ᠠᠯᠠᠱᠠ ᠠᠶᠢᠮᠠᠭ ᠤᠨ ᠬᠢᠨ 2023 ᠣᠨ ᠤ ᠨᠡᠶᠢᠭᠡᠮ ᠤᠨ  ᠲᠤᠰᠠᠯᠠᠮᠵᠢ  ᠶᠢᠨ ᠪᠠᠷᠢᠮᠵᠢᠶ᠎ᠠ ᠶᠢ ᠲᠡᠭᠡᠭᠰᠢᠯᠡᠬᠦᠯᠦᠭᠰᠡᠨ ᠤ ᠪᠡᠯᠡ ᠮᠥᠩᠭᠦ ᠶᠢ ᠨᠥᠬᠦᠨ ᠤᠯᠭᠤᠪᠠ
ᠨᠡᠶᠢᠲᠡᠯᠡᠭᠰᠡᠨ ᠴᠠᠭ᠄
2023/6/19
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ᠨᠡᠶᠢᠭᠡᠮ ᠤᠨ  ᠲᠤᠰᠠᠯᠠᠮᠵᠢ ᠶᠢᠨ ᠳᠦᠷᠢᠮ ᠤᠨ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠬᠦ ᠠᠵᠢᠯ ᠢ ᠠᠬᠢᠭᠤᠯᠵᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ  ᠲᠤᠰᠠᠯᠠᠮᠵᠢ  ᠶᠢᠨ ᠠᠵᠢᠯ ᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠦᠷᠭᠦᠯᠵᠢᠯᠡᠨ ᠪᠠᠬᠢᠵᠢᠭᠦᠯᠦᠨ ᠦᠷᠬᠡᠳᠬᠡᠬᠦ ᠶᠢᠨ ᠲᠦᠯᠤᠬᠡ᠂ ᠠᠯᠠᠱᠠ ᠠᠶᠢᠮᠠᠭ ᠤᠨ ᠬᠢᠨ ᠦᠨᠤ ᠵᠢᠯ ᠨᠡᠶᠢᠭᠡᠮ ᠤᠨ ᠲᠤᠰᠠᠯᠠᠮᠵᠢ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠪᠥᠬᠦ ᠠᠶᠢᠮᠠᠭ ᠤᠨ ᠬᠡᠪᠴᠢᠶᠡᠨ ᠳᠤ ᠬᠢ ᠨᠡᠶᠢᠭᠡᠮ ᠤᠨ  ᠲᠤᠰᠠᠯᠠᠮᠵᠢ ᠶᠢᠨ ᠪᠠᠷᠢᠮᠵᠢᠶ᠎ᠠ ᠶᠢ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠬᠦ ᠶᠢ ᠪᠡᠶᠡᠯᠡᠭᠦᠯᠪᠡ᠃ ᠡᠯ᠎ᠡ ᠬᠤᠰᠢᠭᠤ ︵ᠲᠣᠭᠤᠷᠢᠭ︶ ᠬᠢᠨ ᠤᠳᠤ ᠴᠥᠮ ᠰᠢᠨ᠎ᠡ ᠪᠠᠷᠢᠮᠵᠢᠶ᠎ᠠ ᠶᠣᠰᠣᠭᠠᠷ ᠳᠠᠭᠠᠭᠠᠴᠢᠯᠠᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ ᠨᠥᠬᠦᠪᠦᠷᠢᠯᠡᠨ ᠣᠯᠭᠤᠬᠤ ᠪᠡᠯᠡ ᠮᠥᠩᠭᠦ ᠶᠢ ᠲᠠᠷᠬᠠᠭᠠᠬᠤ ᠠᠵᠢᠯ ᠢ ᠤᠷᠢᠳᠴᠢᠯᠠᠨ ᠪᠡᠶᠡᠯᠡᠭᠦᠯᠵᠦ᠂ 529 ᠡᠷᠦᠬᠡ᠂ ᠬᠤᠲᠠ ᠬᠥᠳᠡᠭᠡ ᠶᠢᠨ 831 ᠬᠦᠴᠢᠷᠳᠡᠯᠲᠡᠢ ᠣᠯᠠᠨ ᠲᠦᠮᠡᠨ ᠳᠤ ᠲᠤᠰᠠᠯᠠᠮᠵᠢ  ᠶᠢᠨ ᠪᠠᠷᠢᠮᠵᠢᠶ᠎ᠠ ᠶᠢ ᠲᠡᠭᠡᠭᠰᠢᠯᠡᠬᠦᠯᠦᠭᠰᠡᠨ ᠤ ᠪᠡᠯᠡ ᠮᠥᠩᠭᠦ ᠶᠢ 113.02 ᠲᠦᠮᠡᠨ ᠲᠥᠭᠦᠷᠢᠭ ᠨᠥᠬᠦᠪᠦᠷᠢᠯᠡᠨ ᠣᠯᠭᠤᠪᠠ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号