ᠭᠠᠵᠠᠷ ᠤᠨ ᠨᠡᠷᠡᠰ ᠤᠨ ᠬᠠᠮᠢᠶᠠᠷᠤᠯᠳᠠ ᠶᠢᠨ ᠲᠦᠷᠢᠮ᠄ ᠳᠣᠯᠣᠳᠤᠭᠠᠷ ᠪᠦᠯᠦᠭ      ᠲᠠᠭᠠᠯᠳᠤᠭᠤᠯᠤᠬᠰᠠᠨ ᠳᠦᠷᠢᠮ
ᠨᠡᠶᠢᠲᠡᠯᠡᠭᠰᠡᠨ ᠴᠠᠭ᠄
2023/6/19
    ᠳᠥᠴᠢᠨ ᠨᠢᠭᠡᠳᠦᠭᠡᠷ ᠵᠦᠢᠯ᠄  ᠡᠯ᠎ᠡ ᠤᠯᠤᠰ ᠤᠨ ᠬᠠᠷᠢᠶᠠᠯᠠᠯ ᠤᠨ ᠬᠡᠪᠴᠢᠶᠡᠨ ᠠᠴᠠ ᠭᠠᠳᠠᠨᠠᠬᠢ ᠣᠷᠣᠨ ᠪᠦᠰᠡ ᠶᠢᠨ ᠭᠠᠵᠠᠷ ᠵᠦᠢ ᠶᠢᠨ ᠪᠣᠳᠠᠲᠤ ᠴᠣᠭᠴᠠ ᠪᠠ ᠤᠳᠤᠨ ᠴᠣᠭᠴᠠᠰ ᠤᠨ ᠭᠠᠵᠠᠷ ᠵᠦᠢ ᠶᠢᠨ ᠪᠣᠳᠠᠲᠤ ᠴᠣᠭᠴᠠ ᠶᠢ ᠨᠡᠷᠡᠶᠢᠳᠬᠦ᠂  ᠨᠡᠷᠡᠰ ᠢ ᠨᠢ ᠬᠠᠯᠠᠬᠤ ᠳᠦᠷᠢᠮ ᠪᠠ ᠵᠢᠷᠤᠮ ᠢ ᠲᠦᠷᠦ ᠶᠢᠨ ᠶᠠᠪᠤᠳᠠᠯ ᠤᠨ ᠬᠤᠷᠢᠶᠠᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ  ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠠᠢ ᠬᠠᠮᠲᠤᠷᠠᠨ ᠲᠣᠭᠲᠠᠭᠠᠨ᠎ᠠ᠃ᠳᠥᠴᠢᠨ ᠬᠤᠶᠠᠳᠤᠭᠠᠷ ᠵᠦᠢᠯ᠄ ᠲᠤᠷᠠᠰᠬᠠᠯ ᠤᠨ ᠲᠥᠬᠦᠭᠡᠷᠦᠮᠵᠢ᠂ ᠪᠠᠭᠤᠷᠢ ᠶᠢ ᠨᠡᠷᠡᠶᠢᠳᠬᠦ᠂ ᠬᠠᠯᠠᠬᠤ ᠳᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ᠃    ᠳᠥᠴᠢᠨ ᠭᠤᠷᠪᠠᠳᠤᠭᠠᠷ ᠵᠦᠢᠯ᠄ ᠲᠥᠷᠥ ᠶᠢᠨ ᠶᠠᠪᠤᠳᠠᠯ ᠤᠨ ᠬᠤᠷᠢᠶᠠᠨ ᠤ ᠭᠠᠵᠠᠷ ᠤᠨ  ᠨᠡᠷᠡᠰ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠲᠤᠰ ᠳᠦᠷᠢᠮ ᠤᠨ ᠲᠣᠭᠲᠠᠭᠠᠯ ᠢ ᠦᠨᠳᠦᠰᠦᠯᠡᠨ ᠪᠣᠳᠠᠲᠠᠢ ᠬᠡᠷᠡᠭᠵᠢᠭᠦᠯᠬᠦ ᠠᠷᠭ᠎ᠠ ᠶᠢ ᠲᠣᠭᠲᠠᠭᠠᠵᠤ ᠪᠣᠯᠣᠨ᠎ᠠ᠃    ᠳᠥᠴᠢᠨ ᠳᠥᠷᠪᠡᠳᠦᠭᠡᠷ ᠵᠦᠢᠯ᠄ ᠲᠤᠰ ᠳᠦᠷᠢᠮ ᠢ 2022 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ  ᠬᠡᠷᠡᠭᠵᠢᠭᠦᠯᠦᠨ᠎ᠡ᠃     
 
ᠢᠷᠡᠯᠲᠡ᠄ ᠠᠷᠠᠳ ᠤᠨ ᠶᠠᠪᠤᠳᠠᠯ ᠤᠨ ᠶᠠᠮᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号