ᠭᠠᠵᠠᠷ ᠤᠨ ᠨᠡᠷᠡᠰ ᠤᠨ ᠬᠠᠮᠢᠶᠠᠷᠤᠯᠳᠠ ᠶᠢᠨ ᠲᠦᠷᠢᠮ᠄ ᠲᠠᠪᠤᠳᠤᠭᠠᠷ ᠪᠦᠯᠦᠭ      ᠬᠢᠨᠠᠯᠲᠠ ᠲᠠᠯᠪᠢᠬᠤ ᠂ ᠪᠠᠶᠢᠴᠠᠭᠠᠬᠤ
ᠨᠡᠶᠢᠲᠡᠯᠡᠭᠰᠡᠨ ᠴᠠᠭ᠄
2023/6/19
    ᠬᠤᠷᠢᠨ ᠨᠠᠢᠮᠠᠳᠤᠭᠠᠷ ᠵᠦᠢᠯ᠄ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤᠨ ᠭᠠᠵᠠᠷ ᠤᠨ ᠨᠡᠷᠡᠰ  ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠳᠣᠣᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠵᠠᠷ  ᠤᠨ ᠨᠡᠷᠡᠰ ᠤᠨ ᠵᠠᠰᠠᠭ ᠵᠠᠬᠢᠷᠭᠠᠨ  ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ  ᠤᠨ ᠭᠠᠵᠠᠷ  ᠤᠨ ᠨᠡᠷᠡᠰ ᠤᠨ ᠬᠠᠮᠢᠶᠠᠷᠤᠯᠲᠠ ᠶᠢᠨ ᠠᠵᠢᠯ ᠳᠤ ᠬᠢ ᠵᠢᠯᠣᠭᠤᠳᠤᠯᠭ᠎ᠠ᠂ ᠬᠢᠨᠠᠯᠲᠠ ᠪᠠᠨ ᠴᠢᠩᠭᠠᠳᠬᠠᠬᠤ ᠬᠡᠷᠡᠭᠲᠡᠢ᠃ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠣᠣᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠠᠵᠢᠯ ᠢ ᠵᠢᠯᠤᠭᠤᠳᠴᠤ᠂ ᠬᠢᠨᠠᠬᠤ ᠬᠡᠷᠡᠭᠳᠡᠢ᠃    ᠬᠤᠷᠢ ᠶᠢᠰᠦᠳᠦᠭᠡᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠠᠵᠠᠷ ᠤᠨ ᠨᠡᠷᠡᠰ ᠢ ᠨᠡᠷᠡᠶᠢᠳᠬᠦ᠂ ᠬᠠᠯᠠᠬᠤ᠂ ᠬᠡᠷᠡᠭᠯᠡᠬᠦ᠂ ᠰᠣᠶᠣᠯ ᠤᠨ ᠬᠠᠮᠠᠭᠠᠯᠠᠯᠲᠠ ᠳᠤ ᠲᠠᠯᠪᠢᠬᠤ ᠬᠢᠨᠠᠯᠲᠠ ᠪᠠᠶᠢᠴᠠᠭᠠᠯᠲᠠ ᠪᠠᠨ ᠬᠠᠤᠯᠢ ᠶᠣᠰᠣᠭᠠᠷ ᠴᠢᠩᠭᠠᠳᠬᠠᠬᠤ ᠬᠡᠷᠡᠭᠲᠡᠢ᠃    ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠬᠤ ᠬᠡᠷᠡᠭᠳᠡᠢ᠃    ᠭᠤᠴᠢᠳᠤᠭᠠᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠠᠵᠢᠯ ᠢ ᠬᠢᠨᠠᠵᠤ ᠪᠠᠶᠢᠴᠠᠭᠠᠬᠤ ᠳᠤ ᠪᠠᠨ ᠲᠠᠷᠠᠭᠠᠬᠢ ᠠᠷᠭ᠎ᠠ ᠶᠢ ᠠᠪᠬᠤ ᠡᠷᠬᠡ ᠲᠠᠢ᠄    ︵ᠨᠢᠭᠡ︶ ᠬᠤᠯᠪᠣᠭᠳᠠᠯ ᠪᠦᠬᠦᠢ ᠲᠤᠬᠠᠢ ᠶᠢᠨ ᠬᠥᠮᠥᠨ ᠠᠴᠠ ᠯᠠᠪᠯᠠᠨ ᠠᠰᠠᠭᠤᠵᠤ᠂ ᠭᠠᠵᠠᠷ ᠤᠨ ᠨᠡᠷᠡᠰ ᠤᠨ ᠬᠠᠮᠢᠶᠠᠷᠤᠯᠲᠠ ᠳᠤ ᠬᠤᠯᠪᠣᠭᠳᠠᠬᠤ ᠪᠠᠶᠢᠳᠠᠯ ᠢ ᠪᠠᠶᠢᠴᠠᠭᠠᠨ᠎ᠠ᠃    ︵ᠬᠤᠶᠠᠷ︶ ᠬᠤᠯᠪᠣᠭᠳᠠᠯ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠬᠦ᠂ ᠪᠠᠭᠤᠯᠭᠠᠨ ᠠᠪᠬᠤ᠃    ︵ᠭᠤᠷᠪᠠ︶ ᠭᠠᠵᠠᠷ ᠤᠨ ᠨᠡᠷᠡᠰ ᠤᠨ ᠬᠠᠤᠯᠢ ᠶᠢ ᠵᠥᠷᠢᠴᠡᠭᠰᠡᠨ ᠠᠵᠢᠯᠯᠠᠭ᠎ᠠ ᠣᠷᠣᠰᠢᠵᠤ ᠪᠠᠶᠢᠬᠤ ᠰᠡᠵᠢᠭᠯᠡᠯᠲᠡᠢ ᠲᠠᠯᠠᠪᠤᠷ ᠢ ᠲᠤᠬᠠᠢ ᠶᠢᠨ ᠭᠠᠵᠠᠷ ᠲᠤ ᠨᠢ ᠪᠠᠶᠢᠴᠠᠭᠠᠬᠤ᠃    ︵ᠳᠥᠷᠪᠡ︶ ᠭᠠᠵᠠᠷ ᠤᠨ ᠨᠡᠷᠡᠰ ᠤᠨ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠬᠤᠯᠪᠣᠭᠳᠠᠭᠰᠠᠨ ᠡᠳ᠋ ᠪᠣᠳᠠᠰ ᠢ ᠪᠠᠶᠢᠴᠠᠭᠠᠬᠤ᠃    ︵ᠲᠠᠪᠤ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠠᠷᠭ᠎ᠠ᠃    ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ  ᠬᠢᠨ ᠡᠮᠦᠨᠡᠬᠢ ᠵᠦᠢᠯ ᠳᠤ ᠲᠣᠭᠲᠠᠭᠠᠭᠰᠠᠨ ᠡᠷᠬᠡ ᠲᠤᠰᠢᠶᠠᠯ ᠢ ᠬᠠᠤᠯᠢ ᠶᠣᠰᠣᠭᠠᠷ ᠭᠦᠢᠴᠡᠳᠬᠡᠬᠦ ᠦᠶ᠎ᠡ ᠳᠤ᠂ ᠲᠤᠬᠠᠢ ᠶᠢᠨ ᠬᠥᠮᠥᠨ ᠨᠢ ᠬᠠᠪᠰᠤᠷᠴᠤ᠂ ᠬᠠᠮᠵᠢᠯᠴᠠᠬᠤ ᠬᠡᠷᠡᠭᠲᠡᠢ᠂ ᠲᠡᠪᠴᠢᠬᠦ ᠪᠤᠶᠤ ᠬᠠᠷᠰᠢᠯᠠᠵᠤ ᠪᠣᠯᠬᠤ ᠦᠭᠡᠢ᠃    ᠭᠤᠴᠢᠨ ᠨᠢᠭᠡᠳᠦᠭᠡᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠢᠨᠠᠯᠲᠠ ᠲᠠᠯᠪᠢᠵᠤ ᠪᠠᠶᠢᠴᠠᠭᠠᠬᠤ ᠶᠠᠪᠤᠴᠠ ᠳᠤ ᠪᠠᠨ ᠭᠠᠵᠠᠷ ᠤᠨ ᠨᠡᠷ᠎ᠡ ᠶᠢ ᠨᠡᠷᠡᠶᠢᠳᠬᠦ᠂ ᠬᠠᠯᠠᠬᠤ᠂ ᠬᠡᠷᠡᠭᠯᠡᠬᠦ᠂ ᠰᠣᠶᠣᠯ ᠤᠨ ᠬᠠᠮᠠᠭᠠᠯᠠᠯᠲᠠ ᠳᠤ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠢ ᠳᠤ ᠨᠢ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠰᠢᠢᠳᠪᠤᠷᠢᠯᠡᠬᠦᠯᠬᠦ ᠰᠠᠨᠠᠭᠤᠯᠭ᠎ᠠ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤ ᠬᠠᠤᠯᠢ ᠶᠣᠰᠣᠭᠠᠷ ᠳᠤᠷᠠᠳᠬᠤ ᠬᠡᠷᠡᠭᠲᠡᠢ᠃ ᠴᠢᠬᠤᠯᠠ ᠲᠠᠢ ᠦᠶ᠎ᠡ ᠳᠤ  ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠰᠡᠵᠢᠭᠯᠡᠯᠲᠡᠢ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠰ  ᠲᠠᠢ ᠪᠣᠯᠵᠣᠨ ᠶᠠᠷᠢᠯᠴᠠᠬᠤ ᠶᠢᠨ ᠬᠠᠮᠲᠤ ᠨᠡᠶᠢᠭᠡᠮ ᠨᠡᠶᠢᠳᠡ ᠳᠤ ᠮᠡᠳᠡᠭᠳᠡᠵᠦ ᠪᠣᠯᠣᠨ᠎ᠠ᠃    ᠭᠤᠴᠢᠨ ᠬᠤᠶᠠᠳᠤᠭᠠᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠠᠵᠠᠷ ᠤᠨ ᠨᠡᠷ᠎ᠡ ᠶᠢ ᠨᠡᠷᠡᠶᠢᠳᠦᠭᠰᠡᠨ᠂ ᠬᠠᠯᠠᠭᠰᠠᠨ᠂ ᠬᠡᠷᠡᠭᠯᠡᠭᠰᠡᠨ᠂ ᠰᠣᠶᠣᠯ ᠤᠨ ᠬᠠᠮᠠᠭᠠᠯᠠᠯᠲᠠ ᠵᠡᠷᠭᠡ ᠪᠠᠶᠢᠳᠠᠯ ᠢ ᠬᠦᠨᠳᠡᠯᠡᠨ ᠤ ᠪᠠᠶᠢᠭᠤᠯᠤᠮᠵᠢ ᠳᠤ ᠨᠠᠶᠢᠳᠠᠵᠤ ᠦᠨᠡᠯᠡᠬᠦᠯᠵᠤ ᠪᠣᠯᠣᠨ᠎ᠠ᠃    ᠭᠤᠴᠢᠨ ᠭᠤᠷᠪᠠᠳᠤᠭᠠᠷ ᠵᠦᠢᠯ᠄ ᠶᠠᠮᠠᠷᠪᠠ ᠨᠢᠬᠡᠴᠢ ᠪᠠ ᠬᠤᠪᠢ ᠬᠥᠮᠥᠨ ᠤ ᠲᠤᠰ ᠳᠦᠷᠢᠮ ᠤᠨ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠶᠢ ᠮᠡᠳᠡᠪᠡᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ  ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠯᠡᠴᠢᠯᠡᠵᠤ ᠪᠣᠯᠣᠨ᠎ᠠ᠃ ᠢᠯᠡᠴᠢᠯᠡᠯᠳᠡ ᠶᠢ ᠣᠯᠣᠭᠰᠠᠨ ᠰᠠᠯᠠᠭ᠎ᠠ ᠮᠥᠴᠢᠷ ᠨᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢᠯᠡᠴᠢᠯᠡᠭᠴᠢ ᠶᠢᠨ ᠬᠤᠯᠪᠣᠭᠳᠠᠯ ᠪᠦᠬᠦᠢ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠢ᠃ 
 
ᠢᠷᠡᠯᠲᠡ᠄ ᠠᠷᠠᠳ ᠤᠨ ᠶᠠᠪᠤᠳᠠᠯ ᠤᠨ ᠶᠠᠮᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号