ᠴᠢ ᠪᠠᠲᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠭᠤᠣᠯ ᠰᠡᠳᠦᠪᠲᠦ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠪᠠ
ᠨᠡᠶᠢᠲᠡᠯᠡᠭᠰᠡᠨ ᠴᠠᠭ᠄
2023/8/21
                   ᠯᠢᠤ ᠰᠢᠶᠤᠤ ᠮᠸᠡᠭ ᠮᠡᠳᠡᠬᠡᠯᠡᠪᠡ    ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠴᠢ ᠪᠠᠲᠤ 5 ᠳ᠋ᠤᠭᠠᠷ ᠰᠠᠷ᠎ᠠ ᠶᠢᠨ 26 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠳᠤ ᠢᠷᠡᠵᠤ᠂ ᠭᠤᠣᠯ ᠰᠡᠳᠦᠪᠲᠦ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠴᠤ᠂ ᠠᠷᠠᠳ ᠤᠨ ᠶᠠᠪᠤᠳᠠᠯ ᠤᠨ ᠲᠢᠩᠬᠢᠮ ᠤᠨ ᠭᠤᠣᠯ ᠰᠡᠳᠦᠪᠲᠦ ᠬᠥᠮᠦᠵᠢᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ  ᠲᠤ ᠨᠢ ᠪᠠᠶᠢᠴᠠᠭᠠᠨ ᠦᠵᠡᠵᠦ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠠᠷ ᠤᠨ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂《ᠮᠣᠩᠭᠤᠯ ᠮᠤᠷᠢᠨ ᠤ ᠵᠣᠷᠢᠭ ᠰᠠᠨᠠᠭ᠎ᠠ》 ᠶᠢ ᠶᠡᠭᠡ ᠪᠠᠷ ᠪᠠᠳᠠᠷᠠᠭᠤᠯᠬᠤ ᠲᠤᠬᠠᠢ ᠰᠤᠳᠤᠯᠤᠨ ᠶᠠᠷᠢᠯᠴᠠᠬᠤ ᠶᠠᠷᠢᠶ᠎ᠠ ᠶᠢ ᠰᠣᠨᠣᠰᠪᠠ᠃    ᠴᠢ ᠪᠠᠲᠤ ᠵᠢᠭᠠᠬᠰᠠᠨ ᠨᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠶᠢ ᠴᠢᠬᠤᠯᠠᠴᠢᠯᠠᠵᠤ᠂ ︽ᠳᠥᠷᠪᠡ ᠶᠢ ᠰᠤᠷᠤᠯᠴᠠᠬᠤ ᠶᠢ ᠬᠤᠯᠪᠣᠯᠳᠤᠭᠤᠯᠬᠤ︾ ᠠᠵᠢᠯ ᠢ ᠴᠢᠩᠭᠠᠳᠬᠠᠵᠤ᠂ ᠰᠤᠷᠤᠯᠴᠠᠵᠤ ᠪᠠᠶᠢᠴᠠᠭᠠᠨ ᠰᠤᠳᠤᠯᠬᠤ ᠪᠠ ᠲᠤᠬᠠᠶᠢᠯᠠᠭᠰᠠᠨ ᠠᠵᠢᠯ ᠢ ᠨᠢᠭᠡ ᠴᠣᠭᠴᠠᠵᠢᠭᠤᠯᠤᠨ ᠠᠬᠢᠭᠤᠯᠵᠤ᠂  ᠰᠢᠰᠲ᠋ᠧᠮ ᠤᠨ ᠵᠣᠬᠢᠶᠠᠨ ᠪᠠᠶᠢᠭᠤᠯᠤᠯᠲᠠ᠂ ᠠᠴᠢᠶᠠᠯᠠᠪᠤᠷᠢ ᠶᠢᠨ ᠰᠢᠨ᠎ᠡ ᠶᠢ ᠡᠭᠦᠳᠬᠦ᠂ ᠠᠷᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ  ᠰᠡᠳᠬᠢᠮᠵᠢ᠂ ᠠᠷᠭ᠎ᠠ ᠲᠠᠢ ᠪᠠᠶᠢᠨ᠎ᠠ᠃ ᠢᠯᠠᠩᠭᠤᠶ᠎ᠠ ᠥᠪᠡᠷᠲᠡᠭᠡᠨ ᠵᠠᠰᠠᠬᠤ ᠣᠷᠣᠨ ᠤ ︽ᠬᠤᠶᠠᠷ ᠲᠤᠮᠤ ᠶᠠᠪᠤᠳᠠᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠶᠠᠪᠤᠳᠠᠯ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳᠤ ᠰᠠᠭᠤᠷᠢᠯᠠᠨ᠂ ︽ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠵᠣᠪᠠᠨᠢᠯ ᠢ ᠠᠷᠢᠯᠭᠠᠬᠤ᠂ ᠠᠷᠠᠳ ᠤᠨ ᠰᠡᠳᠬᠢᠯ ᠢ  ᠳᠤᠯᠠᠭᠠᠯᠠᠬᠤ︾ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠠᠷᠠᠳ ᠤᠨ ᠶᠠᠪᠤᠳᠠᠯ ᠤᠨ ᠦᠢᠯᠡᠰ ᠤᠨ  ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠮᠵᠢ ᠪᠣᠯᠭᠠᠨ ᠪᠦᠲᠦᠮᠵᠢᠲᠡᠶ ᠬᠤᠪᠢᠷᠠᠭᠤᠯᠬᠤ ᠬᠡᠷᠡᠭᠲᠡᠢ᠃   ᠴᠢ ᠪᠠᠲᠤ ᠵᠢᠭᠠᠬᠰᠠᠨ ᠨᠢ᠂ ᠰᠢ ᠶᠢᠨ ᠫᠢᠩ  ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ ᠤᠨ ᠤᠨᠴᠠᠯᠢᠭ  ᠲᠠᠢ ᠨᠡᠶᠢᠭᠡᠮ  ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠳᠤ ᠬᠦᠮᠤᠵᠢᠯ ᠢ ᠥᠷᠨᠢᠭᠦᠯᠬᠦ ᠪᠤᠯ ᠤᠳᠤᠬᠠᠨ ᠤ ᠲᠡᠷᠢᠬᠦᠨ ᠴᠢᠬᠤᠯᠨ ᠤᠯᠤᠰ ᠲᠦᠷᠤ ᠶᠢᠨ ᠡᠬᠦᠷᠬᠡ ᠮᠥᠨ᠂  ᠠᠷᠠᠳ ᠤᠨ ᠶᠠᠪᠤᠳᠠᠯ ᠤᠨ ᠲᠢᠩᠬᠢᠮ ᠤᠨ ᠰᠢᠰᠲ᠋ᠧᠮ ᠤᠨ ᠬᠢᠨ ᠦᠨᠡᠨ ᠬᠦ ᠰᠤᠷᠤᠯᠴᠠᠵᠤ ᠦᠨᠡᠨ ᠬᠦ ᠠᠵᠢᠯᠯᠠᠬᠤ᠂ ᠰᠡᠳᠬᠢᠯ ᠵᠢᠷᠦᠬᠡᠨ ᠳᠤ ᠪᠠᠨ ᠬᠠᠳᠠᠩᠰᠢᠭᠤᠯᠬᠤ ᠳᠡᠭᠡᠷ᠎ᠡ ᠬᠦᠴᠦ ᠣᠷᠣᠭᠤᠯᠵᠤ᠂ ︽ᠳᠥᠷᠪᠡ ᠶᠢ ᠰᠤᠷᠤᠯᠴᠠᠬᠤ ᠶᠢ ᠬᠤᠯᠪᠣᠯᠳᠤᠭᠤᠯᠬᠤ︾ ᠲᠣᠭᠲᠠᠴᠠ ᠶᠢ ᠴᠢᠨᠠᠭᠰᠢᠳᠠ ᠭᠦᠨᠵᠡᠭᠡᠶᠢᠷᠡᠭᠦᠯᠦᠨ ᠥᠷᠭᠡᠳᠬᠡᠵᠦ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠨᠡᠨ ᠬᠦ᠋‍ ᠨᠢᠭᠡ ᠤᠳᠠᠭ᠎ᠠ ᠨᠡᠪᠲᠡᠷᠬᠡᠢ ᠰᠤᠷᠤᠯᠴᠠᠵᠦ᠂  ᠡᠷᠳᠡᠮ ᠴᠢᠳᠠᠪᠤᠷᠢ ᠶᠢ ᠦᠨᠡᠨ ᠬᠦ ᠡᠵᠡᠮᠰᠢᠬᠦ᠂ ᠨᠠᠮ ᠢᠶᠠᠨ ᠮᠠᠨᠳᠤᠭᠤᠯᠬᠤ ᠡᠷᠳᠡᠮ ᠴᠢᠳᠠᠪᠤᠷᠢ᠂ ᠤᠯᠤᠰ ᠢᠶᠠᠨ ᠬᠦᠴᠦᠷᠬᠡᠭᠵᠢᠭᠦᠯᠬᠦ ᠡᠷᠳᠡᠮ ᠴᠢᠳᠠᠪᠤᠷᠢ ᠶᠢ ᠦᠨᠡᠨ ᠬᠦ ᠡᠵᠡᠮᠰᠢᠵᠦ ᠂ ᠦᠨᠡᠨ ᠬᠦ ᠰᠡᠳᠬᠢᠯ ᠳᠤ ᠪᠠᠨ ᠰᠢᠩᠭᠡᠭᠡᠬᠦ ᠶᠢ ᠪᠡᠶᠡᠯᠡᠭᠦᠯᠬᠦ ᠬᠡᠷᠡᠭᠲᠡᠢ᠃ ᠡᠭᠦᠨ ᠤ ᠬᠠᠮᠲᠤ ᠦᠢᠯᠡᠳᠤᠯᠬᠡ ᠲᠡᠬᠡᠷ᠎ᠡ  ᠪᠠᠨ ᠢᠯᠡᠷᠡᠭᠦᠯᠵᠦ᠂ ᠠᠵᠢᠯ ᠤᠨ ᠪᠣᠳᠠᠲᠠᠢ ᠲᠠᠢ ᠪᠠᠨ ᠨᠢᠭᠲᠠ ᠤᠶᠠᠯᠳᠤᠭᠤᠯᠤᠨ᠂ ᠰᠢ ᠶᠢᠨ ᠫᠢᠩ ᠶᠡᠷᠦᠩᠬᠡᠢ ᠱᠦᠵᠢ  ᠶᠢᠨ ᠥᠪᠥᠷ ᠮᠣᠩᠭᠤᠯ ᠪᠠ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠᠷ ᠪᠠᠷᠢᠮᠵᠢᠶᠠᠯᠠᠵᠤ᠂ ᠠᠷᠠᠳ ᠤᠨ ᠶᠠᠪᠤᠳᠠᠯ ᠤᠨ ᠭᠤᠣᠯᠳᠠᠯᠭ᠎ᠠ ᠲᠠᠢ ᠡᠭᠦᠷᠭᠡ ᠲᠠᠢ ᠬᠠᠷᠢᠴᠠᠭᠤᠯᠤᠨ᠂ ᠬᠦᠷᠦᠯᠴᠡᠬᠦ ᠦᠭᠡᠢ ᠲᠠᠯ᠎ᠠ ᠪᠠᠨ ᠪᠠᠶᠢᠴᠠᠭᠠᠵᠤ᠂ ᠳᠤᠲᠠᠭᠤᠳᠠᠯ ᠢᠶᠠᠨ ᠨᠥᠬᠦᠪᠦᠷᠢᠯᠡᠵᠦ ᠂ ᠰᠤᠷᠤᠯᠴᠠᠬᠤ ᠶᠢᠨ ᠳᠠᠭᠠᠤ  ᠰᠡᠳᠬᠢᠵᠤ᠂ ᠦᠢᠯᠡᠳᠦᠯᠭᠡᠵᠢᠭᠦᠯᠬᠦ ᠶᠢᠨ ᠳᠠᠭᠠᠤ ᠤᠬᠠᠮᠰᠠᠷᠠᠵᠤ᠂ ᠰᠦᠪᠡᠭᠴᠢᠯᠡᠬᠦ ᠶᠢᠨ ᠳᠠᠭᠠᠤ ᠳ᠋ᠦᠩᠨᠡᠵᠦ᠂ ︽ᠰᠤᠷᠤᠯᠴᠠᠬᠤ ᠰᠡᠳᠬᠢᠬᠦ ᠦᠢᠯᠡᠳᠤᠯᠬᠡᠵᠢᠬᠦᠯᠬᠦ ᠣᠶᠢᠯᠠᠭᠠᠬᠤ︾ ᠶᠡᠭᠡ ᠣᠷᠴᠢᠯ ᠢ ᠪᠣᠶ ᠪᠣᠯᠭᠠᠬᠤ ᠬᠡᠷᠡᠭᠲᠡᠢ᠃ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ᠂ ᠦᠨᠡᠨ ᠬᠦ ᠬᠦᠳᠡᠯᠤᠨ ᠬᠠᠲᠠᠭᠤ ᠲᠠᠢ ᠬᠠᠯᠳᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠬᠢᠬᠦ ᠪᠣᠯ ᠭᠤᠣᠯ ᠰᠡᠳᠦᠪᠲᠦ ᠬᠥᠮᠦᠵᠢᠯ ᠤᠨ ᠴᠢᠬᠤᠯᠠ ᠠᠭᠤᠯᠭ᠎ᠠ ᠮᠥᠨ᠂ ᠪᠠᠶᠢᠴᠠᠭᠠᠨ ᠰᠤᠳᠤᠯᠤᠯᠲᠠ ᠬᠢᠬᠦ ᠶᠢ ᠨᠢᠭᠡ ᠵᠦᠢᠯ ᠤᠨ ᠤᠯᠤᠰ ᠲᠦᠷᠦ ᠶᠢᠨ ᠱᠠᠭᠠᠷᠳᠠᠯᠭ᠎ᠠ ᠪᠤᠯᠭᠠᠨ ᠬᠠᠨᠳᠤᠵᠤ᠂ ᠨᠢᠬᠡ ᠵᠦᠢᠯ ᠤᠨ ᠤᠯᠤᠰ ᠲᠦᠷᠦ ᠶᠢᠨ ᠬᠡᠪ ᠪᠣᠯᠪᠠᠰᠤᠷᠠᠯ ᠪᠤᠯᠭᠠᠨ ᠭᠦᠨᠵᠡᠭᠡᠢ ᠪᠣᠯᠪᠠᠰᠤᠷᠠᠭᠤᠯᠵᠤ᠂ ᠬᠤᠶᠠᠷ ᠢ ᠢᠮᠠᠭᠲᠠ ᠲᠤᠭᠤᠰᠢᠯᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢᠨ ︽ᠰᠡᠭᠦᠯᠴᠢ ᠶᠢᠨ ᠬᠠᠭᠠᠰ︾ ᠠᠵᠢᠯ ᠢ ᠰᠠᠶᠢᠲᠤᠷ ᠬᠢᠵᠦ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠤᠯᠠᠷᠢᠭᠤᠯᠬᠤ ᠠᠵᠢᠯ ᠢ ᠰᠠᠶᠢᠲᠤᠷ ᠠᠳᠬᠤᠵᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠦᠨᠡᠯᠡᠵᠤ ᠤᠯᠠᠷᠢᠭᠤᠯᠬᠤ ᠲᠣᠭᠲᠠᠴᠠ ᠶᠢ ᠪᠠᠶᠢᠭᠤᠯᠵᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ  ᠪᠤᠯᠭᠠᠨ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ ᠂ ᠦᠢᠯᠡᠳᠦᠯᠭᠡ ᠪᠠ ᠠᠷᠠᠳ ᠲᠦᠮᠡᠨ ᠤ ᠰᠢᠯᠭᠠᠯᠲᠠ ᠶᠢ  ᠲᠠᠭᠠᠭᠠᠬᠤ ᠶᠢ ᠪᠠᠲᠤᠯᠠᠬᠤ ᠬᠡᠷᠡᠭᠲᠡᠢ᠃ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠠᠵᠢᠯ ᠢ ᠠᠬᠢᠭᠤᠯᠬᠤ ᠲᠠᠯ᠎ᠠ ᠪᠠᠷ ᠬᠦᠴᠦ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠲᠤᠮᠤ ᠶᠠᠪᠤᠳᠠᠯ︾ ᠢ ᠨᠡᠩ ᠰᠠᠶᠢᠨ ᠪᠡᠶᠡᠯᠡᠭᠦᠯᠬᠦ ᠶᠢᠨ ᠲᠣᠭᠤᠷᠢᠨ ᠳᠤ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠦᠨᠳᠦᠰᠦᠨ ᠨᠡᠶᠢᠭᠡᠮ ᠤᠨ ᠦᠢᠯᠡᠴᠢᠯᠡᠭᠡ ᠵᠡᠷᠭᠡ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠵᠦ᠂ ᠵᠥᠷᠢᠶ᠎ᠡ ᠲᠠᠢ ᠲᠠᠯ᠎ᠠ ᠪᠠᠨ ᠡᠷᠢᠵᠦ᠂ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠷᠭ᠎ᠠ ᠶᠢ ᠨᠢᠭᠡᠳ ᠨᠢᠭᠡ ᠪᠠᠷ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠴᠠᠭ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠲᠠᠩᠰᠠ ᠬᠠᠷᠭᠤᠭᠤᠯᠵᠤ᠂ ᠲᠣᠭᠲᠠᠭᠰᠠᠨ ᠬᠤᠭᠤᠴᠠᠭᠠᠨ  ᠳᠤ ᠲᠠᠩᠰᠠ ᠲᠤᠰᠢᠶᠠᠵᠤ᠂ ᠳᠦᠷᠢᠮ ᠲᠣᠭᠲᠠᠭᠠᠯ ᠲᠣᠭᠲᠠᠭᠠᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠦᠨᠡᠨ ᠪᠣᠳᠠᠲᠠᠢ ᠦᠷ᠎ᠡ ᠪᠦᠲᠦᠮᠵᠢ ᠣᠯᠵᠤ᠂ ᠪᠣᠳᠠᠲᠤ ᠠᠵᠢᠯᠯᠠᠭ᠎ᠠ ᠪᠠᠷ ᠢᠶᠠᠨ ᠤᠮᠠᠷᠠᠲᠤ ᠬᠢᠯᠢ ᠶᠢᠨ ᠵᠢᠱᠢᠶᠡᠴᠢ ᠪᠠᠶᠢᠭᠤᠯᠭ᠎ᠠ ᠶᠢ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ᠃   ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠰᠦᠨ ᠯᠢ ᠵᠢᠶᠠᠨ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠤᠯ ᠰᠡᠳᠤᠪᠳᠤ ᠬᠦᠮᠤᠵᠢᠯ ᠤᠨ ᠶᠢᠰᠤᠳᠤᠬᠡᠷ ᠲᠣᠭᠤᠷᠢᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠱᠢ ᠯᠢᠶᠠᠩ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠭᠠᠵᠠᠷ ᠲᠠᠰᠤᠭ ᠨᠢᠬᠡᠴᠢ ᠶᠢᠨ ᠬᠠᠷᠢᠭᠤᠴᠠᠯᠭᠠᠳᠠᠳ ᠪᠠᠶᠢᠴᠠᠭᠠᠨ ᠰᠤᠳᠤᠯᠤᠯᠲᠠ ᠪᠠ ᠬᠠᠷᠢᠭᠤ ᠮᠡᠳᠡᠭᠦᠯᠦᠯᠲᠡ ᠶᠢᠨ ᠬᠤᠷᠠᠯ ᠳᠤ  ᠤᠷᠤᠯᠴᠠᠵᠠᠢ᠃    
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号