ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠺᠠᠳ᠋ᠷ ᠤᠨ ᠰᠡᠳᠬᠢᠴᠡ ᠶᠢᠨ ᠡᠷᠡᠬᠦᠯ ᠮᠡᠨᠳᠤ ᠶᠢᠨ ᠲᠠᠶᠢᠯᠤᠮᠵᠢ ᠡᠷᠬᠢᠯᠡᠪᠡ
ᠨᠡᠶᠢᠲᠡᠯᠡᠭᠰᠡᠨ ᠴᠠᠭ᠄
2023/5/6
    ᠺᠠᠳ᠋ᠷᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢ ᠬᠠᠯᠠᠮᠵᠢᠯᠠᠬᠤ ᠠᠵᠢᠯ ᠢ ᠰᠠᠶᠢᠲᠤᠷ ᠬᠢᠵᠦ᠂ ᠺᠠᠳ᠋ᠷ ᠠᠵᠢᠯᠲᠠᠨ ᠤ ᠥᠪᠡᠷ ᠢ ᠪᠠᠨ ᠬᠠᠯᠠᠮᠵᠢᠯᠠᠬᠤ ᠰᠡᠳᠬᠢᠴᠡ ᠶᠢᠨ ᠡᠷᠡᠭᠦᠯ ᠮᠡᠨᠳᠦ ᠶᠢᠨ ᠤᠬᠠᠮᠰᠠᠷ ᠢ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨᠴᠢ ᠰᠡᠳᠬᠢᠴᠡ ᠶᠢᠨ ᠵᠣᠬᠢᠴᠠᠭᠤᠯᠬᠤ ᠠᠷᠭ᠎ᠠ ᠶᠢ ᠡᠵᠡᠮᠰᠢᠵᠦ᠂ ᠠᠵᠢᠯ ᠠᠮᠢᠳᠤᠷᠠᠯ ᠤᠨ ᠳᠠᠷᠤᠭᠠᠰᠤ ᠶᠢ ᠬᠥᠩᠭᠡᠷᠡᠭᠦᠯᠵᠦ᠂ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ 4 ᠳ᠋ᠤᠬᠡᠷ ᠰᠠᠷ᠎ᠠ ᠶᠢᠨ 27 ᠤ ᠦᠳᠡ ᠶᠢᠨ ᠡᠮᠦᠨ᠎ᠡ  ᠺᠠᠳ᠋ᠷᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠲᠠᠶᠢᠯᠤᠮᠵᠢ ᠡᠷᠭᠢᠯᠡᠪᠡ᠃
W020230428604028985766.jpg
    ᠲᠠᠶᠢᠯᠤᠮᠵᠢ ᠳᠤ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠡᠳᠬᠢᠴᠡ ᠶᠢᠨ ᠳᠡᠭᠡᠳᠦ ᠰᠤᠷᠭᠠᠭᠤᠯᠢ ᠶᠢᠨ ᠰᠡᠳᠬᠢᠴᠡ ᠶᠢᠨ ᠰᠠᠯᠪᠤᠷᠢ ᠶᠢᠨ ᠡᠷᠬᠢᠯᠡᠭᠴᠢ ᠶᠠᠩ ᠰᠢᠶᠣᠣ ᠹᠸᠡᠭ ᠫᠷᠤᠹᠥᠰᠰᠤᠷ ︽ᠪᠠᠶᠠᠰᠤᠩᠭᠤᠢ ᠰᠡᠳᠬᠢᠴᠡ ᠪᠠᠷ ᠲᠠᠷᠤᠭᠠᠰᠤ ᠶᠢ ᠠᠷᠭᠠᠴᠠᠭᠠᠬᠤ︾ ᠪᠠᠷ ᠭᠤᠣᠯ ᠰᠡᠳᠦᠪ  ᠢᠶᠠᠷ ᠲᠠᠶᠢᠯᠤᠮᠵᠢ ᠬᠢᠬᠦ ᠳᠤ ᠪᠠᠨ ᠡᠩ ᠲᠡᠷᠢᠭᠦᠨ ᠳᠤ ᠪᠦᠬᠦ ᠬᠥᠮᠥᠰ ᠢ ᠳᠠᠭᠠᠭᠤᠯᠤᠨ ᠰᠡᠳᠬᠢᠴᠡ ᠶᠢᠨ ᠳᠠᠷᠤᠭᠠᠰᠤ ᠶᠢᠨ ᠰᠢᠯᠭᠠᠯᠲᠠ ᠬᠢᠪᠡ᠃ ᠡᠶᠢᠨ ᠬᠦ ᠣᠯᠠᠨ ᠢᠶᠠᠷ ᠢᠶᠠᠨ ᠣᠳᠣᠬᠠᠨ ᠤ ᠰᠡᠳᠬᠢᠴᠡ ᠶᠢᠨ ᠳᠠᠷᠤᠭᠠᠰᠤ ᠶᠢᠨ ᠬᠡᠮᠵᠢᠶ᠎ᠡ ᠶᠢᠨ ᠲᠤᠬᠠᠢ ᠠᠩᠬᠠᠨ ᠤ ᠣᠶᠢᠯᠠᠭᠠᠯᠲᠠ ᠲᠠᠢ ᠪᠤᠯᠤᠯ᠎ᠠ᠃ ᠵᠠᠯᠭᠠᠭᠠᠳ ᠰᠡᠳᠬᠢᠴᠡ ᠶᠢᠨ ᠡᠷᠡᠭᠦᠯ ᠮᠡᠨᠳᠦ ᠶᠢᠨ ᠦᠨᠳᠦᠰᠦᠨ ᠮᠡᠳᠡᠯᠭᠡ ᠶᠢ ᠲᠦᠭᠡᠮᠡᠯᠵᠢᠭᠦᠯᠵᠦ᠂ ᠲᠠᠷᠤᠭᠠᠰᠤ ᠪᠣᠯᠣᠨ ᠰᠡᠳᠬᠢᠯ ᠤᠨ ᠪᠠᠶᠢᠳᠠᠯ ᠤᠨ ᠨᠥᠯᠥᠭᠡᠯᠡᠬᠦ ᠬᠦᠴᠦᠨ ᠵᠦᠢᠯ᠂ ᠳᠠᠪᠬᠤᠷ ᠦᠢᠯᠡᠳᠦᠯ ᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠵᠠᠳᠠᠯᠵᠤ᠂ ᠰᠡᠳᠬᠢᠴᠡ ᠶᠢᠨ ᠵᠦᠢ ᠶᠢᠨ ᠲᠤᠷᠰᠢᠯᠲᠠ ᠪᠠ ᠶᠡᠭᠡ ᠬᠡᠮᠵᠢᠶᠡᠨ ᠤ ᠵᠢᠱᠢᠶ᠎ᠡ ᠲᠠᠢ ᠤᠶᠠᠯᠳᠤᠭᠤᠯᠤᠨ ᠤᠯᠠᠨ ᠢ ᠵᠢᠯᠣᠭᠤᠳᠤᠨ ᠠᠵᠢᠯ ᠪᠠ ᠠᠮᠢᠳᠤᠷᠠᠯ ᠤᠨ ᠳᠤᠮᠳᠠ ᠲᠤᠯᠭᠠᠷᠠᠵᠤ ᠪᠠᠶᠢᠭ᠎ᠠ ᠳᠠᠷᠤᠯᠲᠠ ᠶᠢ ᠵᠥᠪ ᠲᠠᠨᠢᠭᠤᠯᠬᠤ ᠶᠢᠨ ᠬᠠᠮᠳᠤ᠂ ᠳᠠᠷᠤᠯᠲᠠ ᠶᠢ ᠬᠠᠮᠢᠶᠠᠷᠬᠤ᠂ ᠤᠷᠮ᠎ᠠ ᠰᠡᠳᠬᠢᠯᠭᠡ ᠶᠢ ᠵᠣᠬᠢᠴᠠᠭᠤᠯᠬᠤ ᠠᠷᠭ᠎ᠠ ᠪᠠ ᠰᠠᠨᠠᠭᠤᠯᠭ᠎ᠠ ᠶᠢ ᠲᠠᠶᠢᠯᠪᠤᠷᠢᠯᠠᠬᠤ ᠶᠢᠨ ᠬᠠᠮᠲᠤ ᠤᠯᠠᠨ ᠢ ᠳᠠᠭᠠᠭᠤᠯᠤᠨ ᠲᠤᠬᠠᠢ ᠶᠢᠨ ᠲᠠᠯᠠᠪᠤᠷ ᠲᠤ ᠳᠠᠷᠤᠯᠲᠠ ᠲᠠᠶᠢᠯᠬᠤ ᠲᠠᠮᠢᠷ ᠪᠠ ᠭᠦᠨ ᠪᠣᠳᠣᠯᠭᠠᠰᠢᠷᠠᠬᠤ ᠠᠷᠭ᠎ᠠ ᠶᠢ ᠰᠤᠷᠤᠯᠴᠠᠭᠤᠯᠪᠠ᠃
W020230428604028991519.jpg
    ᠲᠠᠶᠢᠯᠤᠮᠵᠢ  ᠶᠢᠨ ᠲᠠᠷᠠᠭ᠎ᠠ ᠬᠦᠮᠦᠰ᠂ ᠠᠵᠢᠯ ᠠᠮᠢᠳᠤᠷᠠᠯ ᠤᠨ ᠠᠶᠢᠵᠠᠮ ᠲᠦᠷᠭᠡᠰᠬᠦ ᠶᠢ ᠳᠠᠭᠠᠯᠳᠤᠨ᠂ ᠡᠯ᠎ᠡ ᠲᠠᠯ᠎ᠠ ᠶᠢᠨ ᠳᠠᠷᠤᠯᠲᠠ ᠲᠠᠰᠤᠷᠠᠯᠲᠠ ᠦᠭᠡᠢ ᠨᠡᠮᠡᠭᠳᠡᠭᠰᠡᠨ ᠪᠤᠯᠬᠤᠷ ᠴᠠᠭ ᠲᠤᠬᠠᠢ ᠳᠤ ᠨᠢ ᠰᠡᠳᠬᠢᠴᠡ ᠶᠢᠨ ᠵᠣᠬᠢᠴᠠᠭᠤᠯᠭ᠎ᠠ ᠬᠢᠬᠦ ᠨᠢ ᠮᠠᠰᠢ ᠴᠢᠬᠤᠯᠠ ᠶᠤᠮ᠂ ᠲᠣᠰ ᠲᠠᠶᠢᠯᠤᠮᠵᠢ ᠴᠠᠭ  ᠲᠤ ᠪᠠᠨ ᠠᠷᠭ᠎ᠠ ᠦᠬᠡᠢ ᠲᠣᠬᠢᠷᠠᠭᠰᠠᠨ ᠪᠠᠶᠢᠨ᠎ᠠ ᠬᠡᠵᠡᠬᠡᠵᠤ ᠪᠠᠶᠢᠯ᠎ᠠ᠃ ᠶᠠᠩ ᠪᠠᠭᠰᠢ ᠶᠢᠨ ᠲᠠᠶᠢᠯᠤᠮᠵᠢ ᠰᠢᠨᠵᠢᠯᠡᠬᠦ ᠤᠬᠠᠭᠠᠨᠴᠢ ᠴᠢᠨᠠᠷ ᠪᠠ ᠬᠡᠷᠡᠭᠯᠡᠭᠡᠨ ᠤ ᠴᠢᠨᠠᠷ ᠢ ᠤᠶᠠᠯᠳᠤᠭᠤᠯᠵᠤ᠂ ᠬᠠᠷᠢᠯᠴᠠᠨ ᠦᠢᠯᠡᠳᠦᠯᠴᠡᠬᠦ ᠴᠢᠨᠠᠷ ᠲᠠᠢ ᠮᠥᠷᠲᠡᠭᠡᠨ ᠪᠠᠰᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠨᠠᠷ ᠲᠠᠢ ᠪᠠᠶᠢᠵᠤ᠂ ᠪᠠᠶᠢᠭᠤᠯᠭ᠎ᠠ ᠶᠢᠨ ᠺᠠᠳ᠋ᠷᠴᠤᠳ ᠤᠨ ᠰᠡᠳᠬᠢᠯ ᠤᠨ ᠶᠠᠳᠠᠷᠠᠯ ᠢ ᠲᠠᠶᠢᠯᠬᠤ᠂ ᠰᠡᠳᠬᠢᠯ ᠤᠨ ᠳᠠᠷᠤᠭᠠᠰᠤ ᠶᠢ ᠬᠥᠩᠭᠡᠷᠡᠭᠦᠯᠬᠦ᠂ ᠠᠵᠢᠯ ᠪᠠ ᠠᠮᠢᠳᠤᠷᠠᠯ ᠤᠨ ᠳᠤᠮᠳᠠᠬᠢ ᠲᠥᠭᠡᠷᠢᠭᠳᠡᠯ ᠢ ᠰᠢᠢᠳᠪᠦᠷᠢᠯᠡᠬᠦ ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂  ᠪᠡᠶ᠎ᠡ ᠰᠡᠳᠬᠢᠯ ᠤᠨ ᠡᠷᠡᠭᠦᠯ ᠮᠡᠨᠳᠦ ᠶᠢ ᠠᠬᠢᠭᠤᠯᠬᠤ ᠳᠤ ᠲᠤᠶᠢᠯ ᠤᠨ ᠠᠰᠢᠭᠲᠠᠢ ᠶᠤᠮ᠃
  W020230428604029006686.jpg      ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ
 ᠢ ᠺᠠᠳ᠋ᠷ ᠤᠨ ᠬᠥᠮᠦᠵᠢᠯ ᠪᠣᠯᠪᠠᠰᠤᠷᠠᠯ ᠤᠨ ᠴᠢᠬᠤᠯᠠ ᠪᠦᠷᠢᠯᠳᠦᠭᠦᠨ ᠬᠡᠰᠡᠭ ᠪᠣᠯᠭᠠᠵᠤ᠂ ᠺᠠᠳ᠋ᠷ ᠠᠵᠢᠯᠲᠠᠨ ᠠᠵᠢᠯᠴᠢᠨ ᠤ ᠰᠡᠳᠬᠢᠴᠡ ᠶᠢᠨ ᠡᠷᠡᠭᠦᠯ ᠮᠡᠨᠳᠦ ᠶᠢ ᠦᠷᠭᠦᠯᠵᠢᠯᠡᠨ ᠠᠩᠬᠠᠷᠴᠤ᠂ ᠰᠡᠳᠬᠢᠴᠡ ᠶᠢᠨ ᠵᠦᠢ ᠶᠢᠨ ᠠᠷᠭ᠎ᠠ ᠪᠠᠷ ᠲᠠᠷᠤᠭᠠᠰᠤ ᠶᠢ ᠰᠠᠶᠢᠳᠤᠷ ᠬᠦᠡᠭᠭᠡᠯᠡᠵᠤ᠂ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠠᠵᠢᠯ ᠳᠤ ᠪᠠᠨ ᠭᠠᠪᠰᠢᠭᠠᠶᠢᠯᠠᠬᠤ ᠳᠤ ᠲᠠᠶᠢᠴᠢᠯᠠᠬᠤ ᠪᠤᠯᠤᠨ᠎ᠠ᠃    ᠲᠢᠩᠬᠢᠮ ᠤᠨ ᠪᠠᠶᠢᠭᠤᠯᠭ᠎ᠠ ᠪᠣᠯᠣᠨ ᠠᠵᠢᠯ ᠦᠢᠯᠡᠰ ᠤᠨ ᠨᠢᠬᠡᠴᠢ ᠶᠢᠨ 70 ᠭᠠᠷᠤᠢ ᠺᠠᠳ᠋ᠷ ᠠᠵᠢᠯᠲᠠᠨ ᠲᠠᠶᠢᠯᠤᠮᠵᠢ ᠶᠢ ᠰᠤᠨᠤᠰᠪᠠ᠃   
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号