ᠮᠠᠨ ᠤ ᠤᠷᠤᠨ ᠲᠣᠰ ᠱᠠᠲᠤᠨ ᠤ ᠲᠥᠰᠥᠪ ᠲᠤ ᠪᠠᠨ ᠲᠣᠬᠢᠷᠠᠭᠤᠯᠤᠯᠲᠠ ᠬᠢᠵᠤ ︽ᠬᠤᠶᠠᠷ ᠲᠤᠮᠤ ᠶᠠᠪᠤᠳᠠᠯ ︾ ᠢ ᠨᠠᠶᠢᠳᠠᠪᠤᠷᠢᠵᠢᠭᠤᠯᠬᠤ ᠳᠤ ᠪᠡᠯᠡ ᠮᠥᠩᠭᠦᠨ ᠤ ᠪᠠᠲᠤᠯᠠᠭ᠎ᠠ ᠬᠠᠨᠭ᠍ᠭᠠᠪᠠ
ᠨᠡᠶᠢᠲᠡᠯᠡᠭᠰᠡᠨ ᠴᠠᠭ᠄
2023/6/26
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ᠄ ᠮᠠᠨ ᠤ ᠤᠷᠤᠨ 2023 ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠥᠰᠥᠪ ᠲᠤ ᠲᠣᠬᠢᠷᠠᠭᠤᠯᠤᠯᠲᠠ ᠬᠢᠵᠦ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠪᠡᠯᠡ ᠮᠥᠩᠭᠦ ᠶᠢᠨ ᠪᠠᠲᠤᠯᠠᠭ᠎ᠠ ᠬᠠᠩᠭᠠᠪᠠ᠃    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠷᠪᠠᠳᠤᠭᠠᠷ ᠬᠤᠷᠠᠯ ᠠᠴᠠ 2023 ᠣᠨ ᠤ 6 ᠳ᠋ᠤᠭᠠᠷ ᠰᠠᠷ᠎ᠠ ᠶᠢᠨ 1 ᠤ ᠡᠳᠦᠷ ᠰᠢᠢᠳᠪᠦᠷᠢ ᠭᠠᠷᠭᠠᠵᠤ᠂ 2023 ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠥᠰᠥᠪ ᠲᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ 2023 ᠣᠨ ᠳᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠶᠡᠷᠦᠩᠬᠡᠢ ᠣᠷᠣᠯᠭ᠎ᠠ ᠵᠠᠷᠤᠯᠭ᠎ᠠ 3892.9 ᠳ᠋ᠦᠩᠰᠢᠭᠤᠷ ᠲᠥᠭᠦᠷᠢᠭ ᠪᠠᠶᠢᠭᠰᠠᠨ ᠠᠴᠠ 3997.9 ᠳ᠋ᠦᠩᠰᠢᠭᠤᠷ ᠲᠥᠭᠦᠷᠢᠭ ᠪᠤᠯᠭᠠᠵᠤ᠂ 105 ᠳ᠋ᠦᠩᠰᠢᠭᠤᠷ ᠲᠥᠭᠦᠷᠢᠭ ᠨᠡᠮᠡᠭᠳᠡᠭᠦᠯᠪᠡ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠥᠪ ᠤᠨ ᠶᠡᠷᠦᠩᠬᠡᠢ ᠣᠷᠣᠯᠭ᠎ᠠ ᠵᠠᠷᠤᠯᠭ᠎ᠠ 345.6 ᠳ᠋ᠦᠩᠰᠢᠭᠤᠷ ᠲᠥᠭᠦᠷᠢᠭ ᠪᠠᠶᠢᠭᠰᠠᠨ ᠠᠴᠠ ᠨᠢ 569.6 ᠳ᠋ᠦᠩᠰᠢᠭᠤᠷ ᠲᠥᠭᠦᠷᠢᠭ  ᠪᠤᠯᠭᠠᠵᠤ᠂ 224 ᠳ᠋ᠦᠩᠰᠢᠭᠤᠷ ᠲᠥᠭᠦᠷᠢᠭ ᠨᠡᠮᠡᠭᠳᠡᠭᠦᠯᠦᠨ᠎ᠡ᠃ ᠶᠡᠷᠦᠩᠬᠡᠢ ᠳᠤ ᠨᠢ ᠠᠪᠴᠤ ᠦᠵᠡᠪᠡᠯ ᠣᠷᠣᠯᠭ᠎ᠠ ᠵᠠᠷᠤᠯᠭ᠎ᠠ ᠲᠡᠩᠴᠡᠭᠦᠷᠢᠲᠡᠢ ᠪᠠᠶᠢᠨ᠎ᠠ᠃    ᠲᠥᠰᠥᠪ ᠤᠨ ᠲᠣᠬᠢᠷᠠᠭᠤᠯᠤᠯᠲᠠ ᠶᠢᠨ ᠲᠥᠰᠥᠯ ᠢ ᠦᠨᠳᠦᠰᠦᠯᠡᠨ᠂ ᠪᠡᠯᠡ ᠮᠥᠩᠭᠦ ᠶᠢ ︽ᠲᠦᠭᠰᠢᠭᠦᠷᠢ ᠶᠢ ᠡᠵᠡᠮᠳᠡᠬᠦ᠂ ᠭᠤᠣᠯᠳᠠᠯᠭ᠎ᠠ ᠶᠢ ᠳᠣᠪᠤᠶᠢᠯᠭᠠᠬᠤ᠂ ᠬᠡᠨ ᠬᠡᠷᠡᠭᠯᠡᠪᠡᠯ ᠬᠡᠨ ᠪᠤᠴᠠᠭᠠᠬᠤ᠂ ᠪᠤᠰᠤᠳᠴᠢ ᠪᠥᠭᠡᠳ ᠲᠥᠪ ᠭᠤᠥᠯᠴᠢ ᠪᠠᠶᠢᠬᠤ︾ ᠵᠠᠷᠴᠢᠮ  ᠢᠶᠠᠷ ᠬᠤᠪᠢᠶᠠᠷᠢᠯᠠᠬᠤ ᠶᠢᠨ ᠬᠠᠮᠲᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠰᠢᠯᠢᠳᠡᠭ ᠢ ᠰᠣᠩᠭᠤᠬᠤ ᠲᠥᠷᠥᠯ ᠵᠦᠢᠯ ᠤᠨ ᠲᠣᠭᠤᠷᠢᠨ ᠳᠤ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠪᠠ ᠪᠠᠭᠤᠷᠠᠢ ᠲᠠᠯ᠎ᠠ ᠶᠢ ᠴᠢᠩᠭ᠎ᠠ ᠠᠩᠬᠠᠷᠴᠤ᠂ ᠪᠠᠶᠢᠭᠤᠯᠵᠤ ᠪᠠᠶᠢᠭ᠎ᠠ ᠲᠥᠷᠥᠯ ᠵᠦᠢᠯ ᠪᠠ ᠳᠤᠲᠠᠭᠤᠳᠠᠯ ᠢ ᠨᠥᠬᠦᠪᠦᠷᠢᠯᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠤᠷᠢᠳ ᠢᠶᠠᠷ ᠬᠡᠷᠡᠭᠯᠡᠨ᠎ᠡ᠃ ᠨᠢᠭᠡ ᠲᠤ᠂  ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠳᠤ 141.5  ᠳ᠋ᠦᠡᠭᠰᠢᠭᠤᠷ ᠲᠥᠭᠦᠷᠢᠭ ᠦᠯᠡᠳᠡᠭᠡᠨ ᠬᠡᠷᠡᠭᠯᠡᠨ᠎ᠡ᠃ ᠡᠭᠦᠨ ᠤ ᠳᠣᠲᠣᠷ᠎ᠠ ᠂ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ 66.3 ᠳ᠋ᠦᠩᠰᠢᠭᠤᠷ ᠲᠥᠭᠦᠷᠢᠭ᠂ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ 75.2 ᠳ᠋ᠦᠩᠰᠢᠭᠤᠷ ᠲᠥᠭᠦᠷᠢᠭ ᠢᠶᠠᠷ ᠲᠣᠬᠢᠷᠠᠭᠤᠯᠵᠤ᠂ ᠭᠤᠣᠯᠳᠠᠭᠤ ᠰᠦᠢᠳᠬᠡᠯ ᠬᠤᠷᠢᠶᠠᠬᠤ ᠵᠠᠰᠠᠮᠠᠯ ᠵᠠᠮ ᠤᠨ ᠵᠦᠢᠯᠡᠰ ᠤᠨ ᠪᠦᠲᠦᠭᠡᠨ ᠪᠠᠶᠢᠭᠤᠯᠤᠯᠲᠠ ᠪᠠ ᠲᠡᠮᠦᠷ ᠵᠠᠮ᠂ ᠰᠢᠨ᠎ᠡ ᠡᠨᠧᠷᠭᠢ ᠶᠢᠨ ᠰᠤᠷᠪᠤᠯᠵᠢ ᠵᠡᠷᠭᠡ ᠵᠦᠢᠯᠡᠰ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠨ᠎ᠡ᠃ ᠬᠤᠶᠠᠷ ᠲᠤ᠂ ᠠᠶᠢᠮᠠᠭ ᠬᠤᠲᠠ ᠳᠤ ᠰᠢᠯᠵᠢᠭᠦᠯᠦᠨ ᠵᠢᠭᠡᠯᠡᠭᠦᠯᠦᠭᠰᠡᠨ ᠨᠢ 187.5 ᠳ᠋ᠦᠩᠰᠢᠭᠤᠷ ᠲᠥᠭᠦᠷᠢᠭ ᠪᠣᠯᠣᠨ᠎ᠠ᠃ ᠡᠭᠦᠨ ᠳᠤ᠂ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ 38.7 ᠳ᠋ᠦᠩᠰᠢᠭᠤᠷ ᠲᠥᠭᠦᠷᠢᠭ ︵ᠭᠠᠳᠠᠭᠠᠳᠤ ᠵᠢᠭᠡᠯᠡᠯᠭᠡ ᠶᠢ ᠰᠢᠯᠵᠢᠭᠦᠯᠦᠨ ᠵᠢᠭᠡᠯᠡᠭᠦᠯᠦᠭᠰᠡᠨ 8.9 ᠳ᠋ᠦᠩᠰᠢᠭᠤᠷ ᠲᠥᠭᠦᠷᠢᠭ ᠪᠠᠭᠲᠠᠨ᠎ᠠ︶᠂ ᠲᠤᠰᠬᠠᠢ ᠲᠦᠷᠦᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ 148.8 ᠳ᠋ᠦᠩᠰᠢᠭᠤᠷ ᠲᠥᠭᠦᠷᠢᠭ ᠲᠤ ᠬᠦᠷᠴᠦ᠂ ᠠᠶᠢᠮᠠᠭ ᠬᠤᠳᠠ ᠠᠴᠠ ᠡᠳ᠋ ᠤᠨ ᠵᠠᠰᠠᠭ ᠤᠨ ᠶᠠᠮᠤᠨ ᠤ ᠱᠠᠭᠠᠷᠳᠠᠯᠭ᠎ᠠ ᠶᠣᠰᠣᠭᠠᠷ ᠰᠢ ᠶᠢᠨ ᠫᠢᠩ ᠶᠡᠷᠦᠩᠬᠡᠢ ᠱᠦᠵᠢ  ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠬᠤᠪᠢᠶᠠᠷᠢᠯᠠᠨ ᠬᠡᠷᠡᠭᠯᠡᠬᠦ ᠪᠤᠯᠤᠨ᠎ᠠ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号