︽ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭᠠᠨ ᠤ ᠬᠤᠷᠢᠶᠠᠩᠭᠤᠢ︾ ᠭᠡᠬᠦ ᠨᠣᠮ ᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2023/7/13
︽ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭᠠᠨ ᠤ ᠬᠤᠷᠢᠶᠠᠩᠭᠤᠢ︾ ᠭᠡᠬᠦ ᠨᠣᠮ ᠢ ᠬᠡᠪᠯᠡᠨ ᠲᠠᠷᠬᠠᠭᠠᠪᠠ        ᠲᠥᠪ ᠤᠨ ᠰᠦᠯᠵᠢᠶᠡᠨ ᠤ ᠠᠮᠤᠷ ᠲᠦᠪᠰᠢᠨ ᠪᠣᠯᠣᠨ ᠮᠡᠳᠡᠭᠡ ᠵᠠᠩᠭᠢᠵᠢᠯᠲᠠ ᠶᠢᠨ ᠬᠤᠷᠢᠶ᠎ᠠ ᠶᠢᠨ ᠠᠯᠪᠠᠨ ᠭᠡᠷ ᠠᠴᠠ ᠵᠣᠬᠢᠶᠠᠨ ᠪᠠᠶᠢᠭᠤᠯᠵᠤ ᠨᠠᠶᠢᠷᠠᠭᠤᠯᠤᠭᠰᠠᠨ ︽ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭᠠᠨ ᠤ ᠬᠤᠷᠢᠶᠠᠩᠭᠤᠢ︾ ᠭᠡᠬᠦ ᠨᠣᠮ ᠢ ᠣᠶᠢᠷ᠎ᠠ ᠶᠢᠨ ᠡᠳᠦᠷ ᠠᠷᠠᠳ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠪᠥᠬᠦ ᠤᠯᠤᠰ ᠲᠤ ᠲᠠᠷᠬᠠᠭᠠᠪᠠ᠃     ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠰᠦᠯᠵᠢᠶᠡᠨ ᠤ ᠠᠮᠤᠷ ᠲᠦᠪᠰᠢᠨ ᠪᠣᠯᠣᠨ ᠮᠡᠳᠡᠭᠡ ᠵᠠᠩᠭᠢᠵᠢᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠦᠯᠵᠢᠶᠡᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠲᠣᠳᠣᠷᠬᠠᠢ ᠳᠤᠷᠠᠳᠴᠤ᠂ ᠰᠦᠯᠵᠢᠶᠡᠨ ᠤ ᠮᠡᠳᠡᠭᠡ ᠵᠠᠩᠭᠢ ᠶᠢᠨ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠴᠢᠬᠤᠯᠠ ᠪᠦᠷᠢᠯᠳᠦᠭᠦᠨ ᠬᠡᠰᠡᠭ ᠮᠥᠨ᠂ ᠮᠠᠨ ᠤ ᠨᠠᠮ ᠤᠨ ᠰᠦᠯᠵᠢᠶ᠎ᠡ ᠶᠢ ᠬᠠᠮᠢᠶᠠᠷᠴᠤ ᠰᠦᠯᠵᠢᠶ᠎ᠡ ᠶᠢ ᠵᠠᠰᠠᠭᠰᠠᠨ ᠦᠢᠯᠡᠳᠦᠯᠭᠡ ᠶᠢᠨ ᠲᠤᠷᠰᠢᠯᠭ᠎ᠠ ᠶᠢᠨ ᠤᠨᠤᠯ ᠤᠨ ᠳ᠋ᠦᠩᠨᠡᠯᠲᠡ ᠪᠠ ᠰᠦᠯᠵᠢᠶᠡᠨ ᠤ ᠮᠡᠳᠡᠭᠡ ᠵᠠᠩᠭᠢ ᠶᠢᠨ ᠦᠢᠯᠡᠰ ᠤᠨ ᠬᠥᠭᠵᠢᠯᠲᠡ ᠶᠢᠨ ᠠᠵᠢᠯᠯᠠᠭᠠᠨ ᠤ ᠵᠦᠭᠯᠡᠭᠦᠷ ᠮᠥᠨ᠃ ︽ᠬᠤᠷᠢᠶᠠᠩᠭᠤᠢ︾ ᠨᠢ ᠨᠡᠶᠢᠳᠡ 10 ᠲᠤᠰᠬᠠᠢ ᠰᠡᠳᠦᠪ ᠬᠤᠪᠢᠶᠠᠵᠤ᠂ ᠰᠦᠯᠵᠢᠶᠡᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠠ ᠰᠢᠨᠵᠢᠯᠡᠬᠦ ᠤᠬᠠᠭᠠᠨᠴᠢ ᠠᠵᠢᠯᠯᠠᠭᠠᠨ ᠤ ᠵᠦᠭᠯᠡᠭᠦᠷ᠂ ᠮᠠᠨ ᠤ ᠤᠯᠤᠰ ᠢᠶᠠᠨ ᠰᠦᠯᠵᠢᠶᠡᠨ ᠤ ᠬᠦᠴᠦᠷᠬᠡᠭ ᠤᠯᠤᠰ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ᠂ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠵᠡᠷᠭᠡ ᠲᠠᠯ᠎ᠠ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭᠠᠨ ᠤ ᠭᠤᠣᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠤᠭᠳᠠᠬᠤᠨ᠂ ᠦᠢᠯᠡᠳᠦᠯᠭᠡ ᠶᠢᠨ ᠱᠠᠭᠠᠷᠳᠠᠯᠭ᠎ᠠ ᠶᠢ ᠲᠣᠳᠣᠷᠬᠠᠶᠢᠯᠠᠨ ᠥᠭᠦᠯᠡᠪᠡ᠃     ᠲᠤᠰ ᠨᠣᠮ ᠤᠨ ᠬᠡᠪᠯᠡᠭᠳᠡᠭᠰᠡᠨ ᠨᠢ ᠥᠷᠭᠡᠨ ᠤᠯᠠᠨ ᠺᠠᠳ᠋ᠷ ᠤᠯᠠᠨ ᠲᠦᠮᠡᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ᠂ ᠭᠦᠨᠵᠡᠭᠡᠢ᠂ ᠰᠢᠰᠲ᠋ᠧᠮ ᠲᠠᠢ ᠰᠤᠷᠤᠯᠴᠠᠵᠤ᠂ ᠪᠦᠬᠦ ᠨᠠᠮ ᠪᠦᠬᠦ ᠨᠡᠶᠢᠭᠡᠮ ᠤᠨ ᠬᠦᠴᠦᠨ ᠢ ᠨᠢᠭᠲᠠᠷᠠᠭᠤᠯᠤᠨ᠂ ᠰᠦᠯᠵᠢᠶᠡᠨ ᠤ ᠮᠡᠳᠡᠭᠡ ᠵᠠᠩᠭᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠦᠯᠵᠢᠶᠡᠨ ᠤ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠬᠦ ᠳᠤ ᠠᠰᠢᠭᠲᠠᠢ ᠶᠤᠮ᠃   
 
ᠢᠷᠡᠯᠲᠡ᠄ ᠦᠪᠤᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号