ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠭᠠᠵᠠᠷ ᠤᠨ ᠨᠠᠮ ᠤᠨ ᠡᠭᠦᠷ ᠤᠨ ᠬᠢᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠪ ᠤᠨ ᠨᠠᠮ ᠤᠨ ᠡᠭᠦᠷ ᠤᠨ ᠬᠢᠨ ᠲᠠᠢ ᠬᠠᠮᠲᠤᠷᠠᠨ ︽ᠬᠤᠷᠢᠳᠤᠭᠠᠷ ᠶᠡᠭᠡ ᠬᠤᠷᠠᠯ ᠤᠨ ᠵᠤᠷᠢᠭ | ᠰᠠᠨᠠᠭ᠎ᠠ ᠶᠢ ᠰᠤᠷᠤᠯᠴᠠᠵᠦ ᠰᠢᠨ᠎ᠡ ᠠᠶᠠᠨ ᠵᠠᠮ ᠳᠤ ᠡᠷᠡᠯᠭᠡᠭᠯᠡᠨ ᠤᠷᠤᠬᠰᠢᠯᠠᠶ᠎ᠠ︾ ᠭᠡᠬᠦ ᠭᠤᠣᠯ ᠰᠡᠳᠦᠪᠲᠦ ᠨᠠᠮ ᠤᠨ | ᠡᠳᠦᠷ ᠤᠨ ᠠᠵᠢᠯᠯᠠᠭ᠎ᠠ ᠶᠢ ᠦᠷᠨᠢᠬᠦᠯᠪᠡ᠃ | | | ᠨᠠᠮ ᠤᠨ ᠡᠭᠦᠷ ᠤᠨ ᠨᠠᠮ ᠤᠨ ᠬᠡᠰᠢᠬᠦᠳ 6 ᠳ᠋ᠤᠭᠠᠷ ᠰᠠᠷ᠎ᠠ ᠶᠢᠨ 9 ᠤ ᠦᠳᠡ ᠶᠢᠨ ᠬᠤᠶᠢᠨ᠎ᠠ ᠥᠪᠥᠷ | ᠮᠣᠩᠭᠤᠯ ᠤᠨ ᠦᠵᠡᠰᠬᠦᠯᠡᠩ ᠤᠨ ᠣᠷᠳᠣᠨ ᠳᠤ ᠬᠦᠷᠴᠦ᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ︾ ᠭᠤᠣᠯ ᠰᠡᠳᠦᠪᠲᠦ ᠦᠵᠡᠭᠦᠯᠦᠯᠭᠡ ᠶᠢ ᠲᠣᠭᠤᠷᠢᠨ | ᠦᠵᠡᠬᠦ ᠦᠵᠡᠬᠦ ᠶᠢᠨ ᠬᠠᠮᠳᠤ ᠨᠠᠮ ᠳᠤ ᠣᠷᠣᠬᠤ ᠲᠠᠩᠭᠠᠷᠢᠭ ᠤᠨ ᠦᠭᠡᠰ ᠢ ᠲᠠᠬᠢᠨᠳᠠ ᠤᠡᠭᠰᠢᠵᠤ᠂ ᠨᠠᠮ ᠤᠨ | ᠭᠡᠰᠢᠭᠦᠨ ᠺᠠᠳ᠋ᠷ ᠤᠨ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠶᠢ ᠴᠢᠩᠭᠠᠳᠬᠠᠵᠤ᠂ ᠪᠦᠬᠦ | ᠨᠥᠬᠦᠳ ᠢ ᠰᠢᠨ᠎ᠡ ᠴᠠᠭ ᠦᠶ᠎ᠡ ᠶᠢᠨ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ ᠪᠠᠷ ᠴᠢᠷᠮᠠᠶᠢᠬᠤ ᠶᠢ | ᠵᠣᠷᠢᠭᠵᠢᠭᠤᠯᠪᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠭᠠᠵᠠᠷ ᠤᠨ ᠨᠠᠮ ᠤᠨ ᠡᠭᠦᠷ ᠤᠨ ᠬᠢᠨ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ | ᠰᠡᠳᠦᠪᠲᠦ ᠬᠥᠮᠦᠵᠢᠯ ᠤᠨ ᠠᠵᠢᠯ ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠣᠷᠣᠨ ᠤ | ᠨᠠᠰᠤᠲᠠᠶᠢᠴᠤᠳ ᠲᠤ ᠦᠢᠯᠡᠴᠢᠯᠡᠬᠦ ᠴᠢᠳᠠᠪᠤᠷᠢ ᠪᠣᠯᠣᠨ ᠲᠦᠪᠰᠢᠨ ᠢᠶᠠᠨ ᠲᠠᠰᠤᠷᠠᠯᠳᠡ ᠦᠭᠡᠢ ᠳᠡᠭᠡᠭᠰᠢᠯᠡᠭᠦᠯᠵᠦ᠂ | ᠪᠤᠢ ᠪᠦᠬᠦᠢ ᠨᠠᠰᠤᠲᠠᠶᠢᠴᠤᠳ ᠤᠨ ︽ᠪᠠᠭ᠎ᠠ ᠶᠠᠪᠤᠳᠠᠯ︾ ᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠠᠵᠢᠯ ᠤᠨ︽ᠶᠡᠭᠡ ᠶᠠᠪᠤᠳᠠᠯ︾ ᠪᠣᠯᠭᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ ᠰᠢᠨ᠎ᠡ | ᠳᠡᠭᠲᠡᠷ ᠲᠤ ᠭᠠᠷᠬᠤ ᠶᠢ ᠠᠬᠢᠭᠤᠯᠬᠤ ᠪᠤᠯᠤᠨ᠎ᠠ᠃ | | |