ᠲᠢᠩᠭᠢᠮ ᠤᠨ ᠤᠳᠤᠷᠢᠳᠤᠯᠭ᠎ᠠ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠭᠤᠸᠠᠩᠳᠦ᠋ᠩ ᠮᠤᠵᠢ ᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/8/21
                    ᠸᠠᠩ ᠲᠢᠶᠠᠨ ᠵᠢᠶᠦ᠋ᠨ ᠮᠡᠳᠡᠭᠡᠯᠡᠪᠡ  ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠯᠢᠦ ᠴᠧᠩ ᠮᠢᠨ ᠪᠤᠯᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠭᠠᠵᠠᠷ ᠤᠨ ᠬᠠᠮᠢᠶ᠎ᠠ ᠪᠦᠬᠦᠢ ᠨᠥᠬᠦᠳ 5 ᠳ᠋ᠤᠭᠠᠷ ᠰᠠᠷ᠎ᠠ ᠶᠢᠨ 29 ᠤ ᠡᠳᠦᠷ ᠠᠴᠠ 31 ᠤ ᠡᠳᠦᠷ ᠪᠣᠯᠲᠠᠯ᠎ᠠ ᠭᠤᠸᠠᠩᠳᠦ᠋ᠩ ᠮᠤᠵᠢ ᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠪᠠᠶᠢᠴᠠᠭᠠᠨ ᠰᠤᠳᠤᠯᠪᠠ᠃   ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠱᠧᠨᠵᠧᠨ ᠬᠤᠲᠠ ᠶᠢᠨ ᠹᠦ᠋ ᠲᠢᠶᠠᠨ ᠲᠣᠭᠤᠷᠢᠭ ᠤᠨ ᠰᠢᠶᠠᠩ ᠮᠢ ᠬᠤ᠋ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠰᠤᠳᠠᠶᠢᠴᠤᠳ ᠲᠤ ᠦᠢᠯᠡᠴᠢᠯᠡᠬᠦ ᠥᠷᠲᠡᠭᠡ᠂ ᠯᠥᠸᠧ ᠬᠣ᠋ ᠲᠣᠭᠤᠷᠢᠭ ᠤᠨ ᠢᠦᠢ ᠼᠦᠨ ᠨᠡᠶᠢᠭᠡᠮ ᠲᠣᠭᠤᠷᠢᠭ ᠤᠨ  ᠨᠠᠰᠤᠳᠠᠶᠢᠴᠤᠳ ᠲᠤ ᠦᠢᠯᠡᠴᠢᠯᠡᠬᠦ ᠥᠷᠲᠡᠭᠡ ᠳᠤ ᠭᠡᠷ  ᠲᠤ ᠨᠢ ᠬᠦᠷᠴᠤ ᠠᠰᠠᠷᠠᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠷᠢᠶᠠᠲᠤ ᠣᠷᠣᠨ ᠤ ᠨᠠᠰᠤᠲᠠᠶᠢᠴᠤᠳ ᠲᠤ ᠳᠥᠭᠦᠮ ᠳᠥᠲᠡ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠬᠠᠨᠭ᠍ᠭᠠᠵᠤ ᠪᠠᠶᠢᠭ᠎ᠠ ᠲᠤᠷᠰᠢᠯᠭ᠎ᠠ ᠠᠷᠭ᠎ᠠ ᠬᠢᠳᠡᠯ ᠢ ᠪᠠᠶᠢᠴᠠᠭᠠᠨ ᠰᠤᠳᠤᠯᠵᠤ᠂ ᠲᠤᠬᠠᠢ ᠶᠢᠨ ᠭᠠᠵᠠᠷ ᠤᠨ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡᠨ ᠤ ᠨᠥᠬᠦᠪᠦᠷᠢ ᠭᠥᠷᠳᠡᠬᠦ ᠲᠥᠷᠥ ᠶᠢᠨ ᠪᠣᠳᠣᠯᠭ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠭᠤᠸᠠᠩᠵᠧᠦ ᠬᠤᠲᠠ ᠶᠢᠨ ᠲᠢᠶᠠᠨ ᠾᠧ ᠡᠮᠦᠨ᠎ᠡ ᠵᠡᠭᠡᠯᠢ ᠶᠢᠨ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠭᠤᠸᠠᠩᠵᠸᠤ ᠬᠤᠲᠠ ᠶᠢᠨ ᠨᠡᠶᠢᠭᠡᠮ ᠲᠣᠭᠤᠷᠢᠭ ᠤᠨ ᠭᠡᠷ  ᠲᠤ ᠬᠦᠷᠴᠤ ᠠᠰᠠᠷᠠᠬᠤ ᠨᠡᠶᠢᠬᠡᠮ ᠲᠤᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠠᠪᠴᠠᠩ᠂ ᠯᠢᠦ ᠷᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ  ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠲᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ  ᠮᠡᠳᠡᠷᠡᠯ ᠮᠠᠭᠤᠲᠠᠢ ᠶᠢ ᠬᠠᠷᠠᠭᠠᠯᠵᠠᠨ ᠠᠰᠠᠷᠠᠬᠤ ᠴᠢᠳᠠᠮᠵᠢ ᠵᠡᠷᠭᠡ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠥᠭᠡᠷᠡᠴᠢᠯᠡᠯᠲᠡ᠂ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠣᠷᠣ ᠶᠢᠨ ᠲᠣᠬᠢᠷᠠᠭᠤᠯᠤᠯᠲᠠ᠂ ᠡᠷᠡᠭᠦᠯᠵᠢᠯ ᠤᠨ ᠲᠤᠰᠠᠯᠠᠬᠤ ᠪᠠᠭᠠᠵᠢ ᠲᠦᠷᠢᠶᠡᠰᠤᠯᠡᠬᠦᠯᠬᠦ ᠵᠡᠷᠭᠡ ᠬᠡᠷᠡᠭᠯᠡᠭᠡᠨ ᠤ ᠦᠵᠡᠭᠳᠡᠯ ᠤᠨ ᠦᠵᠡᠭᠦᠯᠦᠯᠭᠡ ᠶᠢ ᠲᠣᠭᠤᠷᠢᠨ ᠦᠵᠡᠪᠡ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠭᠤᠸᠠᠩᠵᠧᠦ ᠬᠤᠲᠠ ᠶᠢᠨ ᠨᠠᠰᠤᠲᠠᠶᠢᠴᠤᠳ ᠤᠨ ᠬᠦᠷᠢᠶᠡᠯᠡᠩ ᠳᠤ ᠠᠯᠪᠠᠨ ᠠᠴᠠ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠵᠡᠩᠨᠡᠯᠲᠡ ᠬᠠᠮᠢᠶᠠᠷᠤᠯᠲᠠ᠂ ᠡᠮᠴᠢᠯᠡᠭᠡ ᠰᠤᠪᠢᠯᠠᠯᠲᠠ ᠶᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠬᠦ᠂ ᠪᠡᠶ᠎ᠡ ᠳᠤ ᠪᠠᠨ ᠵᠦᠪ ᠦᠬᠡᠢ ᠪᠠ ᠣᠶᠤᠨ ᠮᠡᠳᠡᠷᠡᠯ  ᠮᠠᠭᠤᠳᠠᠢ ᠨᠠᠰᠤᠲᠠᠶᠢᠴᠤᠳ ᠢ ᠬᠠᠷᠠᠭᠠᠯᠵᠠᠬᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢᠲᠠᠨ ᠢ ᠬᠥᠮᠥᠵᠢᠭᠦᠯᠬᠦ ᠪᠤᠯᠤᠨ ᠪᠠᠷᠢᠮᠵᠢᠶᠠᠵᠢᠭᠤᠯᠬᠤ ᠪᠠᠶᠢᠭᠤᠯᠤᠯᠲᠠ ᠵᠡᠷᠭᠡ ᠠᠵᠢᠯ ᠤᠨ ᠪᠠᠶᠢᠳᠠᠯ ᠢ ᠭᠦᠨᠵᠡᠭᠡᠢ ᠤᠶᠢᠯᠠᠭᠠᠬᠰᠠᠨ ᠪᠠᠶᠢᠨ᠎ᠠ᠃   ᠲᠢᠩᠭᠢᠮ ᠤᠨ ᠤᠳᠤᠷᠢᠳᠤᠯᠭ᠎ᠠ ᠱᠠᠭᠠᠷᠳᠠᠭᠰᠠᠨ ᠨᠢ᠂ ᠭᠤᠸᠠᠩᠳᠦ᠋ᠩ ᠮᠤᠵᠢ ᠶᠢᠨ ᠠᠷᠭ᠎ᠠ ᠲᠤᠷᠰᠢᠯᠭ᠎ᠠ ᠶᠢ ᠬᠢᠨᠠᠮᠠᠭᠠᠢ ᠰᠤᠷᠤᠯᠴᠠᠨ ᠲᠤᠯᠢ ᠪᠤᠯᠭᠠᠵᠤ᠂ ᠮᠠᠨ ᠤ ᠣᠷᠣᠨ ᠤ ᠪᠣᠳᠠᠲᠠᠢ ᠲᠠᠢ ᠤᠶᠠᠯᠳᠤᠭᠤᠯᠤᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠣᠷᠣ ᠶᠢᠨ ᠪᠠᠶᠢᠭᠤᠯᠤᠯᠲᠠ᠂ ᠨᠠᠰᠤᠵᠢᠯᠲᠠ ᠳᠤ ᠲᠣᠬᠢᠷᠠᠬᠤ ᠥᠭᠡᠷᠡᠴᠢᠯᠡᠯᠲᠡ ᠵᠡᠷᠭᠡ ᠠᠵᠢᠯ ᠢ ᠲᠦᠷᠭᠡᠨ ᠠᠬᠢᠭᠤᠯᠵᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠶᠢ ᠨᠠᠰᠤᠲᠠᠶᠢᠴᠤᠳ ᠤᠨ ᠭᠡᠷ ᠪᠦᠯᠢ ᠳᠤ ᠬᠦᠷᠭᠡᠬᠦ ᠪᠠᠷ ᠴᠢᠷᠮᠠᠶᠢᠵᠤ᠂ ᠦᠢᠯᠡᠴᠢᠯᠡᠭᠡ ᠶᠢ ᠨᠠᠰᠤᠲᠠᠶᠢᠴᠤᠳ ᠤᠨ ᠡᠷᠬᠢᠨ ᠲᠣᠭᠤᠷᠢᠨ᠂ ᠨᠠᠰᠣᠳᠠᠶᠢᠴᠤᠳ ᠤᠨ ᠳᠡᠷᠭᠡᠳᠡ᠂ ᠨᠠᠰᠣᠳᠠᠶᠢᠴᠤᠳ ᠤᠨ ᠤᠷᠤᠨ ᠤ ᠲᠡᠷᠬᠡᠳᠡ ᠬᠦᠷᠭᠡᠬᠦ ᠶᠢᠨ ᠬᠠᠮᠲᠤ ᠭᠠᠳᠠᠷ ᠮᠤᠵᠢ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠡᠬᠦᠳᠡᠯ ᠰᠠᠭᠤᠷᠢᠰᠢᠯ ᠨᠠᠰᠤᠵᠢᠯ ᠤᠨ ᠠᠰᠠᠷᠠᠮᠵᠢ ᠶᠢᠨ ᠲᠠᠯ᠎ᠠ ᠪᠠᠷ ᠨᠠᠩ ᠣᠯᠠᠨ ᠰᠢᠨ᠎ᠡ ᠠᠷᠭ᠎ᠠ ᠠᠪᠴᠤ᠂ ᠨᠠᠩ ᠣᠯᠠᠨ ᠰᠢᠨ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃   
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号