ᠠᠷᠠᠳ ᠤᠨ ᠶᠠᠪᠤᠳᠠᠯ ᠤᠨ ᠲᠢᠩᠬᠢᠮ ᠤᠨ ᠬᠢᠨ ᠲᠤᠰᠠᠯᠠᠮᠵᠢ ᠶᠢᠨ ᠮᠥᠩᠭᠦ ᠶᠢ ᠲᠠᠷᠬᠠᠭᠠᠬᠤ ᠠᠵᠢᠯ ᠢ ᠰᠠᠶᠢᠲᠤᠷ ᠬᠢᠵᠦ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ  ᠪᠠᠳᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2023/5/26
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠦᠨᠤ ᠵᠢᠯ ᠨᠡᠶᠢᠭᠡᠮ ᠤᠨ  ᠲᠤᠰᠠᠯᠠᠮᠵᠢ ᠶᠢᠨ ᠠᠵᠢᠯ ᠤᠨ ᠲᠣᠭᠲᠠᠴᠠ ᠶᠢ ᠤᠯᠠᠮ ᠪᠦᠷᠢᠨᠰᠢᠭᠦᠯᠵᠦ᠂ ᠲᠤᠰᠠᠯᠠᠮᠵᠢ ᠬᠦᠷᠳᠡᠭᠰᠡᠳ ᠢ ᠨᠠᠷᠢᠯᠢᠭ ᠣᠨᠣᠴᠠᠲᠠᠢ ᠮᠠᠭᠠᠳᠯᠠᠨ ᠲᠣᠭᠲᠠᠭᠠᠵᠤ᠂ ᠨᠥᠬᠦᠴᠡᠯ ᠳᠤ ᠨᠡᠶᠢᠴᠡᠬᠦ ᠬᠦᠴᠢᠷᠳᠡᠯᠲᠡᠢ ᠬᠥᠮᠥᠰ ᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠤᠨ ᠲᠤᠰᠠᠯᠠᠮᠵᠢ ᠶᠢᠨ ᠪᠠᠲᠤᠯᠠᠭ᠎ᠠ ᠶᠢᠨ ᠬᠡᠪᠴᠢᠶᠡᠨ ᠳᠤ ᠴᠠᠭ ᠲᠤᠬᠠᠢ  ᠳᠤ ᠨᠢ ᠣᠷᠣᠭᠤᠯᠪᠠ᠃ ᠲᠦᠷ ᠴᠠᠭ ᠤᠨ ᠲᠤᠰᠠᠯᠠᠮᠵᠢ ᠶᠢᠨ ᠡᠷᠴᠢᠮ ᠢᠶᠠᠨ ᠴᠢᠩᠭᠠᠷᠠᠭᠤᠯᠵᠤ᠂ ᠭᠡᠨᠡᠳᠲᠡ ᠶᠢᠨ᠂ ᠲᠤᠯᠭᠠᠮ᠂ ᠲᠦᠷ ᠴᠠᠭ ᠤᠨ ᠠᠮᠢᠳᠤᠷᠠᠯ ᠤᠨ ᠬᠦᠴᠢᠷᠳᠡᠯ ᠲᠤᠯᠭᠠᠷᠠᠬᠰᠠᠳ ᠲᠤ ᠲᠦᠷ ᠴᠠᠭ ᠤᠨ  ᠲᠤᠰᠠᠯᠠᠮᠵᠢ ᠤᠯᠭᠤᠪᠠ᠃ ᠬᠦᠴᠢᠷᠳᠡᠯᠲᠡᠢ ᠣᠯᠠᠨ ᠲᠦᠮᠡᠨ ᠤ ᠲᠤᠰᠠᠯᠠᠮᠵᠢ  ᠶᠢᠨ ᠮᠥᠩᠭᠦ ᠶᠢ ᠴᠠᠭ ᠲᠤᠬᠠᠢ ᠳᠤ ᠨᠢ ᠤᠯᠭᠤᠬᠰᠠᠨ ᠡᠰᠡᠬᠦ ᠳᠤ ᠴᠠᠭ ᠲᠤᠬᠠᠢ ᠳᠤ ᠨᠢ ᠬᠢᠨᠠᠯᠲᠠ  ᠲᠠᠯᠪᠢᠵᠤ᠂ ᠠᠵᠢᠯ ᠤᠨ ᠲᠣᠬᠢᠷᠠᠭᠤᠯᠤᠯᠲᠠ ᠶᠢ ᠴᠢᠩᠭᠠᠷᠠᠭᠤᠯᠤᠨ᠂ ᠲᠤᠰᠠᠯᠠᠮᠵᠢ ᠶᠢᠨ ᠮᠦᠡᠭᠭᠦ ᠶᠢ ᠴᠠᠭ ᠲᠤᠬᠠᠢ ᠳᠤ ᠨᠢ᠂ ᠲᠤᠭ᠎ᠠ ᠶᠣᠰᠣᠭᠠᠷ᠂ ᠣᠨᠣᠪᠴᠢᠲᠠᠶ ᠣᠯᠭᠤᠬᠤ ᠶᠢ ᠦᠨᠡᠨ ᠬᠦ ᠪᠠᠳᠤᠯᠠᠬᠰᠠᠨ ᠪᠠᠶᠢᠨ᠎ᠠ᠃    2023 ᠣᠨ ᠤ 1 ︱ 4 ᠳ᠋ᠤᠬᠡᠷ ᠰᠠᠷ᠎ᠠ ᠳᠤ᠂ ᠪᠥᠬᠦ ᠣᠷᠣᠨ ᠳᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠪᠠᠷ 152.01 ᠲᠦᠮᠡᠨ ᠬᠥᠮᠥᠨ ᠢ ᠪᠠᠲᠤᠯᠠᠵᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠡᠯᠡ ᠮᠥᠩᠭᠦ ᠶᠢ 23.75 ᠳ᠋ᠦᠩᠰᠢᠭᠤᠷ ᠲᠥᠭᠦᠷᠢᠭ ᠲᠠᠷᠬᠠᠭᠠᠪᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号