ᠋ᠤᠬᠡᠷ ᠰᠠᠷ᠎ᠠ ᠶᠢᠨ 17 ᠤ ᠡᠳᠦᠷ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠬᠤᠷᠠᠯᠳᠤᠭᠤᠯᠪᠠ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠶᠢᠰᠦᠳᠦᠭᠡᠷ ᠲᠣᠭᠤᠷᠢᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠱᠢ ᠯᠢᠶᠠᠩ ᠬᠤᠷᠠᠯ ᠳᠤ ᠣᠷᠣᠯᠴᠠᠭᠰᠠᠨ ᠪᠥᠭᠡᠳ ᠵᠢᠯᠤᠭᠤᠳᠬᠤ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠭᠢᠮ ᠤᠨ ᠤᠳᠤᠷᠢᠳᠤᠯᠭ᠎ᠠ ᠳᠠᠶᠢᠴᠢᠯᠠᠯᠲᠠ ᠪᠠᠶᠢᠷᠢᠯᠠᠭᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠴᠤᠭ ᠬᠤᠷᠠᠯ ᠢ ᠡᠷᠭᠢᠯᠡᠪᠡ᠃    ᠲᠢᠩᠭᠢᠮ ᠤᠨ ᠤᠳᠤᠷᠢᠳᠤᠯᠭ᠎ᠠ ᠵᠢᠭᠠᠬᠰᠠᠨ ᠨᠢ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠵᠤ᠂ ᠪᠦᠬᠦ ᠨᠠᠮ ᠢ ᠳᠠᠶᠢᠴᠢᠯᠠᠨ ᠨᠠᠮ ᠤᠨ ᠭᠤᠣᠯ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠬᠦ ᠴᠢᠬᠤᠯᠠ ᠶᠡᠭᠡ ᠠᠷᠭ᠎ᠠ ᠪᠣᠯᠣᠨ᠎ᠠ᠃ ᠲᠢᠩᠬᠢᠮ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠭᠤᠣᠯ ᠰᠡᠳᠦᠪᠲᠦ ᠬᠥᠮᠦᠵᠢᠯ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠦᠵᠡᠯ ᠰᠠᠨᠠᠭ᠎ᠠ᠂ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠤᠬᠠᠮᠰᠠᠷ ᠠᠴᠠ ᠪᠠᠨ ᠨᠢᠭᠡᠳᠬᠡᠵᠦ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠭᠡᠬᠦ ᠡᠨᠡ ᠬᠦ ︽ᠵᠠᠪᠠᠯ ᠰᠤᠷᠬᠤ ᠬᠢᠴᠢᠶᠡᠯ︾  ᠢ ᠭᠦᠨᠵᠡᠭᠡᠢ ᠰᠤᠷᠤᠯᠴᠠᠬᠤ ᠶᠢᠨ ᠲᠥᠯᠥᠭᠡ ᠦᠵᠡᠯ ᠰᠠᠨᠠᠭᠠᠨ ᠤ ᠰᠠᠭᠤᠷᠢ ᠶᠢ ᠪᠠᠲᠤᠳᠬᠠᠵᠤ᠂ ᠠᠵᠢᠯᠯᠠᠭ᠎ᠠ ᠶᠢᠨ ᠴᠢᠭᠯᠡᠯ ᠢ ᠵᠥᠪ ᠣᠨᠣᠪᠴᠢᠲᠠᠢ ᠰᠤᠷᠤᠯᠴᠠᠵᠤ᠂ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ᠂ ᠦᠨᠡᠨᠴᠢ ᠰᠢᠳᠤᠷᠭᠤ ᠪᠠᠶᠢᠬᠤ ᠤᠯᠤᠰ ᠲᠦᠷᠦ ᠶᠢᠨ ᠤᠬᠠᠮᠰᠠᠷ ᠢ ᠪᠠᠲᠤᠳᠬᠠᠬᠤ᠂ ᠲᠠᠷᠢᠬᠢ ᠲᠣᠯᠣᠭᠠᠢ ᠪᠠᠨ ᠵᠡᠪᠰᠡᠭᠯᠡᠬᠦ᠂ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠦᠵᠡᠯ ᠰᠠᠨᠠᠭᠠᠨ ᠤ ᠤᠬᠠᠮᠰᠠᠷ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠠᠵᠢᠯᠯᠠᠭ᠎ᠠ ᠶᠢᠨ ᠤᠬᠠᠮᠰᠠᠷ᠂ ᠥᠪᠡᠷ ᠤᠨ ᠪᠡᠶ᠎ᠡ ᠳᠤ ᠪᠠᠨ ᠬᠤᠪᠢᠰᠬᠠᠯ ᠬᠢᠬᠦ᠂ ᠨᠠᠮ ᠢ ᠴᠢᠩᠭ᠎ᠠ ᠵᠠᠰᠠᠬᠤ ᠴᠠᠭ ᠦᠶ᠎ᠡ ᠶᠢᠨ ᠤᠬᠠᠮᠰᠠᠷ ᠢ ᠴᠢᠩᠭᠠᠳᠬᠠᠬᠤ ᠬᠡᠷᠡᠭᠲᠡᠢ᠃    ᠲᠢᠩᠭᠢᠮ ᠤᠨ ᠤᠳᠤᠷᠢᠳᠤᠯᠭ᠎ᠠ ᠱᠠᠭᠠᠷᠳᠠᠭᠰᠠᠨ ᠨᠢ᠂ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠠᠷᠢᠮᠵᠢᠶᠠᠯᠠᠨ ᠢᠯᠡᠳᠬᠡᠵᠦ᠂ ᠭᠤᠣᠯ ᠰᠡᠳᠦᠪᠲᠦ ᠬᠥᠮᠦᠵᠢᠯ ᠤᠨ ᠶᠡᠷᠦᠩᠬᠡᠢ ᠱᠠᠭᠠᠷᠳᠠᠯᠭ᠎ᠠ᠂ ᠦᠨᠳᠦᠰᠦᠨ ᠡᠭᠦᠷᠭᠡ᠂ ᠪᠣᠳᠠᠲᠠᠢ ᠬᠠᠷᠠᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠭᠦᠨ ᠰᠤᠷᠤᠯᠴᠠᠬᠤ ᠤᠨᠤᠯ ᠤᠨ ᠲᠠᠯ᠎ᠠ ᠪᠠᠷ ᠦᠨᠡᠨ ᠬᠦ ᠬᠦᠴᠦ ᠣᠷᠣᠭᠤᠯᠬᠤ ᠬᠡᠷᠡᠭᠲᠡᠢ᠃ ᠰᠤᠷᠤᠯᠴᠠᠬᠤ ᠠᠭᠤᠯᠭ᠎ᠠ ᠶᠢ ᠣᠨᠣᠪᠴᠢᠲᠠᠢ ᠡᠵᠡᠮᠳᠡᠵᠦ᠂ ᠰᠤᠷᠤᠯᠴᠠᠬᠤ ᠬᠡᠯᠪᠡᠷᠢ ᠠᠷᠭ᠎ᠠ ᠶᠢᠨ ᠰᠢᠨ᠎ᠡ ᠶᠢ ᠡᠭᠦᠳᠴᠦ᠂ ᠰᠤᠷᠤᠯᠴᠠᠯᠭ᠎ᠠ ᠶᠢ ᠤᠷᠲᠤᠳᠬᠠᠬᠤ ᠶᠢ ᠠᠬᠢᠭᠤᠯᠵᠤ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ ᠶᠢ ᠢᠮᠠᠭᠲᠠ ᠲᠤᠭᠤᠰᠢᠯᠠᠭᠤᠯᠵᠤ᠂ ︽ᠬᠤᠶᠠᠷ ᠢ  ᠲᠤᠬᠳᠠᠭᠠᠬᠰᠠᠨ︾ ᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠦᠵᠡᠯ ᠰᠠᠨᠠᠭᠠᠨ ᠤ ᠰᠠᠭᠤᠷᠢ ᠶᠢ ᠦᠷᠭᠦᠯᠵᠢᠯᠡᠨ ᠪᠠᠲᠤᠳᠬᠠᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠬᠢᠬᠦ ᠳᠤ ᠦᠨᠡᠨ ᠬᠦ ᠬᠦᠴᠦ ᠣᠷᠣᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠭᠦᠨᠵᠡᠭᠡᠢ᠂ ᠪᠣᠳᠠᠲᠠᠢ᠂ ᠨᠠᠷᠢᠯᠢᠭ᠂ ᠣᠨᠣᠪᠴᠢᠲᠠᠢ᠂ ᠪᠦᠲᠦᠮᠵᠢᠲᠡᠢ︾ ᠭᠡᠬᠦ ᠲᠠᠪᠤᠨ ᠦᠰᠦᠭ ᠤᠨ ᠤᠩᠰᠢᠯᠭ᠎ᠠ ᠶᠢ ᠰᠠᠶᠢᠲᠤᠷ ᠤᠩᠰᠢᠵᠤ᠂ ᠪᠠᠶᠢᠴᠠᠭᠠᠨ ᠰᠤᠳᠤᠯᠬᠤ ᠶᠠᠪᠤᠴᠠ ᠶᠢ ᠤᠨᠤᠯ ᠤᠨ ᠰᠤᠷᠤᠯᠴᠠᠯᠭ᠎ᠠ ᠶᠢ ᠦᠢᠯᠡᠳᠦᠯᠭᠡ ᠲᠡᠰᠢ ᠤᠯᠠᠷᠢᠭᠤᠯᠤᠨ ᠬᠡᠷᠡᠭᠯᠡᠬᠦ ᠶᠠᠪᠤᠴᠠ ᠪᠣᠯᠭᠠᠬᠤ ᠬᠡᠷᠡᠭᠲᠡᠢ᠃ ᠬᠥᠭᠵᠢᠯᠲᠡ ᠶᠢ ᠠᠬᠢᠭᠤᠯᠬᠤ ᠳᠤ ᠦᠨᠡᠨ ᠬᠦ ᠬᠦᠴᠦ ᠣᠷᠣᠭᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠪᠣᠯᠣᠨ ᠭᠤᠣᠯ ᠠᠵᠢᠯ ᠢ ᠬᠤᠶᠠᠷ ᠲᠠᠯ᠎ᠠ ᠪᠠᠷ ᠠᠳᠬᠤᠬᠤ᠂ ᠬᠤᠶᠠᠷ ᠢ ᠠᠬᠢᠭᠤᠯᠬᠤ ᠶᠢ ᠪᠠᠷᠢᠮᠲᠠᠯᠠᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ ᠬᠥᠭᠵᠢᠯᠲᠡ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠠᠩᠬᠠᠷᠤᠯ ᠪᠠ ᠬᠦᠴᠦᠨ ᠢᠶᠠᠨ ᠲᠥᠪᠯᠡᠷᠡᠭᠦᠯᠵᠦ᠂ ᠪᠣᠳᠠᠲᠤ ᠶᠠᠪᠤᠳᠠᠯ ᠬᠢᠵᠦ ᠠᠷᠠᠳ ᠤᠨ ᠵᠣᠪᠠᠨᠢᠯ ᠢ ᠰᠢᠢᠳᠪᠦᠷᠢᠯᠡᠬᠦ ᠲᠠᠯ᠎ᠠ ᠪᠠᠷ ᠰᠡᠳᠬᠢᠯ ᠲᠠᠯᠪᠢᠨ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠶᠠᠰᠤ ᠴᠢᠨᠠᠷ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷᠯᠢᠭ ᠬᠥᠭᠵᠢᠯᠲᠡ ᠶᠢ ᠪᠣᠳᠠᠲᠤ ᠠᠵᠢᠯᠯᠠᠭ᠎ᠠ ᠪᠠᠷ ᠢᠶᠠᠨ ᠠᠬᠢᠭᠤᠯᠬᠤ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤ  ᠦᠨᠡᠨ ᠬᠦ ᠬᠦᠴᠦ ᠣᠷᠣᠭᠤᠯᠬᠤ ᠬᠡᠷᠡᠭᠲᠡᠢ᠃ ᠨᠠᠮᠴᠢ ᠴᠢᠨᠠᠷ ᠤᠨ ᠵᠠᠳᠠᠯᠤᠯᠲᠠ ᠶᠢ ᠭᠦᠨᠵᠡᠭᠡᠢ ᠥᠷᠨᠢᠭᠦᠯᠵᠦ᠂  ᠴᠡᠭᠴᠡᠯᠡᠵᠤ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠨ᠂ 6 ᠲᠠᠯ᠎ᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠯᠠᠨ ᠳᠤ ᠰᠢᠨ᠎ᠡ ᠬᠤᠪᠢᠷᠠᠯᠲᠠ ᠪᠠ ᠰᠢᠨ᠎ᠡ ᠦᠷ᠎ᠡ ᠪᠦᠲᠦᠮᠵᠢ ᠶᠢ ᠮᠡᠳᠡᠷᠡᠬᠦᠯᠬᠦ ᠬᠡᠷᠡᠭᠳᠡᠢ᠃ ᠳᠦᠷᠢᠮ ᠲᠣᠭᠲᠠᠭᠠᠯ ᠲᠣᠭᠲᠠᠭᠠᠬᠤ ᠳᠤ ᠦᠨᠡᠨ ᠬᠦ ᠬᠦᠴᠦ ᠣᠷᠣᠭᠤᠯᠬᠤ ᠬᠡᠷᠡᠭᠲᠡᠢ᠃ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠳ᠋ᠦᠩᠨᠡᠬᠦ ᠶᠢ ᠴᠢᠬᠤᠯᠠᠴᠢᠯᠠᠵᠤ᠂ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠳᠦᠷᠢᠮ ᠤᠨ ᠬᠠᠰᠢᠶ᠎ᠠ ᠶᠢ ᠪᠠᠲᠤ ᠪᠠᠬᠢᠯᠡᠵᠦ᠂ ᠠᠷᠠᠳ ᠤᠨ ᠶᠠᠪᠤᠳᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠤᠯᠭᠠᠭᠤᠷᠯᠠᠯ ᠪᠠᠲᠤᠯᠠᠭ᠎ᠠ ᠶᠢ ᠴᠢᠩᠭᠠᠳᠬᠠᠬᠤ ᠬᠡᠷᠡᠭᠳᠡᠢ᠃    ᠲᠢᠩᠭᠢᠮ ᠤᠨ ᠤᠳᠤᠷᠢᠳᠤᠯᠭ᠎ᠠ ᠴᠢᠬᠤᠯᠠᠴᠢᠯᠠᠭᠰᠠᠨ ᠨᠢ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠶᠢᠨ ᠨᠢᠬᠡ ᠪᠣᠯᠭᠠᠵᠤ᠂ ᠨᠢᠮᠪᠠᠢ ᠵᠣᠬᠢᠶᠠᠨ ᠪᠠᠶᠢᠭᠤᠯᠵᠤ᠂ ᠪᠠᠳᠤᠳᠠᠢ ᠠᠬᠢᠭᠤᠯᠵᠤ᠂ ᠴᠢᠩᠭ᠎ᠠ ᠬᠠᠷᠢᠭᠤᠴᠠᠯᠭ᠎ᠠ ᠪᠠᠷ ᠭᠤᠣᠯ ᠰᠡᠳᠦᠪᠲᠦ ᠬᠥᠮᠦᠵᠢᠯ ᠤᠨ ᠪᠣᠳᠠᠲᠠᠢ ᠶᠢ ᠡᠷᠬᠢᠮᠯᠡᠭᠰᠡᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠰᠢᠰᠲ᠋ᠧᠮᠲᠦ ᠰᠡᠳᠬᠢᠬᠦᠢ ᠶᠢ ᠪᠤᠢ ᠪᠣᠯᠭᠠᠵᠤ᠂ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠶᠢ ᠴᠢᠬᠤᠯᠠᠴᠢᠯᠠᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠪᠣᠯᠣᠨ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ 《ᠬᠤᠶᠠᠷ  ᠲᠣᠮᠤ ᠶᠠᠪᠤᠳᠠᠯ》 ᠢ ᠪᠥᠬᠦ ᠲᠠᠯ᠎ᠠ ᠪᠠᠷ ᠪᠡᠶᠡᠯᠡᠭᠦᠯᠬᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶᠢᠷᠡᠭᠦᠯᠬᠦ ᠪᠠ ᠲᠠᠰ ᠳᠡᠪᠰᠢᠭᠦᠯᠬᠦ ᠬᠠᠷᠠᠯᠲᠠ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠬᠦ ᠯᠦᠭᠡ ᠤᠶᠠᠯᠳᠤᠭᠤᠯᠵᠤ᠂ ᠭᠤᠣᠯ ᠰᠡᠳᠦᠪᠲᠦ ᠬᠥᠮᠦᠵᠢᠯ ᠢ ᠠᠵᠢᠯ ᠤᠨ ᠡᠷᠴᠢ ᠵᠣᠷᠢᠭ ᠪᠠ ᠲᠡᠮᠡᠴᠡᠯ ᠤᠨ ᠵᠣᠷᠢᠭ ᠰᠠᠨᠠᠭ᠎ᠠ ᠶᠢ ᠤᠷᠮᠠᠰᠢᠭᠤᠯᠬᠤ᠂ ᠪᠡᠷᠬᠡ ᠶᠢ ᠰᠢᠪᠲᠤᠯᠤᠨ ᠬᠦᠴᠢᠷ ᠢ ᠳᠠᠪᠠᠭ᠋ᠤ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠬᠤ ᠬᠡᠷᠡᠭᠲᠡᠢ᠃ ᠲᠥᠪᠯᠡᠷᠡᠭᠦᠯᠦᠨ ᠰᠤᠷᠤᠯᠴᠠᠬᠤ ᠪᠠ ᠪᠡᠶ᠎ᠡ ᠪᠠᠨ ᠳᠠᠭᠠᠭᠠᠵᠤ ᠰᠤᠷᠤᠯᠴᠠᠬᠤ ᠶᠢ ᠤᠶᠠᠯᠳᠤᠭᠤᠯᠬᠤ᠂ ᠲᠣᠭᠲᠠᠭᠠᠭᠰᠠᠨ ᠬᠥᠳᠡᠯᠭᠡᠭᠡᠨ ᠪᠠ ᠥᠪᠡᠰᠦᠪᠡᠨ ᠰᠣᠩᠭᠤᠬᠤ ᠬᠥᠳᠡᠯᠭᠡᠭᠡᠨ ᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠠᠷᠠᠳ ᠤᠨ ᠶᠠᠪᠤᠳᠠᠯ ᠤᠨ ᠠᠵᠢᠯ ᠤᠨ ᠪᠣᠳᠠᠲᠤ ᠲᠠᠢ ᠨᠢᠭᠲᠠ ᠤᠶᠠᠯᠳᠤᠭᠤᠯᠤᠨ ᠢᠯᠡ ᠲᠣᠳᠣ ᠤᠨᠴᠠᠯᠢᠭ ᠲᠠᠢ᠂ ᠬᠡᠯᠪᠡᠷᠢ ᠤᠯᠠᠨ ᠶᠠᠩᠵᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢ ᠦᠷᠨᠢᠬᠦᠯᠬᠦ ᠬᠡᠷᠡᠭᠳᠡᠢ᠃ ᠠᠵᠢᠯ ᠢ ᠠᠬᠢᠭᠤᠯᠤᠨ ᠨᠠᠶᠢᠳᠠᠪᠤᠷᠢᠵᠢᠭᠤᠯᠬᠤ ᠪᠠ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠭᠦᠢᠴᠡᠳᠬᠡᠬᠦ ᠲᠣᠭᠲᠠᠴᠠ ᠶᠢ ᠪᠠᠶᠢᠭᠤᠯᠵᠤ᠂ ᠲᠥᠷᠥᠯ ᠬᠤᠪᠢᠶᠠᠨ ᠵᠢᠯᠤᠭᠤᠳᠬᠤ ᠠᠵᠢᠯ ᠢ ᠬᠠᠨᠳᠤᠯᠭ᠎ᠠ ᠲᠠᠢ ᠥᠷᠨᠢᠭᠦᠯᠵᠦ᠂ ᠡᠯ᠎ᠡ ᠵᠦᠢᠯ ᠤᠨ ᠠᠵᠢᠯ ᠢ ᠶᠤᠰᠤᠴᠢᠯᠠᠨ ᠰᠠᠶᠢᠲᠤᠷ ᠪᠡᠶᠡᠯᠡᠭᠦᠯᠬᠦ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠤᠬᠠᠭᠤᠯᠤᠨ ᠵᠢᠯᠤᠭᠤᠳᠴᠤ᠂  ᠥᠳᠭᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠲᠢᠩᠬᠢᠮ ᠤᠨ ᠰᠢᠰᠲ᠋ᠧᠮ  ᠤᠨ ᠬᠢᠨ ᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠪᠠ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠲᠠᠯ᠎ᠠ ᠪᠠᠷ ᠤᠯᠠᠨ ᠲᠠᠯ᠎ᠠ ᠠᠴᠠ ᠳᠡᠯᠭᠡᠨ ᠦᠵᠡᠭᠦᠯᠵᠦ᠂ ᠥᠳᠭᠡᠨ ᠵᠤᠵᠠᠭᠠᠨ ᠠᠭᠤᠷ ᠠᠮᠢᠰᠬᠤᠯ ᠢ ᠪᠤᠢ  ᠪᠤᠯᠭᠠᠨ᠂ ᠭᠤᠣᠯ ᠰᠡᠳᠦᠪᠲᠦ ᠬᠥᠮᠦᠵᠢᠯ ᠤᠨ ᠯᠠᠪᠳᠠᠭᠤᠨ ᠢᠶᠠᠷ ᠥᠷᠨᠢᠬᠦ ᠶᠢ ᠠᠬᠢᠭᠤᠯᠬᠤ ᠬᠡᠷᠡᠭᠳᠡᠢ᠃    ᠱᠢ ᠯᠢᠶᠠᠩ ᠱᠠᠭᠠᠷᠳᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠪ ᠬᠤᠷᠢᠶᠠᠨ ᠤ ᠱᠠᠭᠠᠷᠳᠠᠯᠭ᠎ᠠ ᠶᠢ ᠰᠠᠯᠤᠯ ᠦᠭᠡᠢ ᠳᠠᠭᠠᠵᠤ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠵᠤ᠂ ᠭᠦᠨᠵᠡᠭᠡᠢ ᠣᠶᠢᠯᠠᠭᠠᠨ᠂ ᠣᠨᠣᠪᠴᠢᠲᠠᠢ ᠡᠵᠡᠮᠰᠢᠵᠦ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ︽ᠬᠤᠶᠠᠷ ᠢ ᠲᠤᠬᠳᠠᠭᠠᠬᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠶᠡᠷᠦᠩᠬᠡᠢ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ 《ᠬᠤᠶᠠᠷ  ᠲᠣᠮᠤ ᠶᠠᠪᠤᠳᠠᠯ》 ᠲᠠᠢ ᠨᠢᠭᠲᠠ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠢ ᠠᠷᠠᠳ ᠤᠨ ᠶᠠᠪᠤᠳᠠᠯ ᠤᠨ ᠭᠤᠣᠯᠳᠠᠯᠭ᠎ᠠ ᠲᠠᠢ ᠠᠵᠢᠯ᠂ ᠬᠠᠷᠢᠭᠤᠴᠠᠯᠭ᠎ᠠ ᠴᠢᠳᠠᠪᠬᠢ ᠯᠤᠭ᠎ᠠ ᠤᠶᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ 《ᠲᠠᠪᠤᠨ ᠶᠡᠭᠡ ᠡᠭᠦᠷᠭᠡ 》 ᠶᠢ ᠪᠡᠶᠡᠯᠡᠭᠦᠯᠬᠦ ᠪᠠᠷ ᠭᠤᠣᠯᠳᠠᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠢ ᠪᠦᠬᠦ ᠲᠠᠯ᠎ᠠ ᠪᠠᠷ ᠪᠠᠶᠢᠭᠤᠯᠬᠤ ᠬᠠᠷᠠᠯᠲᠠ ᠶᠢ ᠪᠦᠬᠦ ᠲᠠᠯ᠎ᠠ ᠪᠠᠷ  ᠪᠡᠶᠡᠯᠡᠬᠦᠯᠵᠤ᠂ ᠵᠥᠷᠢᠶ᠎ᠡ ᠪᠠᠨ ᠡᠷᠢᠵᠦ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠷᠠᠳ ᠤᠨ ᠶᠠᠪᠤᠳᠠᠯ ᠤᠨ ᠦᠢᠯᠡᠰ ᠤᠨ ᠴᠢᠨᠠᠷᠯᠢᠭ ᠬᠥᠭᠵᠢᠯᠲᠡ ᠶᠢ ᠲᠠᠰᠤᠷᠠᠯᠳᠡ ᠦᠭᠡᠢ ᠠᠬᠢᠭᠤᠯᠬᠤ ᠬᠡᠷᠡᠭᠲᠡᠢ᠃ ᠦᠨᠳᠦᠰᠦᠨ ᠡᠭᠦᠷᠭᠡ ᠳᠤ ᠢᠮᠠᠭᠲᠠ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠡᠨᠡ ᠬᠦ ᠦᠨᠳᠦᠰᠦᠨ ᠡᠭᠦᠷᠭᠡ ᠪᠠᠷ ᠭᠤᠣᠯ ᠰᠢᠵᠢᠮ ᠪᠣᠯᠭᠠᠵᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢ ᠶᠡᠭᠡ ᠪᠠᠷ ᠠᠳᠬᠤᠵᠤ ᠬᠥᠭᠵᠢᠯᠲᠡ ᠶᠢ ᠲᠦᠷᠭᠡᠳᠬᠡᠬᠦ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠦᠬᠦ ᠤᠯᠤᠰ ᠤᠨ ᠳᠤᠮᠳᠠ ᠲᠦᠪᠰᠢᠨ ᠳᠤ ᠬᠦᠷᠭᠡᠬᠦ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠴᠢᠷᠮᠠᠶᠢᠨ ᠠᠬᠢᠭᠤᠯᠬᠤ ᠬᠡᠷᠡᠭᠲᠡᠢ᠃ ᠪᠣᠳᠠᠲᠠᠢ ᠬᠠᠷᠠᠯᠲᠠ ᠶᠢᠨ ᠲᠣᠭᠤᠷᠢᠨ ᠳᠤ ᠠᠰᠠᠭᠤᠳᠠᠯ ᠤᠨ ᠤᠳᠤᠷᠢᠳᠤᠮᠵᠢ ᠶᠢ ᠳᠤᠪᠤᠶᠢᠯᠭᠠᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠪᠤᠭᠤᠮᠳᠠ ᠰᠢᠪᠳᠤᠯᠤᠯᠳᠠ᠂ ᠬᠥᠭᠵᠢᠯᠲᠡ ᠶᠢ ᠠᠬᠢᠭᠤᠯᠬᠤ ᠳᠡᠭᠡᠷ᠎ᠡ ᠦᠨᠡᠨ ᠬᠦ ᠢᠯᠡᠷᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠨᠠᠪᠲᠠᠷᠡᠭᠦᠯᠵᠦ᠂ ᠨᠢᠭᠡ ᠴᠣᠭᠴᠠᠵᠢᠭᠤᠯᠤᠨ ᠪᠠᠶᠢᠷᠢᠯᠠᠭᠤᠯᠬᠤ ᠶᠢ ᠪᠠᠷᠢᠮᠲᠠᠯᠠᠵᠤ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠰᠤᠷᠤᠯᠴᠠᠯᠭ᠎ᠠ ᠪᠠᠷ ᠡᠬᠢᠯᠡᠯᠲᠡ ᠪᠣᠯᠭᠠᠬᠤ᠂ ᠪᠠᠶᠢᠴᠠᠭᠠᠨ ᠰᠤᠳᠤᠯᠤᠯᠲᠠ ᠪᠠᠷ ᠵᠠᠮ ᠨᠡᠭᠡᠭᠡᠬᠦ᠂ ᠪᠣᠳᠠᠲᠠᠢ ᠠᠵᠢᠯᠯᠠᠬᠤ ᠪᠠᠷ ᠡᠬᠢᠯᠡᠯᠲᠡ ᠪᠣᠯᠭᠠᠬᠤ᠂ ᠰᠢᠰᠲ᠋ᠧᠮ ᠲᠠᠢ ᠠᠷᠭ᠎ᠠ ᠰᠦᠪᠡᠭᠴᠢᠯᠡᠬᠦ᠂  ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠴᠢᠨᠠᠷᠵᠢᠭᠤᠨ ᠪᠡᠶᠡᠯᠡᠬᠦᠯᠬᠦ ᠬᠡᠷᠡᠭᠳᠡᠢ᠃     ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠶᠢᠰᠦᠳᠦᠭᠡᠷ ᠲᠣᠭᠤᠷᠢᠨ ᠵᠢᠯᠤᠭᠤᠳᠬᠤ ᠳᠤᠭᠤᠶᠢᠯᠠᠩ ᠤᠨ ᠭᠦᠸᠧ ᠶᠤᠸᠠᠨ ᠶᠤᠸᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠪᠠᠶᠢᠭᠤᠯᠭ᠎ᠠ᠂ ᠰᠢᠭᠤᠳ ᠬᠠᠷᠢᠶ᠎ᠠ ᠨᠢᠬᠡᠴᠢ ᠶᠢᠨ ᠪᠥᠬᠦ ᠺᠠᠳ᠋ᠷ ᠠᠵᠢᠯᠲᠠᠨ ᠠᠵᠢᠯᠴᠢᠨ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠬᠤᠷᠢᠶ᠎ᠠ ᠶᠢᠨ ᠠᠷᠠᠳ ᠤᠨ ᠶᠠᠪᠤᠳᠠᠯ ᠤᠨ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠪᠥᠬᠦ ᠠᠵᠢᠯᠲᠠᠨ ᠪᠠ  ᠳᠡᠳᠭᠦᠪᠦᠷᠢ ᠳᠤ ᠭᠠᠷᠤᠬᠰᠠᠨ ᠨᠢᠬᠡ ᠪᠦᠯᠦᠭ ᠠᠬᠠᠮᠠᠳ ᠺᠠᠳ᠋ᠷᠴᠤᠳ ᠬᠤᠷᠠᠯ ᠳᠤ ᠤᠷᠤᠯᠴᠠᠬᠰᠠᠨ ᠪᠠᠶᠢᠨ᠎ᠠ᠃      ᠮᠡᠳᠡᠭᠡᠯᠡᠭᠴᠢ ᠶᠢᠨ ᠬᠠᠶ᠋ᠢᠭ᠄  ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ     ᠤᠷᠴᠢᠭᠤᠯᠤᠬᠴᠢ ᠶᠢᠨ ᠬᠠᠶ᠋ᠢᠭ᠄ ᠦᠪᠤᠷ ᠮᠤᠩᠭᠤᠯ ᠤᠨ ᠰᠤᠷᠭᠠᠨ ᠬᠦᠮᠤᠵᠢᠯ ᠤᠨ ᠬᠡᠪᠯᠡᠯ ᠤᠨ ᠬᠤᠷᠢᠶ᠎ᠠ  
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ ᠤᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号