— ᠬᠥᠯᠥᠨ ᠪᠤᠶᠢᠷ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ | ᠡᠭᠦᠷ ᠤᠨ ᠳᠡᠳ᠋ ᠱᠦᠵᠢ᠂ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ | ᠰᠠᠯᠠᠭ᠎ᠠ ᠶᠢᠨ ᠳᠠᠷᠤᠭ᠎ᠠ ᠬᠠᠨ ᠲᠤᠸ ᠶᠢᠨ ᠦᠢᠯᠡ ᠠᠵᠢᠯᠯᠠᠭ᠎ᠠ ᠶᠢ ᠲᠡᠮᠳᠡᠭᠯᠡᠪᠡ | ᠤᠷᠢᠬᠠᠨ ᠵᠤᠬᠢᠶᠠᠪᠠ | ᠬᠠᠨ ᠲᠤᠤ 1980 ᠣᠨ ᠤ 7 ᠳ᠋ᠤᠭᠠᠷ ᠰᠠᠷ᠎ᠠ ᠳᠤ ᠲᠦᠷᠦᠪᠡ᠃ 1998 ᠣᠨ ᠤ 12 ᠳ᠋ᠤᠭᠠᠷ ᠰᠠᠷ᠎ᠠ ᠳᠤ | ᠥᠩᠭᠡ ᠭᠡᠷᠡᠯ ᠲᠠᠢ ᠪᠠᠷ ᠴᠢᠯᠦᠭᠡᠯᠡᠬᠦ ᠴᠡᠷᠢᠭ ᠲᠤ ᠡᠯᠰᠡᠭᠳᠡᠨ᠂ 2009 ᠣᠨ ᠤ 10 ᠳ᠋ᠤᠭᠠᠷ ᠰᠠᠷ᠎ᠠ ᠳᠤ | ᠴᠡᠷᠢᠭ ᠠᠴᠠ ᠬᠠᠯᠠᠭᠳᠠᠵᠤ ᠬᠥᠯᠥᠨ ᠪᠤᠶᠢᠷ ᠤᠨ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠠᠵᠢᠯ ᠤᠨ | ᠭᠠᠷᠤᠭ᠎ᠠ ᠪᠠᠨ ᠠᠪᠤᠪᠠ᠃ ᠤᠳᠤᠬᠠᠨ ᠳᠤ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠡᠭᠦᠷ ᠤᠨ ᠳᠡᠳ᠋ ᠱᠦᠵᠢ᠂ | ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠰᠠᠯᠠᠭ᠎ᠠ ᠶᠢᠨ ᠳᠠᠷᠤᠭ᠎ᠠ ᠶᠢᠨ | ᠲᠤᠰᠢᠶᠠᠯ ᠢ ᠡᠭᠦᠷᠭᠡᠯᠡᠵᠦ ᠪᠠᠶᠢᠨ᠎ᠠ᠃ | ᠲᠡᠷᠡ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠦᠨᠡᠨᠴᠢ ᠰᠢᠳᠤᠷᠭᠤ ᠪᠦᠭᠡᠳ ᠬᠠᠷᠠᠮ ᠦᠭᠡᠢ ᠵᠢᠳᠬᠦᠬᠦ | ᠴᠡᠷᠢᠭ ᠤᠨ ᠬᠥᠮᠥᠨ ᠤ ᠮᠥᠨ ᠴᠢᠨᠠᠷ ᠢ ᠦᠷᠭᠦᠯᠵᠢᠯᠡᠨ ᠪᠢᠴᠢᠭᠯᠡᠪᠡ᠃ ᠨᠠᠮ ᠤᠨ ᠭᠡᠰᠢᠭᠦᠨ ᠺᠠᠳ᠋ᠷ ᠪᠣᠯᠤᠭᠰᠠᠨ ᠤ | ᠬᠤᠪᠢ ᠳᠤ᠂ ᠲᠡᠷᠡ ᠪᠠᠷ ᠠᠷᠠᠳ ᠤᠯᠠᠨ ᠤ ᠪᠠᠶᠢᠳᠠᠯ ᠢ ᠣᠶᠢᠯᠠᠭᠠᠵᠤ᠂ ᠠᠷᠠᠳ ᠤᠯᠠᠨ ᠤ ᠬᠦᠴᠢᠷᠳᠡᠯ ᠢ | ᠰᠢᠢᠳᠪᠦᠷᠢᠯᠡᠵᠦ᠂ ᠠᠷᠠᠳ ᠤᠯᠠᠨ ᠤ ᠢᠲᠡᠭᠡᠯ ᠢ ᠣᠯᠪᠠ᠃ ᠬᠢᠵᠢᠭ ᠲᠠᠢ ᠲᠡᠮᠡᠴᠡᠵᠦ ᠪᠠᠶᠢᠭᠰᠠᠨ ᠬᠤᠭᠤᠴᠠᠭᠠᠨ ᠳᠤ᠂ | ᠴᠡᠷᠢᠭ ᠠᠴᠠ ᠬᠠᠯᠠᠭᠳᠠᠭᠰᠠᠳ ᠪᠣᠯᠤᠭᠰᠠᠨ ᠤ ᠬᠤᠪᠢ ᠳᠤ᠂ ᠲᠡᠷᠡ ᠰᠠᠨᠠᠭᠠᠴᠢᠯᠠᠭ᠎ᠠ ᠠᠴᠠ ᠪᠠᠨ ᠳᠠᠶᠢᠯᠠᠯᠳᠤᠭᠠᠨ ᠳᠤ | ᠣᠷᠣᠯᠴᠠᠬᠤ ᠪᠠᠷ ᠭᠤᠶᠤᠴᠢᠯᠠᠵᠤ᠂ ᠨᠠᠮ ᠤᠨ ᠭᠡᠰᠢᠭᠦᠨ ᠤ ᠭᠠᠪᠰᠢᠭᠠᠢ ᠬᠤᠰᠢᠭᠤᠴᠢ ᠶᠢᠨ ᠲᠤᠰᠢᠶᠠᠯ ᠢ ᠡᠭᠦᠷᠭᠡᠯᠡᠵᠦ᠂ | ᠵᠢᠵᠢᠭᠦᠷᠯᠡᠨ ᠰᠠᠬᠢᠵᠤ ᠵᠢᠭᠰᠠᠭᠠᠨ ᠪᠠᠶᠢᠴᠠᠭᠠᠬᠤ ᠠᠵᠢᠯ ᠢ ᠲᠦᠷᠦᠭᠦᠯᠡᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ | ᠬᠤᠷᠢᠭᠯᠠᠨ ᠲᠡᠮᠡᠴᠡᠬᠦ ︽ᠪᠣᠯᠣᠳ ᠬᠡᠷᠡᠮ︾ ᠢ ᠪᠠᠲᠤ ᠴᠣᠭᠴᠠᠯᠠᠪᠠ᠃ ᠲᠤᠬᠠᠶᠢᠯᠠᠭᠰᠠᠨ ᠠᠵᠢᠯ ᠤᠨ ᠭᠤᠣᠯᠯᠠᠭᠴᠢ | ᠬᠦᠴᠦᠨ ᠪᠣᠯᠤᠭᠰᠠᠨ ᠤ ᠬᠤᠪᠢ ᠳᠤ᠂ ᠲᠡᠷᠡ ᠪᠡᠷᠬᠡ ᠬᠦᠴᠢᠷᠳᠡᠯ ᠲᠠᠢ ᠠᠵᠢᠯ ᠤᠨ ᠡᠮᠦᠨ᠎ᠡ ᠪᠡᠶ᠎ᠡ ᠪᠦᠬᠦᠶᠢᠬᠦ ᠦᠭᠡᠢ | ᠪᠠᠷ ᠰᠢᠭᠤᠷᠬᠠᠶᠢᠯᠠᠨ ᠲᠡᠮᠡᠴᠡᠵᠦ᠂ 24 ᠵᠢᠯ ᠤᠨ ᠪᠣᠳᠠᠲᠤ ᠠᠵᠢᠯᠯᠠᠭ᠎ᠠ ᠪᠠᠷ ᠢᠶᠠᠨ ︽ᠠᠷᠠᠳ ᠤᠨ ᠶᠠᠪᠤᠳᠠᠯ ᠤᠨ | ᠬᠥᠮᠥᠨ︾ ᠤ ᠡᠷᠡᠰ ᠬᠠᠳᠠᠨ ᠵᠤᠷᠢᠭ ᠰᠠᠨᠠᠭ᠎ᠠ ᠶᠢ ᠬᠠᠷᠠᠭᠤᠯᠪᠠ᠃ | ᠠᠷᠠᠳ ᠤᠯᠠᠨ ᠢ ᠪᠠᠨ ᠠᠶᠤᠤᠯᠢᠬᠠᠢ ᠴᠡᠭᠡᠵᠢᠨ ᠳᠤ ᠪᠠᠨ ᠪᠠᠭᠲᠠᠭᠠᠵᠤ᠂ ᠢᠲᠡᠭᠡᠯ ᠤᠨ ᠬᠦᠴᠦᠨ ᠳᠤ ᠰᠡᠳᠬᠢᠯ | ᠤᠨ ᠲᠠᠮᠢᠷ ᠲᠠᠢ ᠰᠢᠭᠤᠷᠬᠠᠶᠢᠯᠠᠨᠠ | ︽ᠳᠡᠭᠡᠳᠦ ᠲᠡᠭᠷᠢ ᠶᠢᠨ ᠤᠳᠤᠨ ᠣᠷᠣᠨ ᠭᠠᠵᠠᠷ ᠵᠦᠢ ᠠᠴᠠ ᠲᠡᠷᠭᠡᠳᠡᠬᠢ ᠠᠮᠢᠳᠤᠷᠠᠯ ᠤᠨ ᠠᠷᠰᠠᠷ ᠵᠦᠢᠯ ᠳᠤ | ᠬᠦᠷᠲᠡᠯ᠎ᠡ ᠬᠠᠮᠢᠶᠠᠷᠬᠤ︾ ᠪᠣᠯ ᠦᠨᠳᠦᠰᠦᠨ ᠱᠠᠲᠤᠨ ᠤ ᠠᠷᠠᠳ ᠤᠨ ᠶᠠᠪᠤᠳᠠᠯ ᠤᠨ ᠠᠵᠢᠯ ᠤᠨ ᠦᠨᠡᠨ ᠪᠣᠳᠠᠲᠠᠢ | ᠵᠢᠷᠤᠭᠯᠠᠯ ᠪᠤᠯᠤᠨ᠎ᠠ᠃ ᠠᠷᠠᠳ ᠲᠦᠮᠡᠨ ᠳᠤ ᠦᠢᠯᠡᠴᠢᠯᠡᠬᠦ ᠪᠣᠯ ᠰᠠᠶᠢᠨ ᠺᠠᠳ᠋ᠷ ᠤᠨ ᠦᠨᠳᠦᠰᠦᠨ ᠱᠠᠭᠠᠷᠳᠠᠯᠭ᠎ᠠ | ᠪᠠᠶᠢᠵᠤ᠂ ᠡᠪ ᠬᠠᠮᠲᠤᠴᠤᠳ ᠤᠨ ᠬᠠᠮᠤᠭ ᠤᠨ ᠬᠠᠩᠭᠢᠨᠠᠮ᠎ᠠ ᠲᠤᠩᠬᠠᠭ ᠪᠠᠶᠢᠵᠤ ᠲᠠᠭᠠᠷᠠᠨ᠎ᠠ᠃ 2022 ᠣᠨ ᠳᠤ᠂ | ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠮᠡᠳᠡᠭᠡ ᠵᠠᠩᠭᠢ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ | ᠶᠢ ᠭᠦᠨᠵᠡᠭᠡᠶᠢᠷᠡᠨ ᠠᠬᠢᠭᠤᠯᠵᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠦᠯᠦᠭᠡ᠂ ᠠᠷᠠᠳ ᠤᠨ ᠶᠠᠪᠤᠳᠠᠯ ᠤᠨ ᠶᠠᠮᠤᠨ ᠠᠴᠠ | ᠪᠦᠬᠦ ᠤᠯᠤᠰ ᠤᠨ ᠬᠡᠪᠴᠢᠶᠡᠨ ᠳᠤ ︽ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠦᠢᠯᠡᠴᠢᠯᠡᠭᠡ ᠶᠢ | ᠭᠦᠨᠵᠡᠭᠡᠶᠢᠷᠡᠭᠦᠯᠵᠦ᠂ ᠰᠠᠶᠢᠨ ᠰᠠᠶᠢᠬᠠᠨ ᠭᠡᠷ ᠣᠷᠣᠨ ᠢᠶᠠᠨ ᠭᠡᠶᠢᠭᠦᠯᠬᠦ︾ ᠲᠤᠷᠰᠢᠯᠲᠠ ᠶᠢᠨ ᠠᠵᠢᠯ ᠢ | ᠪᠠᠶᠢᠷᠢᠯᠠᠭᠤᠯᠤᠨ ᠥᠷᠨᠢᠭᠦᠯᠬᠦ ᠲᠠᠰᠢᠷᠠᠮ ᠢᠶᠠᠷ᠂ ᠬᠠᠨ ᠲᠤᠤ ᠨᠦᠬᠦᠷ ᠣᠷᠴᠣᠨ ᠤ ᠥᠪᠡᠷᠲᠡᠭᠡᠨ ᠵᠠᠰᠠᠬᠤ ᠬᠤᠰᠢᠭᠤ | ᠶᠢ ᠢᠳᠡᠪᠬᠢᠲᠡᠢ ᠲᠠᠨᠢᠯᠴᠠᠭᠤᠯᠤᠨ ᠭᠤᠶᠤᠴᠢᠯᠠᠭᠰᠠᠨ ᠠᠴᠠ ᠪᠦᠬᠦ ᠤᠯᠤᠰ ᠤᠨ 70 ᠲᠤᠷᠰᠢᠯᠲᠠ ᠶᠢᠨ ᠬᠤᠰᠢᠭᠤ | ᠰᠢᠶᠠᠨ ᠤ ᠨᠢᠭᠡ ᠪᠠᠷ ᠠᠮᠵᠢᠯᠲᠠ ᠲᠠᠢ ᠪᠠᠷ ᠰᠤᠩᠭᠤᠭᠳᠠᠪᠠ᠃ ᠪᠥᠬᠦ ᠬᠤᠰᠢᠭᠤᠨ ᠤ 10 ᠰᠢᠶᠠᠩ ᠪᠠᠯᠭᠠᠰᠤ᠂ 82 | ᠵᠠᠰᠠᠭ ᠵᠠᠬᠢᠷᠭᠠᠨ ᠤ ᠲᠣᠰᠬᠤᠨ ᠤ ᠬᠡᠪᠴᠢᠶᠡᠨ ᠳᠤ ᠬᠢ ᠨᠡᠷ᠎ᠡ ᠪᠠᠶᠢᠬᠤ ᠦᠭᠡᠢ ᠭᠠᠵᠠᠷ ᠢ ᠨᠡᠷᠡᠶᠢᠳᠴᠦ᠂ ᠭᠠᠵᠠᠷ ᠤᠨ | ᠨᠡᠷᠡᠰ ᠤᠨ ᠫᠠᠶᠢᠰᠠ ᠲᠡᠮᠳᠡᠭ ᠲᠣᠭᠲᠠᠭᠠᠵᠤ᠂ ᠬᠦᠳᠡᠭᠡ ᠲᠤᠰᠬᠤᠨ ᠤ ᠭᠠᠵᠠᠷ ᠤᠨ ᠨᠡᠷᠡᠰ ᠢ ᠲᠡᠮᠳᠡᠭᠯᠡᠨ | ᠴᠤᠭᠯᠠᠭᠤᠯᠵᠤ ᠰᠦᠯᠵᠢᠶᠡᠨ ᠵᠢᠷᠤᠭ ᠲᠤ ᠤᠷᠤᠭᠤᠯᠵᠤ᠂ ᠤᠬᠠᠭᠤᠯᠤᠨ ᠳᠡᠯᠭᠡᠷᠡᠭᠦᠯᠬᠦ ᠪᠠ ᠮᠡᠳᠡᠭᠡ ᠵᠠᠩᠭᠢ ᠶᠢᠨ | ᠦᠢᠯᠡᠴᠢᠯᠡᠭᠡ ᠶᠢ ᠳᠡᠭᠡᠭᠰᠢᠯᠡᠭᠦᠯᠬᠦ ᠵᠡᠷᠭᠡ ᠳᠥᠷᠪᠡᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠥᠳᠡᠭᠡ | ᠲᠣᠰᠬᠤᠨ ᠤ ᠭᠠᠵᠠᠷ ᠤᠨ ᠨᠡᠷᠡᠰ ᠤᠨ ᠲᠡᠮᠳᠡᠭ ᠤᠨ ᠤᠳᠤᠷᠢᠳᠤᠮᠵᠢ ᠶᠢᠨ ᠰᠢᠰᠲ᠋ᠧᠮ ᠢ ᠤᠯᠠᠮ ᠨᠢᠭᠡ ᠠᠯᠬᠤᠮ | ᠪᠦᠷᠢᠨᠰᠢᠭᠦᠯᠵᠦ᠂ ᠬᠥᠳᠡᠭᠡ ᠲᠣᠰᠬᠤᠨ ᠤ ᠤᠨᠴᠠᠯᠢᠭ ᠲᠠᠢ ᠠᠵᠤ ᠦᠢᠯᠡᠰ ᠤᠨ ᠬᠥᠭᠵᠢᠯᠲᠡ ᠳᠤ ᠬᠦᠴᠦᠨ | ᠨᠡᠮᠡᠷᠢᠯᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠳᠤᠮᠳᠠᠳᠤ ᠶᠢᠨ ᠰᠢᠯᠢᠳᠡᠭ | ᠭᠠᠵᠠᠷ ᠤᠨ ᠨᠡᠷᠡᠰ ᠤᠨ ᠰᠣᠶᠣᠯ ᠢ ᠤᠯᠠᠮᠵᠢᠯᠠᠨ ᠪᠠᠳᠠᠷᠠᠭᠤᠯᠪᠠ᠃ ᠭᠠᠴᠠᠭ᠎ᠠ ᠲᠣᠰᠬᠤᠨ ᠪᠦᠷᠢ ᠨᠢ ᠵᠠᠮ ᠤᠨ ᠫᠠᠶᠢᠰᠠ | ᠂ ᠡᠭᠦᠳᠡᠨ ᠫᠠᠶᠢᠰᠠ ᠲᠠᠢ ᠪᠤᠯᠵᠤ᠂ ᠣᠨᠴᠠᠯᠢᠭ ᠲᠠᠢ ᠦᠵᠡᠮᠵᠢ ᠶᠢᠨ ᠣᠷᠤᠨ᠂ ᠬᠥᠳᠡᠭᠡ ᠲᠣᠰᠬᠤᠨ ᠤ ᠵᠠᠮ᠂ | ᠠᠷᠠᠳ ᠤᠨ ᠪᠠᠶᠢᠷᠢ ᠬᠤᠭᠤᠯᠠᠨ ᠭᠡᠷ᠂ ᠲᠦᠷᠭᠡᠨ ᠬᠦᠷᠭᠡᠯᠲᠡ ᠶᠢᠨ ᠲᠣᠣᠷ ᠴᠡᠭ ᠢ ᠴᠥᠮ ᠭᠤᠸ ᠳ᠋ᠧ ᠪᠤᠯᠤᠨ ᠪᠠᠢ | ᠳ᠋ᠦ᠋ ᠭᠠᠵᠠᠷ ᠤᠨ ᠵᠢᠷᠤᠭ ᠲᠤ ᠣᠷᠣᠭᠤᠯᠤᠭᠠᠳ᠂ ᠠᠷᠠᠳ ᠤᠨ ᠦᠢᠯᠡᠳᠪᠦᠷᠢᠯᠡᠯ ᠠᠮᠢᠳᠤᠷᠠᠯ ᠳᠤ ᠳᠦᠭᠦᠮ | ᠦᠵᠡᠭᠦᠯᠵᠤ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠪᠤᠯᠤᠨ ᠵᠢᠭᠤᠯᠴᠢᠯᠠᠯ ᠤᠨ ᠠᠵᠤ ᠦᠢᠯᠡᠰ ᠤᠨ | ᠲᠦᠷᠭᠡᠨ ᠬᠥᠭᠵᠢᠯᠲᠡ ᠶᠢ ᠪᠡᠶᠡᠯᠡᠭᠦᠯᠵᠦ᠂ ᠲᠦᠷᠭᠡᠨ ᠬᠦᠷᠭᠡᠯᠲᠡ ᠶᠢ ᠲᠣᠰᠬᠤᠨ ᠳᠤ ᠨᠡᠪᠲᠡᠷᠡᠭᠦᠯᠤᠨ᠂ ᠬᠡᠭᠡᠷ᠎ᠡ ᠶᠢᠨ | ᠭᠠᠷᠤᠯᠲᠠ ᠶᠢ ᠬᠤᠲᠠ ᠳᠤ ᠣᠷᠣᠭᠤᠯᠬᠤ ᠶᠢ ᠦᠨᠡᠨ ᠬᠦ ᠪᠡᠶᠡᠯᠡᠭᠦᠯᠦᠭᠰᠡᠨ ᠪᠠᠶᠢᠨ᠎ᠠ᠃ | ᠠᠷᠠᠳ ᠤᠯᠠᠨ ᠢ ᠠᠬ᠎ᠠ ᠳᠡᠭᠦᠦ ᠨᠠᠶᠢᠵᠠ ᠨᠦᠬᠦᠳ ᠢᠶᠠᠨ ᠰᠢᠭ ᠲᠤᠲᠤᠨᠤᠴᠢᠯᠠᠨ᠂ ᠳᠡᠳᠡᠨᠦᠰ ᠤᠨ ᠠᠰᠢᠭ | ᠲᠤᠰᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠳᠠᠭ ᠶᠤᠮ᠃ ᠲᠡᠷᠡ ᠪᠠᠷ ᠬᠤᠲᠠ ᠪᠤᠯᠤᠨ ᠬᠤᠰᠢᠭᠤᠨ ᠤ 5 | ᠨᠢᠭᠡᠴᠢ ᠶᠢ ᠵᠣᠬᠢᠶᠠᠨ ᠪᠠᠶᠢᠭᠤᠯᠵᠤ ᠨᠢᠭᠡ ᠤᠳᠠᠭᠠᠨ ᠤ ᠣᠨᠴᠠᠭᠠᠶ ᠪᠠᠶᠢᠴᠠᠭᠠᠨ ᠰᠤᠳᠤᠯᠤᠯᠲᠠ ᠬᠢᠪᠡ᠃ ᠪᠠᠶᠢᠴᠠᠭᠠᠨ | ᠰᠤᠳᠤᠯᠤᠯᠲᠠ ᠬᠢᠬᠦ ᠪᠠᠷ ᠳᠠᠮᠵᠢᠭᠤᠯᠤᠨ ᠬᠦᠴᠢᠷᠳᠡᠯ ᠲᠠᠢ ᠬᠡᠦᠬᠡᠳ ᠤᠳ ᠠᠰᠠᠷᠠᠮᠵᠢ ᠶᠢᠨ ᠪᠠᠲᠤᠯᠠᠭ᠎ᠠ ᠬᠦᠷᠲᠡᠵᠦ | ᠪᠠᠶᠢᠬᠤ ᠡᠰᠡᠬᠦ ᠶᠢ ᠨᠠᠷᠢᠨ ᠬᠢᠨᠠᠮᠠᠭᠠᠢ ᠰᠤᠳᠤᠯᠤᠨ ᠶᠠᠷᠢᠯᠴᠠᠵᠤ᠂ ᠪᠠᠲᠤᠯᠠᠭ᠎ᠠ ᠶᠢ ᠨᠠᠶᠢᠳᠠᠪᠤᠷᠢᠵᠢᠭᠤᠯᠬᠤ ᠠᠵᠢᠯ ᠤᠨ | ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠶ ᠡᠷᠢᠵᠤ᠂ ᠠᠷᠤᠨ ᠬᠤᠰᠢᠭᠤᠨ ᠤ | ᠬᠦᠴᠢᠷᠳᠡᠯ ᠳᠤ ᠲᠤᠯᠭᠠᠷᠠᠭᠰᠠᠨ 3 ᠬᠡᠦᠬᠡᠳ ᠢ ᠬᠡᠦᠬᠡᠳ ᠤᠨ ᠠᠰᠠᠷᠠᠮᠵᠢ ᠶᠢᠨ ᠪᠠᠲᠤᠯᠠᠭ᠎ᠠ ᠳᠤ ᠣᠷᠣᠭᠤᠯᠬᠤ | ᠠᠰᠠᠭᠤᠳᠠᠯ ᠢ ᠬᠠᠮᠲᠤᠷᠠᠨ ᠰᠢᠢᠳᠪᠦᠷᠢᠯᠡᠪᠡ᠃ ᠬᠡᠦᠬᠡᠳ ᠤᠨ ᠠᠰᠢᠭ ᠲᠤᠰᠠ ᠶᠢ ᠬᠠᠮᠤᠭ ᠤᠨ ᠲᠡᠷᠢᠭᠦᠨ ᠳᠤ | ᠪᠤᠳᠤᠯᠬᠢᠯᠠᠬᠤ ᠵᠠᠷᠴᠢᠮ ᠶᠣᠰᠣᠭᠠᠷ ᠣᠨᠴᠠᠭᠠᠶ ᠬᠡᠷᠡᠭ ᠢ ᠣᠨᠴᠠᠭᠠᠶ ᠰᠢᠢᠳᠪᠦᠷᠢᠯᠡᠪᠡ᠃ ᠬᠡᠦᠬᠡᠳ ᠲᠤ ᠲᠠᠩᠰᠠ ᠺᠠᠷᠲ | ᠪᠠᠶᠢᠭᠤᠯᠤᠨ ᠥᠭᠴᠦ᠂ ᠡᠷᠦᠬᠡ ᠭᠡᠷ ᠲᠤ ᠨᠢ ᠬᠦᠷᠴᠦ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ | ᠬᠠᠷᠭᠤᠭᠤᠯᠣᠨ ᠣᠶᠢᠯᠠᠭᠠᠵᠤ᠂ ᠲᠤᠰᠠᠯᠠᠵᠤ ᠪᠠᠲᠤᠯᠠᠬᠤ ᠬᠡᠪᠴᠢᠶᠡᠨ ᠳᠤ ᠣᠷᠣᠭᠤᠯᠤᠨ᠂ ᠬᠦᠴᠢᠷᠳᠡᠯ ᠳᠤ | ᠲᠤᠯᠭᠠᠷᠠᠭᠰᠠᠨ ᠬᠡᠦᠬᠡᠳ ᠤᠨ ᠦᠨᠳᠦᠰᠦᠨ ᠡᠷᠬᠡ ᠠᠰᠢᠭ ᠢ ᠪᠠᠲᠤᠯᠠᠪᠠ᠃ ᠵᠢᠯ ᠪᠦᠷᠢ ᠶᠢᠨ ᠬᠠᠪᠤᠷ ᠤᠨ ᠡᠬᠢ ᠪᠠᠷ | ᠲᠡᠷᠡ ᠠᠯᠪᠠᠨ ᠪᠠᠶᠢᠭᠤᠯᠭ᠎ᠠ ᠶᠢᠨ ᠪᠦᠬᠦ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ᠂ ᠡᠷᠭᠢᠨ | ᠲᠣᠭᠤᠷᠢᠨ ᠤ ᠬᠦᠳᠡᠭᠡ ᠲᠤᠰᠬᠤᠨ ᠢᠶᠠᠷ ᠭᠦᠨᠵᠡᠭᠡᠶᠢᠷᠡᠨ᠂ ᠲᠠᠷᠢᠶᠠᠴᠢᠳ ᠲᠠᠢ ᠬᠠᠮᠲᠤ ᠪᠠᠷ ᠭᠤᠸ᠎ᠠ ᠵᠢᠮᠢᠰ ᠢᠳᠡᠰᠢᠨ | ᠨᠣᠭᠤᠭ᠎ᠠ ᠲᠠᠷᠢᠪᠠ᠃ ᠡᠭᠦᠨ ᠤ ᠬᠠᠮᠲᠤ ᠪᠠᠰᠠ ᠮᠠᠯᠴᠢᠨ ᠡᠷᠦᠬᠡ ᠶᠢ ᠲᠣᠬᠤᠨᠢᠭᠤᠯᠵᠤ᠂ ᠲᠤᠬᠠᠢ ᠶᠢᠨ ᠭᠠᠵᠠᠷ ᠤᠨ | ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨ ᠤ ᠪᠠᠴᠢᠮ ᠲᠤᠯᠭᠠᠮ ᠱᠠᠭᠠᠷᠳᠠᠭᠳᠠᠵᠤ ᠪᠠᠶᠢᠭ᠎ᠠ ᠬᠡᠷᠡᠭᠴᠡᠭᠡ | ᠱᠠᠭᠠᠷᠳᠠᠯᠭ᠎ᠠ ᠶᠢ ᠣᠶᠢᠯᠠᠭᠠᠵᠤ᠂ ᠠᠷᠭ᠎ᠠ ᠪᠦᠬᠦᠨ ᠢ ᠰᠦᠪᠡᠭᠴᠢᠯᠡᠪᠡ᠃ ᠠᠷᠠᠳ ᠤᠨ ᠶᠠᠪᠤᠳᠠᠯ ᠤᠨ | ᠬᠠᠮᠢᠶᠠᠷᠤᠯᠲᠠ ᠶᠢᠨ ᠠᠵᠢᠯ ᠲᠦᠷᠦᠯ ᠤᠨ ᠨᠡᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠠᠶᠢᠴᠢᠯᠠᠵᠤ | ᠂ ᠤᠯᠠᠨ ᠲᠦᠮᠡᠨ ᠢ ᠬᠠᠪᠰᠤᠷᠤᠨ᠂ ᠳᠡᠯᠳᠡᠦ ᠵᠡᠷᠭᠡ ᠨᠤᠲᠤᠭ ᠤᠨ ᠣᠨᠴᠠ ᠭᠠᠷᠤᠯᠲᠠ ᠶᠢ ᠪᠣᠷᠣᠯᠠᠭᠤᠯᠵᠤ᠂ ᠪᠣᠳᠠᠲᠤ | ᠠᠵᠢᠯᠯᠠᠭ᠎ᠠ ᠪᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠪᠡ᠃ | ᠭᠠᠵᠠᠷ ᠰᠢᠷᠣᠢ ᠪᠣᠯ ᠲᠠᠷᠢᠶᠠᠴᠢᠳ ᠤᠨ ᠠᠮᠢ ᠭᠤᠣᠯ ᠮᠥᠨ᠃ ᠣᠯᠠᠨ ᠲᠦᠮᠡᠨ ᠤ ᠠᠰᠢᠭ ᠲᠤᠰᠠ ᠶᠢ ᠶᠡᠭᠡ ᠪᠠᠭ᠎ᠠ | ᠭᠡᠵᠦ ᠬᠤᠪᠢᠶᠠᠳᠠᠭ ᠦᠭᠡᠢ ᠶᠢᠨ ᠤᠴᠢᠷ᠂ ᠣᠯᠠᠨ ᠵᠢᠯ ᠤᠨ ᠲᠤᠷᠰᠢ᠂ ᠲᠡᠷᠡ ᠠᠷᠠᠳ ᠣᠯᠠᠨ ᠤ ᠠᠰᠢᠭ | ᠲᠤᠰᠠ ᠠᠴᠠ ᠡᠭᠦᠰᠴᠦ᠂ ᠡᠷᠭᠦᠨ᠎ᠡ ᠬᠤᠳᠠ ᠪᠤᠯᠤᠨ ᠬᠠᠭᠤᠴᠢᠨ ᠪᠠᠷᠭᠤ ᠬᠤᠰᠢᠭᠤᠨ ᠤ ᠡᠪᠡᠰᠦ ᠪᠡᠯᠴᠢᠭᠡᠷ ᠢ ᠡᠪᠳᠡᠨ | ᠠᠲᠠᠷ ᠬᠠᠭᠠᠯᠪᠤᠷᠢᠯᠠᠬᠰᠠᠨ᠂ ᠬᠠᠶᠢᠯᠠᠷ ᠲᠣᠭᠤᠷᠢᠭ ᠪᠤᠯᠤᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ | ᠬᠤᠰᠢᠭᠤ ᠵᠠᠭᠠᠭ ᠱᠤᠭᠤᠮ ᠠᠴᠠ ᠪᠠᠨ ᠳᠠᠪᠠᠵᠤ ᠭᠠᠵᠠᠷ ᠡᠵᠡᠯᠡᠭᠰᠡᠨ᠂ ᠠᠷᠤᠨ ᠬᠤᠰᠢᠭᠤ ᠪᠤᠯᠤᠨ ᠮᠣᠷᠢᠨ ᠳᠠᠪᠠᠭ᠎ᠠ | ᠳᠠᠭᠤᠷ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠬᠢᠨᠢ ᠭᠤᠣᠯ ᠤᠨ ᠲᠠᠩ ᠥᠭᠡᠷᠡᠴᠢᠯᠡᠭᠰᠡᠨ ᠠᠴᠠ | ᠪᠤᠯᠤᠭᠰᠠᠨ ᠤᠢ ᠰᠢᠭᠤᠢ ᠳᠤ ᠬᠡᠷᠡᠭᠯᠡᠬᠦ ᠭᠠᠵᠠᠷ ᠤᠨ ᠵᠠᠭᠤᠷᠠᠯᠳᠤᠭᠠᠨ᠂ ᠵᠠᠯᠠᠨ ᠠᠶᠢᠯ ᠬᠤᠲᠠ ᠶᠢᠨ ᠳ᠋ᠠ ᠾᠧ ᠸᠠᠨ | ᠪᠠᠯᠭᠠᠰᠤ ᠪᠣᠯᠣᠨ ᠭᠤᠤ ᠲᠠᠢ ᠽᠢ ᠵᠡᠭᠡᠯᠢ ᠭᠤᠳᠤᠮᠵᠢ ᠶᠢᠨ ᠲᠣᠰᠬᠤᠨ ᠤ ᠵᠠᠭᠠᠭ ᠲᠣᠳᠣᠷᠬᠠᠢ ᠪᠠᠶᠢᠬᠤ ᠦᠭᠡᠢ ᠠᠴᠠ | ᠪᠤᠯᠤᠭᠰᠠᠨ ᠰᠠᠭᠤᠭᠠᠯᠢ ᠠᠷᠠᠳ ᠤᠨ ᠵᠠᠭᠠᠯᠳᠤᠯᠭ᠎ᠠ ᠬᠢᠬᠦ ᠵᠦᠷᠢᠴᠡᠯ ᠵᠠᠭᠤᠷᠠᠯᠳᠤᠭᠠᠨ ᠵᠡᠷᠭᠡ ᠶᠢ ᠲᠤᠰ ᠲᠤᠰ | ᠲᠦᠷᠦᠭᠦᠯᠡᠨ ᠵᠣᠬᠢᠶᠠᠨ ᠪᠠᠶᠢᠭᠤᠯᠵᠤ ᠡᠶᠡᠳᠡᠭᠦᠯᠦᠭᠰᠡᠨ ᠰᠢᠢᠳᠪᠦᠷᠢᠯᠡᠭᠰᠡᠨ ᠪᠥᠭᠡᠳ ᠲᠤᠰᠬᠠᠢ ᠬᠡᠮᠵᠢᠨ ᠵᠢᠷᠤᠬᠤ | ᠺᠣᠮᠫᠠᠨᠢ ᠶᠢ ᠤᠷᠢᠵᠤ ᠬᠠᠮᠲᠤ ᠪᠠᠷ ᠵᠠᠭᠠᠭ ᠱᠤᠭᠤᠮ ᠢ ᠬᠠᠶᠢᠨ ᠲᠣᠭᠲᠠᠭᠠᠪᠠ᠃ ᠣᠯᠠᠨ ᠲᠠᠯ᠎ᠠ ᠶᠢᠨ ᠬᠠᠮᠲᠤ ᠶᠢᠨ | ᠴᠢᠷᠮᠠᠶᠢᠯᠭ᠎ᠠ ᠪᠠᠷ ᠳᠠᠮᠵᠢᠭᠤᠯᠤᠨ ᠵᠢᠭᠤᠷᠠᠯᠳᠤᠭᠠᠨ ᠪᠠ ᠵᠥᠷᠢᠴᠡᠯ ᠢ ᠪᠣᠯᠭᠤᠮᠵᠢᠲᠠᠢ ᠰᠢᠢᠳᠪᠦᠷᠢᠯᠡᠨ᠂ ᠠᠷᠠᠳ | ᠣᠯᠠᠨ ᠤ ᠡᠷᠬᠡ ᠠᠰᠢᠭ ᠢ ᠬᠠᠮᠠᠭᠠᠯᠠᠵᠤ᠂ ᠣᠷᠣᠨ ᠨᠤᠲᠤᠭ ᠤᠨ ᠠᠮᠤᠷ ᠲᠣᠭᠲᠠᠭᠤᠨ ᠪᠠᠶᠢᠳᠠᠯ ᠢ ᠪᠠᠲᠤᠯᠠᠬᠤ ᠳᠤ | ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠭᠰᠡᠨ ᠪᠠᠶᠢᠨ᠎ᠠ᠃ | ︽ᠠᠷᠠᠳ ᠲᠦᠮᠡᠨ ᠢ ᠰᠠᠬᠢᠨ ᠬᠠᠮᠠᠭᠠᠯᠠᠬᠤ ᠪᠣᠯ ᠬᠡᠵᠢᠶᠡᠳᠡ ᠮᠢᠨᠤ ᠬᠠᠷᠢᠭᠤᠴᠠᠯᠭ᠎ᠠ ᠮᠥᠨ︾ ᠭᠡᠵᠦ ᠥᠪᠡᠷ ᠤᠨ | ᠠᠮᠠᠯᠠᠭᠰᠠᠨ ᠲᠠᠢ ᠠᠳᠠᠯᠢ ᠪᠠᠷ ᠬᠠᠨ ᠲᠤᠤ ᠤᠯᠠᠨ ᠲᠦᠮᠡᠨ ᠤ ᠳᠡᠷᠭᠡᠳᠡ ᠰᠠᠬᠢᠨ ᠬᠠᠮᠠᠭᠠᠯᠠᠵᠤ᠂ ᠤᠯᠠᠨ ᠲᠦᠮᠡᠨ ᠤ | ᠰᠡᠳᠬᠢᠯ ᠰᠠᠨᠠᠭ᠎ᠠ ᠶᠢ ᠲᠠᠶᠢᠪᠤᠰᠢᠷᠠᠭᠤᠯᠤᠨ ᠳᠤᠯᠠᠭᠠᠴᠠᠭᠤᠯᠵᠣ ᠢᠲᠡᠭᠡᠯ ᠢ ᠨᠢ ᠤᠯᠤᠭᠰᠠᠨ ᠪᠠᠶᠢᠨ᠎ᠠ᠃ | ᠠᠵᠢᠯ ᠤᠨ ᠪᠠᠶᠢᠷᠢ ᠳᠤ ᠪᠠᠨ ᠴᠢᠩᠭ᠎ᠠ ᠰᠡᠷᠭᠡᠶᠢᠯᠡᠨ ᠰᠠᠬᠢᠵᠤ᠂ ᠬᠢᠵᠢᠭ ᠤᠨ ᠪᠠᠶᠢᠳᠠᠯ ᠢ ᠬᠤᠷᠢᠭᠯᠠᠨ ᠲᠡᠮᠡᠴᠡᠬᠦ ︽ | ᠪᠣᠯᠣᠳ ᠬᠡᠷᠡᠮ︾ ᠢ ᠴᠤᠭᠴᠠᠯᠠᠪᠠ | ᠴᠠᠭᠠᠨ ᠬᠤᠯᠤᠭᠠᠨ᠎ᠠ ᠵᠢᠯ ᠤᠨ ᠬᠠᠪᠤᠷ ᠤᠨ ᠡᠬᠢᠨ ᠳᠤ ᠬᠢᠵᠢᠭ ᠶᠡᠭᠡ ᠪᠠᠷ ᠳᠡᠯᠭᠡᠷᠡᠵᠦ᠂ ᠦᠷᠭᠡᠨ ᠣᠯᠠᠨ ᠡᠮᠴᠢ | ᠰᠣᠪᠢᠯᠠᠭᠴᠢᠳ ᠡᠮᠦᠨ᠎ᠡ ᠹᠷᠦᠨᠲ ᠲᠤ ᠭᠠᠪᠰᠢᠭᠠᠶᠢᠯᠠᠭᠰᠠᠨ ᠳᠠᠷᠢ ᠶᠢᠨ ᠤᠲᠤᠭ᠎ᠠ ᠦᠭᠡᠢ ᠳᠠᠶᠢᠨ ᠤ ᠳᠤᠮᠳᠠ᠂ | ᠤᠯᠠᠮ ᠠᠴᠠ ᠤᠯᠠᠮ ᠬᠡᠴᠡᠭᠦᠳᠡᠵᠦ ᠪᠠᠶᠢᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢᠨ ᠲᠥᠯᠥᠭᠡ᠂ ︽ | ᠬᠢᠵᠢᠭ ᠤᠨ ᠪᠠᠶᠢᠳᠠᠯ ᠢ ᠨᠠᠮᠳᠠᠭᠠᠬᠤ ᠦᠭᠡᠢ ᠪᠣᠯ ᠪᠢ ᠪᠤᠴᠠᠭᠠᠬᠤ ᠦᠭᠡᠢ᠂ ᠪᠢ ᠪᠣᠯ ᠡᠪ ᠬᠠᠮᠲᠤ ᠨᠠᠮ ᠤᠨ ᠭᠡᠰᠢᠭᠦᠨ | ᠮᠥᠨ ᠪᠣᠯᠬᠤᠷ ᠵᠠᠩᠭᠢᠯᠠᠭ᠎ᠠ ᠶᠢᠨ ᠦᠶ᠎ᠡ ᠳᠤ ᠨᠡᠩ ᠴᠦ ᠡᠪᠳᠡᠵᠦ ᠪᠣᠯᠬᠤ ᠦᠭᠡᠢ ︿ᠪᠤᠯᠣᠳ ᠬᠡᠷᠡᠮ﹀ ᠮᠡᠲᠦ ᠪᠠᠷ | ᠣᠯᠠᠨ ᠲᠦᠮᠡᠨ ᠢ ᠪᠠᠨ ᠶᠠᠭᠠᠬᠢᠭᠰᠠᠨ ᠴᠤ ᠬᠢᠵᠢᠭ ᠠᠴᠠ ᠠᠪᠤᠷᠠᠬᠤ ᠬᠡᠷᠡᠭᠲᠡᠢ︾ ᠭᠡᠵᠦ ᠬᠡᠯᠡᠭᠰᠡᠨ ᠰᠢᠭ ᠢᠶᠠᠨ ᠬᠠᠨ | ᠲᠤᠤ ᠨᠦᠬᠦᠷ ᠰᠠᠨᠠᠭᠠᠴᠢᠯᠠᠭ᠎ᠠ ᠠᠴᠠ ᠪᠠᠨ ᠠᠮᠠᠷᠠᠯᠲᠠ ᠪᠠᠨ ᠠᠴᠠ ᠪᠤᠴᠠᠵᠤ᠂ ᠳᠠᠭᠠᠭᠠᠴᠢᠯᠠᠨ ᠳᠡᠮᠵᠢᠵᠦ ᠪᠠᠶᠢᠭ᠎ᠠ | ᠰᠠᠭᠤᠭᠠᠯᠢ ᠠᠷᠠᠳ ᠤᠨ ᠲᠣᠭᠤᠷᠢᠭ ᠲᠤ ᠬᠦᠷᠴᠦ ᠪᠠᠶᠢᠳᠠᠯ ᠢ ᠪᠠᠶᠢᠴᠠᠭᠠᠵᠤ᠂ ᠥᠷᠯᠥᠭᠡ ᠦᠳᠡᠰᠢ ᠶᠢ ᠬᠠᠶᠢᠬᠤᠷᠤᠯ | ᠦᠭᠡᠢ ᠪᠠᠷ ᠰᠢᠭᠤᠷᠬᠠᠶᠢᠯᠠᠨ ᠠᠵᠢᠯᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ | ᠪᠣᠯᠣᠮᠵᠢᠲᠠᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠦᠳᠲᠡᠷ ᠲᠦᠷᠭᠡᠨ ᠲᠣᠭᠲᠠᠭᠠᠵᠤ᠂ ᠬᠤᠯᠪᠤᠭᠠᠯᠠᠨ ᠰᠡᠷᠭᠡᠶᠢᠯᠡᠵᠦ | ᠬᠤᠯᠪᠤᠭᠠᠯᠠᠨ ᠡᠵᠡᠮᠳᠡᠵᠦ ᠵᠢᠭᠰᠠᠭᠠᠨ ᠪᠠᠶᠢᠴᠠᠭᠠᠬᠤ ᠲᠣᠭᠲᠠᠴᠠ ᠶᠢ ᠪᠦᠷᠢᠨᠰᠢᠬᠦᠯᠦᠭᠰᠡᠨ ᠪᠥᠭᠡᠳ ᠳᠡᠭᠡᠳᠦ ᠱᠠᠲᠤᠨ ᠤ | ᠱᠠᠭᠠᠷᠳᠠᠯᠭ᠎ᠠ ᠶᠣᠰᠣᠭᠠᠷ ᠠᠷᠠᠳ ᠶᠠᠪᠤᠳᠠᠯ ᠤᠨ ᠲᠤᠪᠴᠢᠶᠠᠨ ᠤ ᠪᠦᠬᠦ ᠨᠠᠮ ᠤᠨ ᠭᠡᠰᠢᠭᠦᠳ ᠢ ᠦᠳᠲᠡᠷ ᠲᠦᠷᠭᠡᠨ | ᠵᠣᠬᠢᠶᠠᠨ ᠪᠠᠶᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠭᠤᠭᠠᠯᠢ ᠲᠣᠭᠤᠷᠢᠭ ᠤᠨ ᠵᠢᠵᠢᠭᠦᠷᠯᠡᠨ | ᠰᠠᠬᠢᠬᠤ ᠨᠢᠭᠡᠳᠦᠭᠡᠷ ᠹᠷᠣᠨᠲ ᠲᠤ ᠭᠠᠪᠰᠢᠭᠠᠶᠢᠯᠠᠨ ᠣᠷᠣᠯᠴᠠᠭᠤᠯᠵᠤ᠂ ᠠᠵᠢᠯ ᠤ ᠪᠠᠶᠢᠷᠢ ᠪᠠᠨ ᠴᠢᠩᠭ᠎ᠠ ᠰᠡᠷᠭᠡᠶᠢᠯᠡᠨ | ᠰᠠᠬᠢᠵᠤ᠂ ᠬᠢᠵᠢᠭ ᠤᠨ ᠪᠠᠶᠢᠳᠠᠯ ᠢ ᠬᠤᠷᠢᠭᠯᠠᠨ ᠲᠡᠮᠡᠴᠡᠬᠦ ︽ᠪᠣᠯᠣᠳ ᠬᠡᠷᠡᠮ︾ ᠢ ᠴᠤᠭᠴᠠᠯᠠᠪᠠ᠃ | ᠰᠠᠭᠤᠭᠠᠯᠢ ᠠᠷᠠᠳ ᠤᠨ ᠲᠤᠭᠤᠷᠢᠭ ᠤᠨ ᠭᠠᠭᠴᠠᠭᠠᠷ ᠰᠠᠭᠤᠳᠠᠭ ᠨᠠᠰᠤᠲᠠᠨ ᠲᠤᠰᠬᠠᠶᠢᠯᠠᠨ ᠵᠢᠵᠢᠭᠦᠷᠯᠡᠨ ᠰᠠᠬᠢᠵᠤ | ᠪᠠᠶᠢᠭᠰᠠᠨ ᠬᠠᠨ ᠲᠤᠤ ᠶᠢ ᠡᠷᠢᠵᠦ ᠣᠴᠢᠭᠠᠳ ᠲᠡᠭᠦᠨ ᠤ ᠭᠠᠷ ᠠᠴᠠ ᠴᠢᠩᠭ᠎ᠠ ᠠᠳᠬᠤᠨ᠄ ︽ᠲᠠᠨ ᠳᠤ ᠮᠠᠰᠢ | ᠪᠠᠶᠠᠷᠯᠠᠭᠰᠠᠨ ᠰᠢᠦ᠂ ᠠᠷᠠᠳ ᠤᠨ ᠶᠠᠪᠤᠳᠠᠯ ᠤᠨ ᠲᠣᠪᠴᠢᠶ᠎ᠠ ᠳᠤ ᠪᠠᠶᠠᠷᠯᠠᠭᠰᠠᠨ ᠰᠢᠦ᠂ ᠲᠠ ᠨᠠᠷ ᠪᠠᠢᠭᠰᠠᠨ ᠦᠭᠡᠢ | ᠪᠣᠯ ᠪᠢ ᠡᠨᠡ ᠡᠪᠦᠯ ᠢ ᠳᠠᠭᠠᠭᠠᠬᠤ ᠦᠭᠡᠢ ᠪᠠᠶᠢᠭᠰᠠᠨ ᠶᠤᠮ︾ ᠭᠡᠵᠦ ᠲᠠᠯᠠᠷᠬᠠᠯ ᠤᠨ ᠦᠭᠡ ᠪᠠᠨ ᠶᠠᠷᠢᠵᠤ ᠯᠠ | ᠪᠠᠶᠢᠯ᠎ᠠ᠃ ᠲᠤᠰ ᠰᠠᠭᠤᠭᠠᠯᠢ ᠠᠷᠠᠳ ᠤᠨ ᠲᠣᠭᠤᠷᠢᠭ ᠤᠨ ᠥᠨᠳᠥᠷ ᠨᠠᠰᠤᠨ ᠬᠤᠲᠤᠭ ᠲᠠᠢ ᠨᠠᠰᠤᠲᠠᠨ ᠤᠯᠠᠨ | ᠰᠠᠭᠤᠷᠢᠰᠢᠵᠤ ᠪᠠᠶᠢᠬᠤ ᠪᠦᠭᠡᠳ ᠲᠡᠭᠷᠢ ᠬᠦᠢᠲᠡᠷᠡᠵᠦ ᠵᠠᠮ ᠬᠠᠯᠲᠤᠷᠢᠭᠠᠨ ᠲᠠᠢ ᠪᠤᠯᠤᠭᠰᠠᠨ ᠠᠴᠠ ᠶᠠᠭᠤᠮ᠎ᠠ | ᠬᠤᠳᠠᠯᠳᠤᠨ ᠠᠪᠬᠤ ᠪᠠᠷ ᠭᠠᠳᠠᠭᠰᠢ ᠭᠠᠷᠬᠤ ᠨᠢ ᠲᠤᠶᠢᠯ ᠤᠨ ᠠᠶᠤᠯ ᠲᠠᠢ ᠪᠠᠶᠢᠬᠤ ᠶᠢ ᠨᠠᠷᠢᠨ ᠬᠢᠨᠠᠮᠠᠭᠠᠢ ᠵᠠᠩ ᠲᠠᠢ | ᠬᠠᠨ ᠲᠤᠤ ᠣᠯᠵᠤ ᠮᠡᠳᠡᠪᠡ᠃ ᠲᠡᠭᠡᠭᠡᠳ ᠲᠡᠷᠡ ᠰᠠᠨᠠᠭᠠᠴᠢᠯᠠᠭ᠎ᠠ ᠠᠴᠠ ᠪᠠᠨ ᠨᠡᠶᠢᠭᠡᠮ ᠲᠣᠭᠤᠷᠢᠭ ᠲᠠᠢ ᠬᠠᠷᠢᠯᠴᠠᠵᠤ | ᠪᠠᠶᠢᠭᠠᠳ ᠤᠯᠠᠨ ᠲᠦᠮᠡᠨ ᠤ ᠡᠳᠦᠷ ᠲᠤᠳᠤᠮ ᠤᠨ ᠬᠡᠷᠡᠭᠯᠡᠭᠡᠨ ᠤ ᠪᠤᠳᠠᠰ ᠠᠪᠬᠤ ᠱᠠᠭᠠᠷᠳᠠᠯᠭ᠎ᠠ ᠶᠢ ᠰᠢᠢᠳᠪᠦᠷᠢᠯᠡᠵᠦ | ᠥᠭᠭᠦᠭᠰᠡᠨ ᠪᠠᠶᠢᠨ᠎ᠠ᠃ ᠡᠳᠦᠷ ᠲᠤᠲᠤᠮ ᠤᠨ ᠶᠠᠪᠤᠯᠴᠠᠭᠠᠨ ᠤ ᠳᠤᠮᠳᠠ ᠲᠡᠷᠡ ᠮᠦᠨ ᠬᠤᠶᠠᠷ ᠡᠷᠤᠭᠡ ᠶᠢᠨ | ᠭᠠᠭᠴᠠᠭᠠᠷ ᠰᠠᠭᠤᠭ᠎ᠠ ᠨᠠᠰᠤᠲᠠᠨ ᠤ ᠠᠮᠢᠳᠤᠷᠠᠯ ᠲᠤᠶᠢᠯ ᠤᠨ ᠬᠦᠴᠢᠷᠳᠡᠯ ᠲᠠᠢ ᠪᠠᠶᠢᠬᠤ ᠶᠢ ᠣᠶᠢᠯᠠᠭᠠᠵᠤ᠂ ᠡᠨᠡ ᠬᠦ | ᠪᠠᠶᠢᠳᠠᠯ ᠢ ᠴᠠᠭ ᠲᠤᠬᠠᠢ ᠳᠤ ᠨᠢ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠳᠤ ᠮᠡᠳᠡᠭᠦᠯᠵᠦ ᠪᠠᠶᠢᠭᠠᠳ | ᠲᠦᠷ ᠴᠠᠭ ᠤᠨ ᠠᠪᠤᠷᠠᠨ ᠲᠤᠰᠠᠯᠠᠬᠤ ᠨᠥᠬᠦᠪᠦᠷᠢ ᠣᠯᠭᠤᠵᠤ ᠬᠦᠴᠢᠷᠳᠡᠯ ᠠᠴᠠ ᠨᠢ ᠠᠪᠤᠷᠠᠭᠰᠠᠨ ᠪᠠᠶᠢᠨ᠎ᠠ᠃ | ᠰᠠᠭᠤᠭᠠᠯᠢ ᠠᠷᠠᠳ ᠤᠨ ᠲᠣᠭᠤᠷᠢᠭ ᠤᠨ ᠰᠡᠷᠭᠡᠶᠢᠯᠡᠨ ᠡᠵᠡᠮᠳᠡᠬᠦ ᠳᠤ ︽ᠥᠯᠥ ᠣᠨᠣᠭᠳᠠᠬᠤ ᠭᠠᠵᠠᠷ︾ ᠪᠠ ︽ | ᠪᠠᠯᠠᠷᠬᠠᠢ ᠣᠷᠣᠨ︾ ᠦᠯᠡᠳᠡᠭᠡᠬᠦ ᠦᠭᠡᠢ ᠶᠢᠨ ᠲᠥᠯᠥᠭᠡ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ | ᠵᠢᠵᠢᠭᠦᠷᠯᠡᠨ ᠰᠠᠬᠢᠵᠤ ᠪᠠᠶᠢᠭ᠎ᠠ ᠳᠥᠷᠪᠡᠨ ᠰᠠᠭᠤᠭᠠᠯᠢ ᠠᠷᠠᠳ ᠤᠨ ᠲᠣᠭᠤᠷᠢᠭ ᠢ ᠨᠢᠭᠡ ᠰᠠᠭᠤᠭᠠᠯᠢ ᠲᠣᠭᠤᠷᠢᠭ | ᠪᠣᠯᠭᠠᠨ ᠨᠡᠶᠢᠯᠡᠭᠦᠯᠵᠣ ᠵᠢᠵᠢᠭᠦᠷᠯᠡᠬᠦ ᠴᠢᠬᠤᠯᠠ ᠲᠠᠢ ᠶᠤᠮ᠃ ᠭᠡᠪᠡᠴᠦ ᠠᠳᠠᠯ ᠠᠬᠤᠢ ᠶᠢᠨ ᠬᠠᠩᠭᠠᠭᠰᠠᠨ ᠠᠯᠪᠠᠨ ᠭᠡᠷ | ᠨᠢ ᠰᠠᠭᠤᠭᠠᠯᠢ ᠠᠷᠠᠳ ᠤᠨ ᠲᠣᠭᠤᠷᠢᠭ ᠤᠨ ᠴᠢᠬᠤᠯᠠ ᠪᠦᠬᠦᠢ ᠣᠷᠣᠵᠤ ᠭᠠᠷᠬᠤ ᠡᠭᠦᠳᠡ ᠠᠴᠠ ᠮᠠᠰᠢ ᠬᠤᠯᠠ | ᠪᠠᠶᠢᠭ᠎ᠠ ᠪᠤᠯᠬᠤᠷ᠂ ᠡᠳᠦᠷ ᠳᠤᠮᠳᠠᠴᠢ ᠲᠡᠭ ᠠᠴᠠ ᠳᠣᠷᠣᠭᠰᠢ ᠭᠤᠴᠢᠨ ᠬᠡᠳᠦᠨ ᠭᠷᠡᠳᠦ᠋ᠰ ᠤᠨ ᠬᠠᠬᠢᠷ ᠡᠪᠦᠯ ᠤᠨ | ᠬᠦᠢᠲᠡᠨ ᠳᠤ ᠵᠢᠵᠢᠭᠦᠷᠯᠡᠨ ᠰᠠᠬᠢᠵᠤ ᠪᠠᠶᠢᠭ᠎ᠠ ᠨᠦᠬᠦᠳ ᠤᠨ ᠢᠶᠠᠨ ᠳᠠᠭᠠᠷᠠᠵᠤ ᠬᠥᠯᠳᠡᠬᠦ ᠶᠢ ᠦᠵᠡᠨ ᠲᠥᠪᠳᠡᠬᠦ | ᠪᠤᠯᠪᠠᠴᠦ᠂ ᠰᠠᠭᠤᠭᠠᠯᠢ ᠲᠤᠭᠤᠷᠢᠭ ᠤᠨ ᠡᠭᠦᠳᠡ ᠶᠢ ᠲᠠᠭ ᠬᠠᠭᠠᠭᠠᠵᠤ ᠳᠤᠯᠠᠭᠠᠯᠠᠬᠤ ᠳᠤ ᠬᠦᠷᠪᠡᠯ ᠤᠯᠠᠨ | ᠲᠦᠮᠡᠨ ᠤ ᠭᠠᠳᠠᠭᠰᠢ ᠭᠠᠷᠬᠤ ᠶᠢ ᠨᠥᠯᠥᠭᠡᠯᠡᠬᠦ ᠪᠤᠯᠬᠤᠷ ︽ᠮᠢᠨᠤ ᠮᠠᠰᠢᠨ ᠢᠶᠠᠷ ᠭᠠᠷᠬᠤ ᠡᠭᠦᠳᠡ ᠶᠢ ᠬᠠᠰᠢᠴᠢᠬᠠ᠂ | ᠵᠢᠵᠢᠭᠦᠷᠯᠡᠨ ᠰᠠᠬᠢᠵᠤ ᠪᠠᠶᠢᠭ᠎ᠠ ᠨᠥᠬᠦᠳ ᠲᠤ ᠲᠤᠯᠠᠭᠠᠯᠠᠬᠤ ᠭᠠᠵᠠᠷ ᠪᠠᠶᠢᠯᠭᠠᠬᠤ ᠴᠢᠬᠤᠯᠠ ᠲᠠᠢ ᠲᠤᠯᠠ 24 | ᠴᠠᠭ ᠤᠨ ᠲᠤᠷᠰᠢ ᠭᠠᠯ ᠢ ᠤᠨᠲᠠᠷᠠᠭᠠᠬᠤ ᠬᠡᠷᠡᠭ ᠦᠭᠡᠢ︾ ᠭᠡᠵᠦ ᠥᠪᠡᠷ ᠤᠨ ᠲᠡᠷᠭᠡ ᠪᠠᠷ ᠢᠶᠠᠨ ᠭᠠᠷᠬᠤ ᠡᠭᠦᠳᠡ ᠶᠢ | ᠬᠠᠰᠢᠵᠤ᠂ ᠲᠦᠷ ᠴᠠᠭ ᠤᠨ ᠵᠢᠵᠢᠭᠦᠷᠯᠡᠨ ᠰᠠᠬᠢᠬᠤ ᠥᠷᠥᠭᠡ ᠪᠣᠯᠭᠠᠵᠤ ᠬᠡᠳᠦᠨ ᠠᠷᠪᠠᠨ ᠡᠳᠦᠷ ᠬᠦᠳᠡᠯᠭᠡᠭᠰᠡᠨ | ᠦᠭᠡᠢ ᠶᠤᠮ᠃ | ᠵᠢᠵᠢᠭᠦᠷᠯᠡᠨ ᠰᠠᠬᠢᠬᠤ ᠬᠤᠭᠤᠴᠠᠭᠠᠨ ᠳᠤ᠂ ᠬᠡᠷᠪᠡ ᠭᠠᠳᠠᠨ᠎ᠠ ᠠᠴᠠ ᠢᠷᠡᠭᠰᠡᠨ ᠬᠥᠮᠥᠰ ᠢ ᠪᠠᠶᠢᠴᠠᠭᠠᠵᠤ ᠭᠠᠷᠭᠠᠪᠠᠯ | ᠂ ᠳᠠᠷᠤᠢ ᠬᠠᠯᠳᠠᠪᠤᠷᠢᠯᠠᠭᠳᠠᠬᠤ ᠠᠶᠤᠯ ᠣᠷᠣᠰᠢᠵᠤ ᠪᠠᠶᠢᠭᠰᠠᠨ ᠴᠦ ᠨᠡᠩ ᠤᠯᠠᠨ ᠬᠦᠮᠦᠰ ᠤᠨ ᠠᠮᠤᠷ ᠲᠦᠪᠰᠢᠨ ᠢ | ᠪᠠᠲᠤᠯᠠᠬᠤ ᠶᠢᠨ ᠲᠥᠯᠥᠭᠡ᠂ ᠲᠡᠷᠡ ᠬᠠᠷᠢᠶ᠎ᠠ ᠣᠷᠤᠨ ᠤ ᠪᠠᠨ ᠨᠠᠮ ᠤᠨ ᠵᠣᠬᠢᠶᠠᠨ ᠪᠠᠶᠢᠭᠤᠯᠤᠯᠲᠠ ᠲᠠᠢ ᠬᠠᠮᠵᠢᠯᠴᠠᠨ᠂ | ᠨᠡᠶᠢᠭᠡᠮ ᠲᠣᠭᠤᠷᠢᠭ ᠤᠨ ᠺᠠᠳ᠋ᠷᠴᠤᠳ ᠢ ᠳᠠᠭᠠᠭᠤᠯᠤᠨ᠂ ᠨᠢᠭᠡᠳ ᠨᠢᠭᠡ ᠪᠠᠷ ᠠᠰᠠᠭᠤᠨ ᠯᠠᠪᠯᠠᠵᠤ᠂ ᠨᠢᠭᠡᠳ ᠨᠢᠭᠡ ᠪᠠᠷ | ᠪᠦᠷᠢᠳᠬᠡᠨ ᠪᠠᠶᠢᠴᠠᠭᠠᠵᠤ᠂ ᠣᠬᠤᠷᠬᠠᠨ ᠬᠡᠳᠦᠨ ᠡᠳᠦᠷ ᠤᠨ ᠬᠤᠭᠤᠴᠠᠭᠠᠨ ᠳᠤ 319 ᠡᠷᠦᠬᠡ ᠶᠢᠨ 872 | ᠬᠥᠮᠥᠨ ᠢ ᠵᠢᠭᠰᠠᠭᠠᠨ ᠪᠠᠶᠢᠴᠠᠭᠠᠬᠤ ᠡᠭᠦᠷᠭᠡ ᠪᠠᠨ ᠪᠡᠶᠡᠯᠡᠭᠦᠯᠵᠦ᠂ ᠵᠢᠭᠰᠠᠭᠠᠨ ᠪᠠᠶᠢᠴᠠᠭᠠᠵᠤ ᠭᠠᠷᠭᠠᠭᠰᠠᠨ | ᠭᠠᠳᠠᠨ᠎ᠠ ᠠᠴᠠ ᠢᠷᠡᠭᠰᠡᠨ ᠬᠥᠮᠥᠰ ᠢ ᠴᠥᠮ ᠲᠣᠭᠲᠠᠭᠠᠯ ᠶᠣᠰᠣᠭᠠᠷ ᠪᠦᠷᠢᠳᠬᠡᠨ ᠲᠤᠰᠠᠭᠠᠷᠯᠠᠵᠤ᠂ ᠰᠡᠷᠭᠡᠶᠢᠯᠡᠨ | ᠡᠵᠡᠮᠳᠡᠬᠦ ᠠᠮᠤᠷ ᠲᠦᠪᠰᠢᠨ ᠤ ᠱᠤᠭᠤᠮ ᠢ ᠬᠠᠮᠤᠭ ᠤᠨ ᠲᠦᠷᠦᠭᠦᠨ ᠳᠤ ᠪᠠᠬᠢᠵᠢᠭᠦᠯᠦᠭᠰᠡᠨ ᠪᠠᠶᠢᠨ᠎ᠠ᠃ ᠡᠨᠡ ᠬᠦ | ᠬᠤᠭᠤᠴᠠᠭᠠᠨ ᠳᠤ᠂ ᠰᠣᠯᠪᠢᠴᠠᠨ ᠬᠠᠯᠳᠠᠪᠤᠷᠢᠯᠠᠬᠤ ᠬᠡᠮ ᠰᠣᠭᠤᠭ ᠢ ᠠᠷᠢᠯᠭᠠᠬᠤ ᠶᠢᠨ ᠲᠥᠯᠥᠭᠡ᠂ ᠲᠡᠷᠡ ᠪᠠᠰᠠ | ᠬᠤᠪᠢ ᠬᠥᠮᠥᠨ ᠤ ᠬᠠᠷᠢᠴᠠᠭ᠎ᠠ ᠪᠠᠷ ᠢᠶᠠᠨ ᠳᠡᠮᠵᠢᠨ ᠵᠥᠩ ᠫᠧᠩ ᠠᠪᠤᠷᠠᠨ ᠲᠤᠰᠠᠯᠠᠬᠤ ᠠᠩᠭᠢ ᠶᠢ ᠨᠠᠶᠢᠲᠠᠵᠦ | ᠪᠠᠶᠢᠭᠠᠳ ᠵᠢᠵᠢᠭᠦᠷᠯᠡᠨ ᠰᠠᠬᠢᠵᠤ ᠪᠠᠶᠢᠭᠰᠠᠨ ᠳᠥᠷᠪᠡᠨ ᠰᠠᠭᠤᠭᠠᠯᠢ ᠠᠰᠠᠷ ᠢ ᠲᠤᠰᠬᠠᠢ ᠮᠡᠷᠭᠡᠵᠢᠯ ᠤᠨ ᠪᠠᠷᠢᠮᠵᠢᠶ᠎ᠠ ᠪᠠᠷ | ᠬᠤᠣᠷ ᠢ ᠴᠡᠪᠡᠷᠯᠡᠨ ᠠᠷᠢᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ | ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ | ᠪᠠᠳᠠᠷᠠᠭᠤᠯᠪᠠ᠃ | ᠲᠤᠬᠠᠶᠢᠯᠠᠭᠰᠠᠨ ᠠᠵᠢᠯ ᠢᠶᠠᠨ ᠭᠢᠯᠠᠷᠠᠭᠤᠯᠵᠤ᠂ ︽ᠠᠷᠠᠳ ᠤᠨ ᠶᠠᠪᠤᠳᠠᠯ ᠤᠨ ᠬᠥᠮᠥᠨ︾ ᠤ ᠡᠷᠡᠰ ᠬᠠᠳᠠᠨ ᠵᠤᠷᠢᠭ | ᠰᠠᠨᠠᠭ᠎ᠠ ᠶᠢ ᠬᠠᠷᠠᠭᠤᠯᠪᠠ | ︽ᠴᠢᠰᠤ ᠬᠥᠯᠥᠰᠦ ᠪᠠᠨ ᠤᠷᠤᠰᠬᠠᠭᠰᠠᠨ ᠴᠦ ᠨᠢᠯᠪᠤᠰᠤ ᠪᠠᠨ ᠶᠠᠭᠠᠬᠢᠭᠰᠠᠨ ᠴᠦ ᠤᠨᠠᠭᠠᠬᠤ ᠦᠭᠡᠢ︾ ᠪᠠᠶᠢᠳᠠᠭ ᠪᠣᠯ | ᠡᠷᠡᠰ ᠬᠠᠳᠠᠨ ᠵᠣᠷᠢᠭ ᠰᠠᠨᠠᠭ᠎ᠠ ᠶᠢ ᠨᠢ ᠲᠠᠪᠲᠠᠨ ᠰᠤᠷᠠᠭᠰᠠᠨ 10 ᠵᠢᠯ ᠤᠨ ᠲᠤᠷᠰᠢᠬᠢ ᠴᠡᠷᠢᠭ ᠤᠨ ᠠᠯᠪᠠᠨ ᠤ | ᠠᠮᠢᠳᠤᠷᠠᠯ ᠨᠢ ᠬᠡᠵᠢᠶ᠎ᠡ ᠶᠠᠮᠠᠷ ᠠᠵᠢᠯ ᠬᠢᠭᠰᠡᠨ ᠴᠦ ᠲᠡᠭᠦᠨ ᠳᠤ ᠪᠠᠨ ᠬᠠᠶᠢᠷᠠᠲᠠᠢ ᠪᠠᠶᠢᠬᠤ ᠪᠣᠯᠭᠠᠵᠤ ᠴᠢᠳᠠᠭᠰᠠᠨ | ᠪᠠᠶᠢᠨ᠎ᠠ᠃ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠰᠠᠯᠠᠭ᠎ᠠ ᠶᠢᠨ | ᠳᠠᠷᠤᠭ᠎ᠠ ᠪᠣᠯᠤᠭᠰᠠᠨ ᠤ ᠬᠤᠪᠢ ᠳᠤ ᠪᠠᠶᠢᠭᠤᠯᠭ᠎ᠠ ᠶᠢᠨ ᠨᠠᠮ ᠤᠨ ᠡᠭᠦᠷ ᠤᠨ ᠳᠡᠳ᠋ ᠱᠦᠵᠢ ᠶᠢᠨ ᠲᠤᠰᠢᠶᠠᠯ ᠢ | ᠬᠠᠪᠰᠤᠷᠭᠠᠨ ᠬᠠᠷᠢᠭᠤᠴᠠᠬᠤ ᠶᠢᠨ ᠬᠠᠮᠲᠤ ᠪᠦᠬᠦ ᠲᠣᠪᠴᠢᠶᠠᠨ ᠤ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠪᠠ᠃ ᠭᠤᠷᠪᠠᠨ ᠲᠤᠰᠢᠶᠠᠯ ᠢ ᠬᠠᠪᠰᠤᠷᠭᠠᠨ ᠬᠠᠷᠢᠭᠤᠴᠠᠭᠰᠠᠨ ᠬᠦᠨᠳᠦ ᠨᠦᠰᠡᠷ ᠠᠵᠢᠯ ᠤᠨ ᠡᠭᠦᠷᠭᠡ ᠶᠢᠨ | ᠡᠮᠦᠨ᠎ᠡ ᠠᠴᠠ ᠬᠠᠯᠠᠰᠢᠷᠠᠵᠤ ᠬᠤᠶᠢᠰᠢ ᠤᠬᠤᠷᠢᠭᠰᠠᠨ ᠦᠭᠡᠢ ᠪᠦᠭᠡᠳ ᠨᠢᠭᠡᠨ ᠬᠤᠰᠢᠭᠤᠴᠢ ᠴᠡᠷᠢᠭ ᠤᠨ ᠬᠤᠪᠢ ᠳᠤ | ᠴᠠᠭ ᠢᠮᠠᠭᠲᠠ ᠤᠷᠤᠭᠰᠢᠯᠠᠵᠤ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠠᠬᠢᠭᠤᠯᠵᠤ᠂ ᠭᠢᠯᠠᠯᠵᠠᠮ᠎ᠠ | ᠠᠮᠵᠢᠯᠲᠠ ᠶᠢ ᠣᠯᠵᠤ᠂ ᠤᠳᠠᠭ᠎ᠠ ᠳᠠᠷᠠᠭᠠᠯᠠᠨ ᠰᠢᠨ᠎ᠡ ᠬᠠᠭᠤᠳᠠᠰᠤ ᠶᠢ ᠡᠭᠦᠳᠪᠡ᠃ ᠲᠡᠭᠦᠨ ᠤ ᠴᠥᠬᠦᠷᠡᠰᠢ ᠦᠭᠡᠢ | ᠴᠢᠷᠮᠠᠶᠢᠯᠭ᠎ᠠ ᠪᠠᠷ 2019 ᠣᠨ ᠳᠤ ᠬᠥᠯᠥᠨ ᠪᠤᠶᠢᠷ ᠤᠨ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠨᠢ | ᠬᠤᠶᠠᠳᠤᠭᠠᠷ ᠤᠳᠠᠭ᠎ᠠ ᠶᠢᠨ ᠪᠦᠬᠦ ᠤᠯᠤᠰ ᠤᠨ ᠭᠠᠵᠠᠷ ᠤᠨ ᠨᠡᠷᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯᠯᠠᠭ᠎ᠠ | ᠨᠢ ᠲᠦᠷᠦ ᠶᠢᠨ ᠶᠠᠪᠤᠳᠠᠯ ᠤᠨ ᠬᠤᠷᠢᠶᠠᠨ ᠳᠤ ᠲᠡᠷᠢᠭᠦᠨ ᠤ ᠬᠠᠮᠲᠤ ᠪᠠᠷ ᠦᠨᠡᠯᠡᠭᠳᠡᠵᠦ᠂ ᠪᠦᠬᠦ ᠬᠤᠳᠠ ᠶᠢᠨ | ᠬᠠᠷᠢᠶᠠᠨ ᠳᠤ ᠬᠢ 1 ᠮᠤᠵᠢ ᠶᠢᠨ ᠳᠡᠰ ᠤᠨ ᠵᠠᠭᠠᠭ᠂ 1 ᠠᠶᠢᠮᠠᠭ ᠬᠤᠳᠠ ᠶᠢᠨ ᠳᠡᠰ ᠤᠨ ᠵᠠᠭᠠᠭ᠂ 27 ᠬᠤᠰᠢᠭᠤ | ᠬᠤᠳᠠ ᠶᠢᠨ ᠲᠣᠭᠤᠷᠢᠭ ᠤᠨ ᠵᠠᠭᠠᠭ ᠨᠢ ᠶᠠᠮᠠᠷ ᠴᠦ ᠵᠠᠭᠤᠷᠠᠯᠳᠤᠭᠠᠨ ᠡᠭᠦᠰᠦᠭᠰᠡᠨ ᠦᠭᠡᠢ ᠪᠠᠶᠢᠵᠤ᠂ ᠪᠦᠬᠦ | ᠣᠷᠣᠨ ᠤ ᠬᠠᠮᠤᠭ ᠤᠨ ᠲᠣᠭᠲᠠᠭᠤᠨ ᠬᠠᠮᠤᠭ ᠤᠨ ᠡᠶ᠎ᠡ ᠵᠣᠬᠢᠴᠠᠩᠭᠤᠢ ᠠᠮᠤᠷ ᠠᠮᠤᠭᠤᠯᠠᠩ ᠵᠠᠭᠠᠭ ᠱᠤᠭᠤᠮ ᠤᠨ | ᠤᠷᠤᠨ ᠪᠣᠯᠤᠭᠰᠠᠨ ᠪᠠᠶᠢᠨ᠎ᠠ᠃ | ᠪᠠᠶᠢᠭᠤᠯᠭ᠎ᠠ ᠶᠢᠨ ᠨᠠᠮ ᠤᠨ ᠡᠭᠦᠷ ᠤᠨ ᠱᠦᠵᠢ᠂ ᠳᠡᠳ᠋ ᠱᠦᠵᠢ ᠶᠢᠨ ᠲᠤᠰᠢᠶᠠᠯ ᠢ ᠬᠠᠷᠢᠭᠤᠴᠠᠭᠰᠠᠨ ᠠᠴᠠ | ᠨᠠᠭᠠᠰᠢᠬᠢ ᠲᠠᠪᠤᠨ ᠵᠢᠯ ᠤᠨ ᠲᠤᠷᠰᠢ ᠳᠤ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠪᠣᠯᠣᠨ ᠲᠤᠬᠠᠶᠢᠯᠠᠭᠰᠠᠨ | ᠠᠵᠢᠯ ᠤᠨ ︽ᠬᠤᠶᠠᠷ ᠲᠠᠯ᠎ᠠ︾ ᠰᠠᠯᠤᠩᠭᠢᠷᠠᠬᠤ ᠦᠵᠡᠭᠳᠡᠯ ᠢ ᠶᠡᠭᠡ ᠬᠦᠴᠦ ᠣᠷᠣᠭᠤᠯᠣᠨ ᠰᠢᠢᠳᠪᠦᠷᠢᠯᠡᠵᠦ᠂ | ᠨᠠᠮ ᠤᠨ ᠪᠠᠶᠢᠭᠤᠯᠤᠯᠲᠠ ᠪᠣᠯᠣᠨ ᠠᠷᠠᠳ ᠤᠨ ᠶᠠᠪᠤᠳᠠᠯ ᠤᠨ ᠲᠤᠬᠠᠶᠢᠯᠠᠭᠰᠠᠨ ᠠᠵᠢᠯ ᠢ ᠠᠭᠤᠰᠤᠯᠴᠠᠭᠤᠯᠬᠤ᠂ | ᠨᠠᠮ ᠤᠨ ᠪᠠᠶᠢᠭᠤᠯᠤᠯᠲᠠ ᠪᠣᠯᠣᠨ ᠬᠦᠴᠢᠷᠳᠡᠯᠲᠡᠢ ᠤᠯᠠᠨ ᠲᠦᠮᠡᠨ ᠲᠠᠢ ᠠᠭᠤᠰᠤᠯᠴᠠᠭᠤᠯᠬᠤ᠂ ᠨᠠᠮ ᠤᠨ | ᠪᠠᠶᠢᠭᠤᠯᠤᠯᠲᠠ ᠪᠣᠯᠣᠨ ᠦᠨᠳᠦᠰᠦᠲᠡᠨ ᠤ ᠪᠦᠯᠬᠦᠮᠳᠡᠯ ᠢ ᠠᠭᠤᠰᠤᠯᠴᠠᠭᠤᠯᠬᠤ᠂ ᠨᠠᠮ ᠤᠨ ᠪᠠᠶᠢᠭᠤᠯᠤᠯᠲᠠ ᠪᠣᠯᠣᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠠᠭᠤᠰᠤᠯᠴᠠᠭᠤᠯᠬᠤ᠂ ᠨᠠᠮ ᠤᠨ ᠪᠠᠶᠢᠭᠤᠯᠤᠯᠲᠠ ᠪᠣᠯᠣᠨ | ᠠᠶᠤᠯ ᠦᠬᠡᠢ ᠦᠢᠯᠡᠳᠪᠦᠷᠢᠯᠡᠯ ᠲᠠᠢ ᠠᠭᠤᠰᠤᠯᠴᠠᠭᠤᠯᠬᠤ ᠵᠡᠷᠭᠡ ᠠᠷᠠᠳ ᠤᠨ ᠶᠠᠪᠤᠳᠠᠯ ᠤᠨ ᠪᠠᠶᠢᠭᠤᠯᠤᠯᠭ᠎ᠠ ᠶᠢᠨ | ᠨᠠᠮ ᠤᠨ ᠪᠠᠶᠢᠭᠤᠯᠤᠯᠲᠠ ᠶᠢᠨ ︽ᠲᠠᠪᠤ ᠶᠢ ᠠᠭᠤᠰᠤᠯᠴᠠᠭᠤᠯᠬᠤ︾ ᠶᠢ ᠡᠭᠦᠳᠪᠡ᠃ ᠠᠷᠠᠳ ᠤᠨ ᠶᠠᠪᠤᠳᠠᠯ ᠤᠨ | ᠪᠠᠶᠢᠭᠤᠯᠤᠯᠭ᠎ᠠ ᠶᠢᠨ ︽ᠬᠥᠮᠥᠨ ᠢᠶᠠᠷ ᠦᠨᠳᠦᠰᠦ ᠪᠣᠯᠭᠠᠨ ᠠᠷᠠᠳ ᠤᠨ ᠲᠥᠯᠥᠭᠡ ᠵᠠᠰᠠᠭ ᠢ ᠬᠦᠴᠦᠷᠬᠡᠭᠵᠢᠭᠦᠯᠬᠦ︾ | ᠨᠠᠮ ᠤᠨ ᠪᠠᠶᠢᠭᠤᠯᠤᠯᠲᠠ ᠶᠢᠨ ᠨᠠᠷᠠᠲᠤ ᠲᠡᠮᠳᠡᠭ ᠢ ᠡᠭᠦᠳᠦᠨ ᠪᠠᠶᠢᠭᠤᠯᠵᠤ᠂ ᠠᠵᠢᠯ ᠤᠨ ᠳᠤᠮᠳᠠ ᠪᠠᠨ ᠨᠠᠮ ᠤᠨ | ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠲᠣᠪᠤᠶᠢᠯᠭᠠᠨ᠂ ᠡᠯᠪᠡᠭ ᠪᠠᠶᠠᠯᠢᠭ ᠠᠭᠤᠯᠭ᠎ᠠ ᠪᠦᠬᠦᠢ᠂ ᠬᠡᠯᠪᠡᠷᠢ | ᠮᠠᠶ᠋ᠢᠭ ᠣᠯᠠᠨ ᠶᠠᠩᠵᠤ ᠶᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠬᠦ ᠪᠠᠷ | ᠳᠠᠮᠵᠢᠭᠤᠯᠤᠨ᠂ ᠺᠠᠳ᠋ᠷ ᠣᠯᠠᠨ ᠢᠶᠠᠷ ᠢᠶᠠᠨ ᠨᠠᠮ ᠤᠨ ᠪᠠᠶᠢᠭᠤᠯᠤᠯᠲᠠ ᠶᠢᠨ ᠠᠵᠢᠯ ᠳᠤ ᠰᠢᠨ᠎ᠡ ᠲᠠᠨᠢᠯᠲᠠ ᠲᠠᠢ | ᠪᠣᠯᠤᠭᠰᠠᠨ ᠮᠥᠷᠲᠡᠭᠡᠨ ᠪᠦᠯᠬᠦᠮᠳᠡᠯ ᠲᠠᠢ ᠡᠶ᠎ᠡ ᠵᠣᠬᠢᠴᠠᠯ ᠲᠠᠢ ᠴᠢᠷᠮᠠᠶᠢᠨ ᠲᠡᠮᠡᠴᠡᠬᠦ ᠠᠵᠢᠯ ᠤᠨ ᠠᠭᠤᠷ ᠠᠮᠢᠰᠬᠤᠯ ᠢ | ᠪᠣᠶ ᠪᠣᠯᠭᠠᠭᠰᠠᠨ ᠪᠠᠶᠢᠨ᠎ᠠ᠃ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠥᠯᠥᠪᠵᠢᠭᠦᠯᠦᠨ | ᠲᠥᠯᠥᠪᠯᠡᠬᠦ᠂ ᠤᠯᠠᠨ ᠲᠠᠯ᠎ᠠ ᠪᠠᠷ ᠠᠷᠭ᠎ᠠ ᠰᠦᠪᠡᠭᠴᠢᠯᠡᠨ᠂ ᠥᠨᠳᠥᠷ ᠪᠠᠷᠢᠮᠵᠢᠶ᠎ᠠ ᠲᠠᠢ᠂ ᠤᠯᠠᠨ ᠴᠢᠳᠠᠪᠬᠢ ᠲᠠᠢ | ᠨᠠᠮ ᠤᠨ ᠭᠡᠰᠢᠭᠦᠨ ᠤ ᠠᠵᠢᠯᠯᠠᠭᠠᠨ ᠤ ᠲᠠᠰᠤᠭ ᠢ ᠪᠠᠶᠢᠭᠤᠯᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ | ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠳᠤ ᠪᠠᠲᠤ ᠰᠠᠭᠤᠷᠢ ᠲᠠᠯᠪᠢᠵᠤ᠂ | ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ ᠠᠴᠠ ᠬᠤᠳᠠ ᠶᠢᠨ ᠰᠢᠭᠤᠳ ᠬᠠᠷᠢᠶ᠎ᠠ | ᠪᠠᠶᠢᠭᠤᠯᠤᠯᠭ᠎ᠠ ᠶᠢᠨ ᠡᠯ᠎ᠡ ᠨᠢᠭᠡᠴᠢ᠂ ᠬᠤᠰᠢᠭᠤ ᠬᠤᠳᠠ ᠶᠢᠨ ᠲᠣᠭᠤᠷᠢᠭ ᠤᠨ ᠡᠯ᠎ᠡ ᠰᠠᠯᠠᠭ᠎ᠠ ᠲᠣᠪᠴᠢᠶ᠎ᠠ ᠶᠢ | ᠵᠣᠬᠢᠶᠠᠨ ᠪᠠᠶᠢᠭᠤᠯᠵᠤ ᠤᠯᠠᠨ ᠤᠳᠠᠭ᠎ᠠ ᠲᠣᠭᠤᠷᠢᠨ ᠰᠤᠷᠤᠯᠴᠠᠪᠠ᠃ ᠰᠣᠷᠤᠯᠴᠠᠯᠭ᠎ᠠ ᠶᠢᠨ ᠬᠦᠴᠦᠷᠬᠡᠭ ᠤᠯᠤᠰ | ᠲᠠᠪᠴᠠᠩ ᠳᠡᠭᠡᠷ᠎ᠡ 10 ᠵᠣᠬᠢᠶᠠᠯ ᠨᠡᠶᠢᠲᠡᠯᠡᠪᠡ᠃ ᠲᠡᠭᠦᠨ ᠤ ᠳᠠᠭᠠᠭᠤᠯᠤᠭᠰᠠᠨ ᠪᠠᠶᠢᠭᠤᠯᠭ᠎ᠠ ᠶᠢᠨ ᠨᠠᠮ ᠤᠨ ᠡᠭᠦᠷ ᠨᠢ | ᠲᠠᠪᠤᠨ ᠵᠢᠯ ᠳᠠᠷᠠᠭᠠᠯᠠᠨ ᠬᠤᠳᠠ ᠶᠢᠨ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ | ᠬᠤᠷᠢᠶ᠎ᠠ ᠳᠤ ᠲᠡᠷᠢᠭᠦᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠠᠷ ᠦᠨᠡᠯᠡᠭᠳᠡᠵᠦ᠂ ᠲᠡᠷᠡ | ᠥᠪᠡᠷ ᠢᠶᠠᠨ ᠴᠦ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠰᠢᠯᠢᠳᠡᠭ ᠡᠪ ᠬᠠᠮᠲᠤ ᠨᠠᠮ ᠤᠨ ᠭᠡᠰᠢᠭᠦᠨ ᠪᠠ | ᠥᠪᠥᠷ ᠮᠣᠩᠭᠤᠯ ᠤᠨ ᠰᠣᠷᠤᠯᠴᠠᠯᠭ᠎ᠠ ᠶᠢᠨ ᠬᠦᠴᠦᠷᠬᠡᠭ ᠤᠯᠤᠰ ᠲᠠᠪᠴᠠᠩ ᠤᠨ ᠰᠢᠯᠢᠳᠡᠭ ᠬᠠᠮᠢᠶᠠᠷᠤᠭᠴᠢ ᠪᠠᠷ | ᠦᠨᠡᠯᠡᠭᠳᠡᠵᠦ᠂ ᠤᠯᠠᠨ ᠵᠢᠯ ᠳᠠᠷᠠᠭᠠᠯᠠᠨ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠰᠢᠯᠢᠳᠡᠭ | ᠠᠯᠪᠠᠳᠠᠨ ᠢᠶᠠᠷ ᠦᠨᠡᠯᠡᠭᠳᠡᠪᠡ᠃ 2020 ᠣᠨ ᠳᠤ᠂ ᠪᠥᠬᠦ ᠬᠤᠲᠠ ᠶᠢᠨ ᠭᠠᠴᠠᠭ᠎ᠠ ᠲᠣᠰᠬᠤᠨ᠂ ᠨᠡᠶᠢᠭᠡᠮ | ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ ᠵᠢᠯᠣᠭᠤᠳᠤᠨ ᠠᠬᠢᠭᠤᠯᠬᠤ | ᠳᠤᠭᠤᠶᠢᠯᠠᠩ ᠳᠤ ᠣᠷᠤᠯᠴᠠᠪᠠ᠃ 2022—2023 ᠣᠨ ᠳᠤ᠂ ᠲᠡᠷᠡ ᠬᠤᠳᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠶᠡᠭᠡ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠳᠤᠭᠤᠶᠢᠯᠠᠩ ᠳᠤ ᠲᠣᠮᠢᠯᠠᠭᠳᠠᠬᠤ ᠶᠢᠨ ᠬᠠᠮᠲᠤ | ᠤᠯᠤᠰ ᠤᠨ ᠠᠯᠪᠠᠳᠠᠨ ᠡᠯᠰᠡᠬᠦ ᠰᠢᠯᠭᠠᠯᠲᠠ᠂ ᠠᠵᠢᠯ ᠦᠢᠯᠡᠰ ᠤᠨ ᠨᠢᠭᠡᠴᠢ ᠶᠢᠨ ᠰᠢᠯᠭᠠᠯᠲᠠ᠂ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠪᠤᠯᠤᠨ ᠠᠵᠤ ᠠᠬᠤᠶᠢᠯᠠᠯ ᠤᠨ ᠤᠷᠢᠨ ᠬᠡᠷᠡᠭᠯᠡᠬᠦ ᠨᠢᠭᠤᠷᠳᠠᠨ ᠰᠢᠯᠭᠠᠯᠲᠠ ᠳᠤ ᠰᠢᠯᠭᠠᠬᠤ | ᠲᠤᠰᠢᠶᠠᠯᠲᠠᠨ ᠤ ᠡᠭᠦᠷᠭᠡ ᠶᠢ ᠤᠯᠠᠨ ᠤᠳᠠᠭ᠎ᠠ ᠡᠭᠦᠷᠭᠡᠯᠡᠪᠡ᠃ | 2022 ᠣᠨ ᠳᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠠᠴᠠ ᠪᠥᠬᠦ ᠲᠤᠪᠴᠢᠶᠠᠨ ᠤ ᠲᠠᠩᠰᠠ | ᠡᠪᠬᠡᠮᠡᠯ ᠤᠨ ᠠᠵᠢᠯ ᠢ ᠬᠠᠨ ᠲᠣᠣ ᠨᠦᠬᠦᠷ ᠢᠶᠠᠷ ᠬᠠᠷᠢᠭᠤᠴᠠᠭᠤᠯᠬᠤ ᠪᠠᠷ ᠲᠣᠭᠲᠠᠭᠠᠭᠰᠠᠨ ᠠᠴᠠ ᠨᠠᠭᠠᠰᠢ᠂ ᠨᠢᠭᠡ | ᠵᠢᠯ ᠴᠦ ᠪᠣᠯᠤᠭ᠎ᠠ ᠦᠭᠡᠢ ᠪᠠᠷ 2013 ᠣᠨ ᠠᠴᠠ ᠨᠠᠭᠠᠰᠢᠬᠢ ᠪᠥᠬᠦ ᠲᠠᠩᠰᠠ ᠡᠪᠬᠡᠮᠡᠯ ᠢ ᠲᠢᠭᠯᠡᠨ ᠡᠮᠬᠢᠯᠡᠵᠦ | ᠲᠠᠩᠰᠠ ᠡᠪᠬᠡᠮᠡᠯ ᠳᠤ ᠣᠷᠣᠭᠤᠯᠬᠤ ᠶᠢᠨ ᠬᠠᠮᠲᠤ ᠲᠣᠭᠠᠴᠢᠯᠠᠬᠤ ᠶᠢ ᠪᠡᠶᠡᠯᠡᠭᠦᠯᠵᠦ᠂ ᠪᠠᠷᠢᠮᠵᠢᠶᠠᠵᠢᠭᠤᠯᠤᠭᠰᠠᠨ | ᠲᠠᠩᠰᠠ ᠡᠪᠬᠡᠮᠡᠯ ᠤᠨ ᠲᠠᠰᠤᠭ ᠢ ᠪᠠᠶᠢᠭᠤᠯᠵᠤ᠂ ᠳᠦᠷᠢᠮ ᠢ ᠢᠯᠡ ᠪᠣᠯᠭᠠᠵᠤ᠂ ᠡᠪᠬᠡᠮᠡᠯ ᠠᠪᠳᠠᠷ᠎ᠠ ᠶᠢ ᠨᠢᠭᠡᠳᠦᠯᠲᠡᠢ | ᠪᠣᠯᠭᠠᠵᠤ᠂ ᠡᠬᠡ ᠲᠠᠩᠰᠠ ᠶᠢ ᠪᠦᠷᠢᠨ ᠭᠦᠢᠴᠡᠳ ᠪᠣᠯᠭᠠᠭᠠᠳ᠂ ᠬᠤᠲᠠ ᠶᠢᠨ ᠨᠠᠮ ᠤᠨ ᠬᠤᠷᠢᠶ᠎ᠠ ᠶᠢᠨ ᠲᠠᠩᠰᠠ | ᠡᠪᠬᠡᠮᠡᠯ ᠤᠨ ᠲᠣᠪᠴᠢᠶ᠎ᠠ ᠶᠢᠨ ᠤᠳᠤᠷᠢᠳᠤᠯᠭ᠎ᠠ ᠶᠢᠨ ᠥᠨᠳᠥᠷ ᠦᠨᠡᠯᠡᠯᠲᠡ ᠶᠢ ᠣᠯᠣᠭᠰᠠᠨ ᠪᠠᠶᠢᠨ᠎ᠠ᠃ | ᠶᠡᠷᠦ ᠨᠢ ᠬᠡᠰᠡᠭ ᠬᠦᠮᠦᠰ ᠪᠢᠳᠡᠨ ᠤ ᠡᠮᠦᠨ᠎ᠡ ᠠᠴᠠ ᠬᠦᠨᠳᠦ ᠠᠴᠢᠶ᠎ᠠ ᠶᠢ ᠡᠭᠦᠷᠭᠡᠯᠡᠨ ᠤᠷᠤᠭᠰᠢᠯᠠᠵᠤ ᠪᠠᠶᠢᠭ᠎ᠠ | ᠪᠣᠯᠬᠤᠷ ᠡᠨᠡ ᠬᠤᠷᠸ᠎ᠠ ᠠᠮᠤᠭᠤᠯᠠᠩ ᠲᠠᠶᠢᠪᠤᠩ ᠪᠠᠶᠢᠳᠠᠭ ᠠᠵᠠᠢ᠃ ᠬᠠᠨ ᠲᠤᠣ ᠨᠦᠬᠦᠷ ᠴᠡᠷᠢᠭ ᠤᠨ ᠠᠯᠪᠠ ᠠᠴᠠ | ᠬᠠᠯᠠᠭᠳᠠᠭᠰᠠᠨ ᠤ ᠬᠤᠪᠢ ᠳᠤ ᠡᠭᠦᠷᠭᠡ ᠬᠠᠷᠢᠭᠤᠴᠠᠯᠭ᠎ᠠ ᠶᠢᠨ ᠢᠶᠠᠨ ᠬᠦᠨᠳᠦ ᠬᠡᠴᠡᠭᠦᠦ ᠪᠠᠶᠢᠬᠤ ᠶᠢ ᠶᠠᠭᠤᠨ ᠠᠴᠠ ᠴᠦ | ᠭᠦᠨ ᠣᠶᠢᠯᠠᠭᠠᠳᠠᠭ ᠶᠤᠮ᠃ ︽ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠴᠡᠷᠢᠭ ᠤᠨ ᠠᠯᠪᠠ ᠠᠴᠠ | ᠬᠠᠯᠠᠭᠳᠠᠭᠰᠠᠨ ᠨᠢᠭᠡᠨ ᠠᠬᠠᠮᠠᠳ ᠴᠡᠷᠢᠭ ᠪᠣᠯᠤᠭᠰᠠᠨ ᠤ ᠬᠤᠪᠢ ᠳᠤ᠂ ᠬᠡᠵᠢᠶ᠎ᠡ ᠴᠦ ᠭᠡᠰᠡᠨ ᠬᠠᠮᠤᠭ ᠤᠨ | ᠲᠦᠷᠦᠭᠦᠨ ᠳᠤ ᠭᠠᠪᠰᠢᠭᠠᠶᠢᠯᠠᠨ ᠣᠷᠣᠬᠤ ᠬᠡᠷᠡᠭᠲᠡᠢ︾ ᠭᠡᠳᠡᠭ ᠢ ᠬᠠᠨ ᠲᠤᠤ ᠨᠥᠬᠦᠷ ᠪᠣᠳᠠᠲᠤ | ᠠᠵᠢᠯᠯᠠᠭ᠎ᠠ ᠪᠠᠷ ᠢᠶᠠᠨ ᠪᠢᠴᠢᠭᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠠᠷᠠᠳ ᠤᠨ ᠶᠠᠪᠤᠳᠠᠯ ᠤᠨ ᠠᠵᠢᠯ ᠤᠨ ᠡᠮᠦᠨ᠎ᠡ ᠹᠷᠣᠨᠲ ᠲᠤ ᠪᠠᠨ ᠡᠷᠡᠮᠡᠬᠡᠶᠢᠯᠡᠨ | ᠭᠠᠪᠰᠢᠭᠠᠶᠢᠯᠠᠭᠰᠠᠨ ᠪᠠᠶᠢᠨ᠎ᠠ᠃ | | ᠵᠣᠬᠢᠶᠠᠭᠴᠢ ᠶᠢᠨ ᠬᠠᠶ᠋ᠢᠭ᠄ ᠠᠷᠠᠳ ᠤᠨ ᠶᠠᠪᠤᠳᠠᠯ ᠤᠨ ᠲᠢᠩᠬᠢᠮ ᠤᠨ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ | ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠭᠠᠵᠠᠷ ᠤᠨ | |