ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ | ᠬᠢᠨ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤ ᠠᠮᠤ ᠪᠤᠳᠠᠭᠠᠨ ᠤ ᠲᠠᠷᠢᠮᠠᠯ ᠤᠨ ᠲᠠᠷᠢᠬᠰᠠᠨ ᠲᠠᠯᠠᠪᠠᠶ ᠦᠨᠤ | ᠵᠢᠯ ᠤᠨ 6 ᠳ᠋ᠤᠭᠠᠷ ᠰᠠᠷ᠎ᠠ ᠶᠢᠨ 1 ᠤ ᠡᠳᠦᠷ ᠪᠣᠯᠲᠠᠯ᠎ᠠ 1 ᠳ᠋ᠦᠩᠰᠢᠭᠤᠷ ᠮᠦ ᠶᠢ ᠳᠠᠪᠠᠵᠤ᠂ ᠤᠯᠤᠰ ᠤᠨ | ᠡᠭᠦᠷᠭᠡ ᠪᠠᠨ ᠨᠢᠭᠡᠨᠲᠡ ᠳᠠᠪᠠᠭᠤᠯᠤᠨ ᠪᠡᠶᠡᠯᠡᠬᠦᠯᠦᠭᠰᠡᠨ ᠪᠠᠶᠢᠨ᠎ᠠ᠃ ᠣᠳᠣᠬᠠᠨ ᠳᠤ᠂ ᠠᠮᠤ ᠪᠤᠳᠠᠭᠠᠨ ᠤ | ᠲᠠᠷᠢᠮᠠᠯ ᠤᠨ ᠴᠢᠬᠢ ᠨᠢᠭᠡᠨᠲᠡ 7180.8 ᠲᠦᠮᠡᠨ ᠮᠦ ᠳᠤ ᠬᠦᠷᠴᠦ᠂ ᠡᠭᠦᠨ ᠳᠤ ᠨᠢᠭᠡᠳᠦᠭᠡᠷ᠂ ᠬᠤᠶᠠᠳᠤᠭᠠᠷ | ᠲᠥᠷᠥᠯ ᠤᠨ ᠴᠢᠬᠢ ᠶᠢᠨ ᠡᠵᠡᠯᠡᠬᠦ ᠬᠠᠷᠢᠴᠠᠯ 96.4% ᠪᠠᠶᠢᠵᠤ᠂ ᠪᠥᠬᠦ ᠣᠷᠣᠨ ᠤ ᠠᠮᠤ ᠪᠤᠳᠠᠭᠠᠨ ᠤ | ᠦᠢᠯᠡᠳᠪᠦᠷᠢᠯᠡᠯ ᠤᠨ ᠪᠠᠶᠢᠳᠠᠯ ᠨᠡᠯᠢᠶᠡᠳ ᠰᠠᠶᠢᠨ ᠪᠠᠶᠢᠨ᠎ᠠ᠃ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ | ᠬᠥᠷᠥᠰᠥᠨ ᠤ ᠴᠢᠭᠢᠭ ᠤᠨ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠶᠡᠷᠦᠩᠬᠡᠢ ᠳᠤ ᠪᠠᠨ ᠰᠠᠶᠢᠨ ᠪᠦᠬᠡᠳ | ᠬᠠᠪᠤᠷ ᠤᠨ ᠲᠠᠷᠢᠶᠠᠯᠠᠭ᠎ᠠ ᠶᠢᠨ ᠠᠵᠢᠯ ᠨᠢᠬᠡᠨᠳᠡ ᠰᠢᠪᠳᠤᠷᠭᠠᠨ ᠳᠤ ᠪᠠᠨ ᠤᠷᠤᠬᠰᠠᠨ ᠪᠠᠶᠢᠨ᠎ᠠ᠃ | ᠦᠨᠤ ᠵᠢᠯ ᠤᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠲᠠᠷᠢᠶᠠᠴᠢᠳ ᠤᠨ ᠠᠮᠤ ᠪᠤᠳᠠᠭ᠎ᠠ ᠲᠠᠷᠢᠬᠤ | ᠢᠳᠡᠪᠬᠢᠵᠢᠯ ᠥᠨᠳᠥᠷ᠂ ᠬᠠᠪᠤᠷ ᠤᠨ ᠲᠠᠷᠢᠶᠠᠯᠠᠭ᠎ᠠ ᠶᠢᠨ ᠶᠠᠰᠤ ᠴᠢᠨᠠᠷ ᠰᠠᠶᠢᠨ᠂ ᠠᠬᠢᠴᠠ ᠲᠦᠷᠭᠡᠨ ᠣᠨᠴᠠᠯᠢᠭ | ᠢᠯᠡᠷᠡᠪᠡ᠃ ᠡᠷᠳᠡᠨᠢ ᠰᠢᠰᠢ ᠵᠡᠷᠭᠡ ᠠᠮᠤ ᠪᠤᠳᠠᠭᠠᠨ ᠤ ᠦᠨ᠎ᠡ ᠢᠮᠠᠭᠲᠠ ᠵᠢᠩ ᠪᠦᠷᠢ ᠳᠤ ᠪᠠᠨ 1.3 | ᠲᠥᠭᠦᠷᠢᠭ ᠠᠴᠠ ᠳᠡᠭᠡᠭᠰᠢ ᠪᠠᠶᠢᠬᠤ ᠶᠢ ᠪᠠᠲᠤᠯᠠᠵᠤ᠂ ᠬᠢᠮᠢ ᠶᠢᠨ ᠪᠣᠷᠳᠣᠭᠤᠷ ᠤᠨ ᠦᠨ᠎ᠡ ᠶᠡᠷᠦᠩᠬᠡᠢ ᠳᠤ ᠪᠠᠨ 5% | ︱ 10% ᠪᠠᠭᠤᠷᠠᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠨᠥᠬᠦᠪᠦᠷᠢ ᠮᠦ ᠪᠦᠷᠢ ᠳᠤ ᠪᠠᠨ ᠪᠠᠷᠤᠭ 6 | ᠲᠥᠭᠦᠷᠢᠭ ᠨᠡᠮᠡᠭᠳᠡᠭᠰᠨᠨ ᠪᠠᠶᠢᠯ᠎ᠠ᠃ ᠡᠳᠡᠭᠡᠷ ᠬᠦᠴᠦᠨ ᠵᠦᠢᠯ ᠨᠢ ᠲᠠᠷᠢᠶᠠᠴᠢᠳ ᠤᠨ ᠠᠮᠤ ᠪᠤᠳᠠᠭ᠎ᠠ ᠲᠠᠷᠢᠬᠤ | ᠢᠳᠡᠪᠬᠢᠵᠢᠯ ᠢ ᠳᠡᠭᠡᠭᠰᠢᠯᠡᠭᠦᠯᠵᠦ᠂ ᠵᠢᠱᠢᠯᠲᠡ ᠪᠠᠷ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠦᠷᠭᠦᠯᠵᠢᠯᠡᠨ ᠨᠡᠮᠡᠭᠳ᠋ᠬᠦ | ᠬᠠᠨᠳᠤᠰᠢ ᠲᠠᠢ ᠪᠠᠶᠢᠨ᠎ᠠ᠃ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ᠂ ᠪᠥᠬᠦ ᠣᠷᠣᠨ ᠳᠤ ︽ᠳᠣᠬᠢᠭᠤᠷ | ᠲᠤᠯᠤᠭᠠᠨ ᠣᠲᠣ︾ ᠨᠡᠷᠡᠮᠵᠢᠲᠦ ᠶᠢᠨ ᠵᠠᠮᠴᠢᠯᠠᠭ᠎ᠠ ᠪᠠᠷ 1160 ᠲᠦᠮᠡᠨ ᠮᠦ ᠲᠠᠷᠢᠶ᠎ᠠ ᠶᠢ ᠨᠠᠷᠢᠯᠢᠭ ᠤᠨᠤᠪᠴᠢᠳᠠᠢ | ᠲᠠᠷᠢᠵᠤ᠂ ᠥᠨᠳᠥᠷ ᠤᠨᠠᠯᠲᠠ ᠲᠠᠢ ᠥᠨᠳᠥᠷ ᠦᠷ᠎ᠡ ᠠᠰᠢᠬᠳᠤ ᠵᠢᠱᠢᠶ᠎ᠡ ᠦᠵᠡᠭᠦᠯᠬᠦ ᠣᠷᠣᠨ ᠢ 500 ᠲᠦᠮᠡᠨ ᠮᠦ | ᠨᠠᠶᠢᠳᠠᠪᠤᠷᠢᠵᠢᠭᠤᠯᠪᠠ᠃ ᠡᠭᠦᠨ ᠳᠤ ᠡᠷᠳᠡᠨᠢ ᠰᠢᠰᠢ ᠶᠢ ᠨᠢᠭᠲᠠ ᠳᠠᠷᠢᠵᠤ ᠥᠨᠳᠥᠷ ᠤᠨᠠᠯᠲᠠ ᠲᠠᠢ ᠨᠠᠷᠢᠯᠢᠭ | ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠵᠢᠱᠢᠶ᠎ᠡ ᠦᠵᠡᠭᠦᠯᠬᠦ ᠣᠷᠣᠨ 300 ᠲᠦᠮᠡᠨ ᠮᠦ᠂ ᠰᠢᠷ᠎ᠠ ᠪᠤᠷᠴᠠᠭ ᠤᠨ | ᠲᠣᠮᠣ ᠲᠠᠯᠠᠩ ᠤᠨ ᠥᠨᠳᠥᠷ ᠲᠠᠪᠴᠠᠩᠳᠤ ᠵᠢᠱᠢᠶ᠎ᠡ ᠦᠵᠡᠭᠦᠯᠬᠦ ᠣᠷᠣᠨ 100 ᠲᠦᠮᠡᠨ ᠮᠦ᠂ ᠲᠥᠮᠥᠰᠥ ᠶᠢ | ᠮᠠᠰᠢᠨ ᠤ ᠥᠨᠳᠥᠷ ᠳᠠᠯᠠᠩ ᠲᠠᠢ ᠳᠠᠷᠢᠵᠤ ᠪᠣᠶᠢᠵᠢᠭᠤᠯᠬᠤ ᠵᠢᠱᠢᠶ᠎ᠡ ᠦᠵᠡᠭᠦᠯᠬᠦ ᠣᠷᠣᠨ 50 ᠲᠦᠮᠡᠨ ᠮᠦ | ᠨᠠᠶᠢᠳᠠᠪᠤᠷᠢᠵᠢᠭᠤᠯᠵᠤ᠂ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠰᠠᠭᠤᠷᠢ ᠨᠡᠯᠢᠶᠡᠳ ᠰᠠᠶᠢᠨ ᠪᠠᠶᠢᠨ᠎ᠠ᠃ | ᠬᠠᠪᠤᠷ ᠤᠨ ᠲᠠᠷᠢᠶᠠᠯᠠᠭ᠎ᠠ ᠡᠬᠢᠯᠡᠭᠰᠡᠨ ᠤ ᠳᠠᠷᠠᠭ᠎ᠠ ᠡᠯ᠎ᠡ ᠭᠠᠵᠠᠷ ᠤᠨ ᠳᠠᠷᠢᠬᠤ ᠠᠬᠢᠴᠠ ᠶᠡᠷᠦᠩᠬᠡᠢ ᠳᠤ ᠪᠠᠨ ᠨᠡᠯᠢᠶᠡᠳ | ᠲᠦᠷᠭᠡᠨ᠂ 5 ᠳ᠋ᠤᠭᠠᠷ ᠰᠠᠷ᠎ᠠ ᠳᠤ ᠬᠠᠪᠤᠷ ᠤᠨ ᠲᠠᠷᠢᠶᠠᠯᠠᠭ᠎ᠠ ᠶᠢᠨ ᠣᠷᠭᠢᠯ ᠤᠨ ᠬᠤᠭᠤᠴᠠᠭᠠᠨ ᠤ ᠠᠬᠢᠴᠠ ᠢᠮᠠᠭᠲᠠ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2 ᠠᠴᠠ 3 ᠵᠠᠭᠤᠨ ᠤ ᠨᠢᠭᠡᠴᠢ ᠲᠦᠷᠭᠡᠨ ᠪᠣᠯᠵᠠᠢ᠃ | ᠵᠢᠱᠢᠯᠲᠡ ᠪᠠᠷ 6 ᠳ᠋ᠤᠭᠠᠷ ᠰᠠᠷ᠎ᠠ ᠶᠢᠨ ᠡᠬᠢ ᠪᠠᠷ ᠪᠥᠬᠦ ᠣᠷᠣᠨ ᠤ ᠠᠮᠤ ᠪᠤᠳᠠᠭᠠᠨ ᠤ ᠲᠠᠷᠢᠶᠠᠯᠠᠭ᠎ᠠ ᠦᠨᠳᠦᠰᠦᠨ ᠳᠤ | ᠪᠠᠨ ᠳᠠᠭᠤᠰᠴᠤ᠂ ᠨᠢᠳᠤᠨᠤᠨ ᠤ ᠬᠢ ᠠᠴᠠ ᠨᠡᠶᠢᠳᠡᠮ ᠳᠤ ᠪᠠᠨ 3 ᠠᠴᠠ 5 ᠬᠤᠨᠤᠭ ᠤᠷᠷᠳᠴᠢᠯᠠᠬᠤ ᠪᠤᠯᠤᠮᠵᠢ ᠲᠠᠢ | ᠃ | | | | | | |