ᠭᠠᠵᠠᠷ ᠤᠨ ᠨᠡᠷᠡᠰ ᠤᠨ ᠬᠠᠮᠢᠶᠠᠷᠤᠯᠳᠠ ᠶᠢᠨ ᠲᠦᠷᠢᠮ᠄ ᠵᠢᠷᠭᠤᠳᠤᠭᠠᠷ ᠪᠦᠯᠦᠭ    ᠬᠠᠤᠯᠢ ᠶᠢᠨ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2023/6/19
    ᠭᠤᠴᠢᠨ ᠳᠥᠷᠪᠡᠳᠦᠭᠡᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠢ ᠵᠥᠪᠰᠢᠶᠡᠷᠡᠬᠦ ᠪᠠᠶᠢᠭᠤᠯᠭ᠎ᠠ ᠲᠤᠰ ᠳᠦᠷᠢᠮ ᠤᠨ ᠲᠣᠭᠲᠠᠭᠠᠯ ᠢ ᠵᠥᠷᠢᠴᠡᠨ ᠭᠠᠵᠠᠷ ᠤᠨ ᠨᠡᠷ᠎ᠡ ᠶᠢ ᠨᠡᠷᠡᠶᠢᠳᠦᠭᠰᠡᠨ᠂ ᠬᠠᠯᠠᠭᠰᠠᠨ ᠪᠤᠯ ᠳᠡᠭᠡᠷ᠎ᠡ ᠨᠢᠭᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠭᠤᠯᠵᠤ᠂ ᠲᠤᠰ ᠵᠥᠪᠰᠢᠶᠡᠷᠡᠭᠰᠡᠨ ᠪᠠᠶᠢᠭᠤᠯᠭ᠎ᠠ ᠶᠢᠨ ᠬᠠᠷᠢᠭᠤᠴᠠᠯᠭ᠎ᠠ ᠲᠠᠢ ᠤᠳᠤᠷᠢᠳᠬᠤ ᠬᠥᠮᠥᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠳᠤ ᠬᠠᠤᠯᠢ ᠶᠣᠰᠣᠭᠠᠷ ᠰᠢᠢᠳᠬᠡᠨ᠎ᠡ᠃    ᠭᠤᠴᠢᠨ ᠲᠠᠪᠤᠳᠤᠭᠠᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠢ ᠵᠥᠪᠰᠢᠶᠡᠷᠡᠬᠦ ᠪᠠᠶᠢᠭᠤᠯᠭ᠎ᠠ ᠲᠡᠪᠰᠢᠬᠦᠯᠵᠤ ᠳᠠᠩᠰᠠᠯᠠᠭᠤᠯᠤᠭᠰᠠᠨ ᠦᠭᠡᠢ ᠪᠤᠶᠤ ᠴᠠᠭ ᠲᠤᠬᠠᠢ ᠳᠤ  ᠲᠡᠪᠰᠢᠬᠦᠯᠵᠤ ᠳᠠᠩᠰᠠᠯᠠᠭᠤᠯᠤᠭᠰᠠᠨ ᠦᠭᠡᠢ ᠪᠤᠯ ᠲᠦᠷᠦ ᠶᠢᠨ ᠶᠠᠪᠤᠳᠠᠯ ᠤᠨ ᠬᠤᠷᠢᠶᠠᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ  ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠵᠥᠪᠰᠢᠶᠡᠷᠡᠭᠰᠡᠨ ᠪᠠᠶᠢᠭᠤᠯᠭ᠎ᠠ ᠳᠤ ᠮᠡᠳᠡᠭᠳᠡᠵᠦ᠂ ᠬᠤᠭᠤᠴᠠᠭ᠎ᠠ ᠲᠣᠭᠲᠠᠭᠠᠨ  ᠲᠡᠪᠰᠢᠬᠦᠯᠤᠬᠦᠯᠤᠨ᠎ᠡ᠃ ᠬᠤᠭᠤᠴᠠᠭ᠎ᠠ ᠬᠡᠲᠦᠷᠡᠲᠡᠯ᠎ᠡ ᠮᠥᠨ ᠲᠡᠪᠰᠢᠬᠦᠯᠬᠦ ᠦᠭᠡᠢ  ᠪᠤᠯ ᠰᠢᠭᠤᠳ ᠬᠠᠷᠢᠭᠤᠴᠠᠯᠭ᠎ᠠ ᠲᠠᠢ ᠬᠥᠮᠥᠨ ᠢ ᠬᠠᠤᠯᠢ ᠶᠣᠰᠣᠭᠠᠷ ᠰᠢᠢᠳᠬᠡᠨ᠎ᠡ᠃    ᠭᠤᠴᠢᠨ ᠵᠢᠷᠭᠤᠳᠤᠭᠠᠷ ᠵᠦᠢᠯ᠄ ᠲᠣᠰ ᠳᠦᠷᠢᠮ ᠤᠨ ᠳᠥᠷᠪᠡᠳᠦᠭᠡᠷ ᠵᠦᠢᠯ᠂ ᠶᠢᠰᠦᠳᠦᠭᠡᠷ ᠵᠦᠢᠯ᠂ ᠠᠷᠪᠠᠳᠤᠭᠠᠷ ᠵᠦᠢᠯ᠂ ᠠᠷᠪᠠᠨ ᠬᠤᠶᠠᠳᠤᠭᠠᠷ ᠵᠦᠢᠯ ᠤᠨ ᠲᠣᠭᠲᠠᠭᠠᠯ ᠢ ᠵᠥᠷᠢᠴᠡᠵᠦ᠂ ᠭᠠᠵᠠᠷ ᠤᠨ ᠨᠡᠷᠡᠰ ᠢ ᠳᠤᠷ᠎ᠠ ᠪᠠᠷ ᠢᠶᠠᠨ ᠨᠡᠷᠡᠶᠢᠳᠴᠦ᠂ ᠬᠠᠯᠠᠭᠰᠠᠨ  ᠪᠤᠯ ᠬᠢᠨᠠᠨ ᠵᠥᠪᠰᠢᠶᠡᠷᠡᠬᠦ ᠡᠷᠬᠡ ᠲᠠᠢ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠨᠢ ᠬᠡᠲᠦᠷᠡᠲᠡᠯ᠎ᠡ ᠵᠠᠯᠠᠷᠠᠭᠤᠯᠬᠤ ᠦᠭᠡᠢ ᠪᠤᠯ ᠬᠦᠴᠤᠨ ᠦᠬᠡᠢ ᠪᠤᠯᠭᠠᠬᠤ ᠶᠢᠨ ᠬᠠᠮᠲᠤ ᠬᠠᠤᠯᠢ ᠶᠢ ᠵᠥᠷᠢᠴᠡᠭᠰᠡᠨ ᠨᠢᠭᠡᠴᠢ ᠶᠢ ᠵᠠᠷᠯᠠᠨ ᠰᠢᠭᠦᠮᠵᠢᠯᠡᠨ᠎ᠡ᠃    ᠭᠤᠴᠢᠨ ᠳᠣᠯᠣᠳᠤᠭᠠᠷ ᠵᠦᠢᠯ᠄ ᠲᠤᠰ ᠳᠦᠷᠢᠮ ᠤᠨ ᠠᠷᠪᠠᠨ ᠨᠠᠢᠮᠠᠳᠤᠭᠠᠷ ᠵᠦᠢᠯ ᠤᠨ ᠲᠣᠭᠲᠠᠭᠠᠯ ᠢ ᠵᠥᠷᠢᠴᠡᠵᠦ᠂ ᠪᠠᠷᠢᠮᠵᠢᠶᠠᠲᠤ ᠭᠠᠵᠠᠷ ᠤᠨ ᠨᠡᠷ᠎ᠡ ᠢ ᠬᠡᠷᠡᠭᠯᠡᠭᠰᠡᠨ ᠦᠭᠡᠢ ᠪᠤᠶᠤ ᠵᠢᠷᠤᠮᠵᠢᠭᠤᠯᠤᠨ ᠬᠡᠷᠡᠭᠯᠡᠭᠰᠡᠨ ᠦᠭᠡᠢ  ᠪᠤᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ  ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠬᠤ ᠦᠭᠡᠢ ᠪᠤᠯ ᠬᠠᠤᠯᠢ ᠶᠢ ᠵᠥᠷᠢᠴᠡᠭᠰᠡᠨ ᠨᠢᠭᠡᠴᠢ ᠶᠢ ᠵᠠᠷᠯᠠᠨ ᠰᠢᠭᠦᠮᠵᠢᠯᠡᠬᠦ ᠶᠢᠨ ᠬᠠᠮᠲᠤ ᠬᠤᠯᠪᠣᠭᠳᠠᠯ ᠪᠦᠬᠦᠢ  ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠳᠡᠵᠦ ᠬᠠᠤᠯᠢ ᠶᠣᠰᠣᠭᠠᠷ ᠰᠢᠢᠳᠪᠦᠷᠢᠯᠡᠭᠦᠯᠦᠨ᠎ᠡ᠃ ᠬᠠᠤᠯᠢ ᠶᠢ ᠵᠥᠷᠢᠴᠡᠭᠰᠡᠨ ᠨᠢᠭᠡᠴᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠭᠤᠣᠯ ᠬᠠᠷᠢᠭᠤᠴᠠᠯᠭᠠᠲᠠᠨ᠂ ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ ᠬᠠᠮᠢᠶᠠᠷᠤᠬᠴᠢ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠢ 2000 ᠠᠴᠠ ᠲᠦᠮᠡᠨ ᠲᠥᠭᠦᠷᠢᠭ ᠤᠨ ᠲᠤᠳᠤᠷ᠎ᠠ ᠵᠣᠭᠤᠰ ᠢᠶᠠᠷ ᠲᠤᠷᠭᠠᠨ᠎ᠠ᠃    ᠭᠤᠴᠢᠨ ᠨᠠᠢᠮᠠᠳᠤᠭᠠᠷ ᠵᠦᠢᠯ᠄ ᠭᠠᠵᠠᠷ ᠤᠨ ᠨᠡᠷᠡᠰ ᠤᠨ ᠲᠡᠮᠳᠡᠭ ᠢ ᠳᠤᠷ᠎ᠠ ᠪᠠᠷ ᠢᠶᠠᠨ ᠪᠠᠶᠢᠷᠢᠯᠠᠭᠤᠯᠤᠭᠰᠠᠨ᠂ ᠨᠤᠷᠠᠭᠠᠭᠰᠠᠨ᠂ ᠰᠢᠯᠵᠢᠭᠦᠯᠦᠭᠰᠡᠨ᠂ ᠪᠠᠯᠠᠯᠤᠨ ᠵᠠᠰᠠᠭᠰᠠᠨ᠂ ᠬᠠᠯᠬᠠᠯᠠᠭᠰᠠᠨ᠂ ᠡᠪᠳᠡᠭᠰᠡᠨ ᠪᠤᠯ ᠭᠠᠵᠠᠷ ᠤᠨ ᠨᠡᠷᠡᠰ  ᠤᠨ ᠲᠡᠮᠳᠡᠭ ᠪᠠᠶᠢᠷᠢᠯᠠᠭᠤᠯᠤᠭᠰᠠᠨ᠂ ᠬᠠᠮᠠᠭᠠᠯᠠᠭᠰᠠᠨ ᠪᠠ ᠬᠠᠮᠢᠶᠠᠷᠤᠭᠰᠠᠨ ᠰᠠᠯᠠᠭ᠎ᠠ ᠮᠥᠴᠢᠷ ᠤᠨ ᠬᠢᠨ ᠵᠠᠷᠯᠢᠭᠳᠠᠨ ᠵᠠᠯᠠᠷᠠᠭᠤᠯᠭ᠎ᠠ ᠬᠢᠯᠭᠡᠬᠦ ᠶᠢᠨ ᠬᠠᠮᠲᠤ ᠬᠠᠷᠢᠭᠤᠴᠠᠯᠭ᠎ᠠ ᠲᠠᠢ ᠬᠥᠮᠥᠨ ᠢ 1000 ᠠᠴᠠ 5000 ᠲᠥᠭᠦᠷᠢᠭ ᠤᠨ ᠲᠤᠳᠤᠷ᠎ᠠ ᠵᠣᠭᠤᠰ ᠢᠶᠠᠷ  ᠲᠤᠷᠭᠠᠨ᠎ᠠ᠃    ᠭᠤᠴᠢ ᠶᠢᠰᠦᠳᠦᠭᠡᠷ ᠵᠦᠢᠯ᠄ ᠬᠦᠨᠳᠡᠯᠡᠨ ᠤ ᠪᠠᠶᠢᠭᠤᠯᠤᠮᠵᠢ ᠨᠢ ᠭᠠᠵᠠᠷ ᠤᠨ ᠨᠡᠷᠡᠰ ᠢ ᠨᠡᠷᠡᠶᠢᠳᠦᠭᠰᠡᠨ᠂ ᠬᠠᠯᠠᠭᠰᠠᠨ᠂ ᠬᠡᠷᠡᠭᠯᠡᠭᠰᠡᠨ᠂ ᠰᠣᠶᠣᠯ ᠤᠨ ᠬᠠᠮᠠᠭᠠᠯᠠᠯᠲᠠ ᠵᠡᠷᠭᠡ ᠪᠠᠶᠢᠳᠠᠯ ᠢ ᠦᠨᠡᠯᠡᠭᠰᠡᠨ ᠬᠤᠳᠠᠯ ᠬᠠᠭᠤᠷᠮᠠᠭ ᠮᠡᠳᠡᠭᠦᠯᠦᠯᠲᠡ ᠭᠠᠷᠭᠠᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠰᠡᠷᠡᠮᠵᠢᠯᠡᠬᠦᠯᠤᠨ᠎ᠡ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠲᠠᠢ ᠪᠠᠶᠢᠪᠠᠯ᠂ ᠬᠠᠤᠯᠢ ᠶᠢᠨ ᠵᠦᠷᠢᠴᠡᠵᠤ ᠤᠯᠤᠬᠰᠠᠨ ᠣᠯᠵᠠ ᠠᠰᠢᠭ ᠢ ᠨᠢ ᠬᠤᠷᠢᠶᠠᠮᠵᠢᠯᠠᠨ᠎ᠠ᠃ ᠦᠶᠯᠡ ᠪᠠᠶᠢᠳᠠᠯ ᠨᠢ ᠨᠣᠴᠢᠲᠠᠢ ᠪᠤᠯ ᠭᠠᠵᠠᠷ ᠤᠨ ᠨᠡᠷᠡᠰ ᠤᠨ ᠬᠠᠮᠢᠶ᠎ᠠ ᠪᠦᠬᠦᠢ ᠦᠨᠡᠯᠡᠯᠳᠡ ᠬᠢᠬᠦ ᠡᠷᠬᠡ ᠶᠢ ᠨᠢ 5 ᠵᠢᠯ ᠬᠠᠰᠤᠨ᠎ᠠ᠃    ᠳᠥᠴᠢᠳᠦᠭᠡᠷ ᠵᠦᠢᠯ᠄ ᠠᠯᠪᠠᠨ ᠲᠤᠰᠢᠶᠠᠯᠲᠠᠨ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠠᠵᠢᠯ‌‍ᠤᠨ ᠳᠤᠮᠳᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ ᠠᠵᠢᠯᠯᠠᠭ᠎ᠠ ᠲᠠᠢ ᠪᠤᠯ ᠬᠠᠤᠯᠢ ᠶᠣᠰᠣᠭᠠᠷ ᠰᠢᠢᠳᠬᠡᠯ ᠦᠭᠭᠦᠨ᠎ᠡ᠃ 
 
ᠢᠷᠡᠯᠲᠡ᠄ ᠠᠷᠠᠳ ᠤᠨ ᠶᠠᠪᠤᠳᠠᠯ ᠤᠨ ᠶᠠᠮᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号