ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ ︾ ᠲᠢᠩᠬᠢᠮ ᠤᠨ ᠰᠢᠰᠲ᠋ᠧᠮ ᠤᠨ ︽︿7 · 1﹀ ᠢ ᠤᠬᠳᠤᠬᠤ︾ ᠲᠡᠷᠢᠭᠦᠨ ᠤ ᠬᠠᠮᠲᠤ‌ᠨᠡᠶᠢᠲᠡ᠂ ᠰᠢᠯᠢᠳᠡᠭ ᠬᠤᠪᠢ ᠬᠥᠮᠥᠨ᠂ ︽ᠬᠤᠶᠠᠷ ᠰᠢᠯᠢᠳᠡᠭ ᠨᠢᠭᠡ ᠲᠡᠷᠢᠭᠦᠨ ︾ ᠢ ᠬᠥᠬᠢᠭᠦᠯᠦᠨ ᠰᠠᠶᠢᠰᠢᠶᠠᠬᠤ ᠪᠠ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ  ᠨᠠᠮ ᠤᠨ ᠬᠢᠴᠢᠶᠡᠯ ᠵᠢᠭᠠᠬᠤ ᠠᠵᠢᠯᠯᠠᠭ᠎ᠠ  ᠥᠷᠨᠢᠭᠦᠯᠪᠡ
ᠨᠡᠶᠢᠲᠡᠯᠡᠭᠰᠡᠨ ᠴᠠᠭ᠄
2023/8/21
     ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ 6 ᠳ᠋ᠤᠭᠠᠷ ᠰᠠᠷ᠎ᠠ ᠶᠢᠨ 29 ᠤ ᠡᠳᠦᠷ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ ︾ ᠲᠢᠩᠬᠢᠮ ᠤᠨ ᠰᠢᠰᠲ᠋ᠧᠮ ᠤᠨ ︽︿7 · 1﹀ ᠢ ᠤᠬᠳᠤᠬᠤ︾ ᠲᠡᠷᠢᠭᠦᠨ ᠤ ᠬᠠᠮᠲᠤ‌ᠨᠡᠶᠢᠲᠡ᠂ ᠰᠢᠯᠢᠳᠡᠭ ᠬᠤᠪᠢ ᠬᠥᠮᠥᠨ᠂ ︽ᠬᠤᠶᠠᠷ ᠰᠢᠯᠢᠳᠡᠭ ᠨᠢᠭᠡ ᠲᠡᠷᠢᠭᠦᠨ ︾ ᠢ ᠬᠥᠬᠢᠭᠦᠯᠦᠨ ᠰᠠᠶᠢᠰᠢᠶᠠᠬᠤ ᠪᠠ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ  ᠨᠠᠮ ᠤᠨ ᠬᠢᠴᠢᠶᠡᠯ ᠵᠢᠭᠠᠬᠤ ᠠᠵᠢᠯᠯᠠᠭ᠎ᠠ  ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠶᠢᠰᠦᠳᠦᠭᠡᠷ ᠲᠣᠭᠤᠷᠢᠨ ᠵᠢᠯᠤᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠰᠦᠨ ᠭᠦᠸᠧ ᠴᠢᠤᠸᠠᠨ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃   ᠲᠤᠰ ᠠᠵᠢᠯᠯᠠᠭ᠎ᠠ ᠨᠢ ᠬᠠᠩᠭᠢᠨᠠᠮ᠎ᠠ ᠢᠷᠠᠭᠤ ᠤᠯᠤᠰ ᠤᠨ ᠳᠠᠭᠤᠤ ᠶᠢᠨ ᠠᠶᠠᠰ ᠳᠤᠮᠳᠠ ᠬᠥᠰᠢᠭᠡ ᠪᠠᠨ ᠢᠷᠡᠵᠤ᠂ ᠬᠤᠷᠠᠯ ᠳᠤ ᠣᠷᠣᠯᠴᠠᠭᠰᠠᠳ ᠪᠣᠰᠴᠤ ᠵᠤᠬᠰᠤᠵᠠᠭᠠᠨ ᠤᠯᠤᠰ ᠤᠨ ᠳᠠᠭᠤᠤ ᠶᠢ ᠬᠠᠮᠲᠤ ᠪᠠᠷ ᠳᠠᠭᠤᠯᠠᠪᠠ᠃  ᠲᠢᠩᠭᠢᠮ  ᠤᠨ ᠤᠳᠤᠷᠢᠳᠤᠯᠭ᠎ᠠ  ᠭᠠᠯ ᠤᠯᠠᠭᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠭ ᠤᠨ ᠡᠮᠦᠨ᠎ᠡ ᠪᠠᠷᠠᠭᠤᠨ ᠨᠢᠳᠤᠷᠭ᠎ᠠ ᠪᠠᠨ ᠡᠷᠭᠦᠨ ᠲᠠᠩᠭᠠᠷᠢᠭᠯᠠᠵᠤ᠂ ᠬᠤᠶᠠᠷ ᠪᠡᠯᠡᠳᠬᠡᠯ ᠨᠠᠮ ᠤᠨ ᠭᠡᠰᠢᠭᠦᠨ ᠨᠠᠮ ᠳᠤ ᠣᠷᠣᠬᠤ ᠪᠠᠷ ᠲᠠᠩᠭᠠᠷᠢᠭᠯᠠᠵᠤ᠂ ᠬᠤᠷᠠᠯ ᠳᠤ ᠣᠷᠣᠯᠴᠠᠭᠰᠠᠨ ᠪᠤᠰᠤᠳ ᠨᠠᠮ ᠤᠨ ᠬᠡᠰᠢᠬᠦᠳ ᠨᠠᠮ ᠳᠤ ᠤᠷᠤᠬᠤ ᠲᠠᠩᠭᠠᠷᠢᠭ ᠢ ᠲᠠᠬᠢᠨᠳᠠ ᠤᠡᠭᠰᠢᠪᠠ᠃   ᠠᠵᠢᠯᠯᠠᠭ᠎ᠠ ᠲᠡᠬᠡᠷ᠎ᠡ ᠠᠯᠪᠠᠨ ᠭᠡᠷ ︵ᠲᠥᠷᠥ ᠶᠢᠨ ᠪᠣᠳᠣᠯᠭ᠎ᠠ ᠬᠠᠤᠯᠢ  ᠳᠦᠷᠢᠮ ᠤᠨ ᠭᠠᠵᠠᠷ︶ ᠵᠡᠷᠭᠡ 2022 ᠤᠨ ᠤ ᠬᠢᠨᠠᠨ ᠰᠢᠯᠭᠠᠯᠳᠠ ᠶᠢᠨ 6 ᠲᠡᠷᠢᠭᠦᠨ ᠤ ᠬᠠᠮᠲᠤ᠂ ᠵᠠᠩ ᠲᠢᠶᠠᠨ ᠶᠠᠨ ᠵᠡᠷᠭᠡ 2022 ᠣᠨ ᠤ ᠬᠢᠨᠠᠨ ᠰᠢᠯᠭᠠᠯᠲᠠ ᠶᠢᠨ ᠰᠢᠯᠢᠳᠡᠭ ᠬᠤᠪᠢ ᠬᠥᠮᠥᠨ ᠪᠠ 2022 ᠣᠨ ᠤ ᠬᠥᠬᠢᠭᠦᠯᠦᠯ ᠭᠥᠷᠳᠡᠭᠰᠡᠨ 15 ᠬᠥᠮᠥᠨ᠂ ᠭᠤᠷᠪᠠᠳᠤᠭᠠᠷ ᠳᠡᠰ ᠤᠨ ᠭᠠᠪᠢᠶ᠎ᠠ  ᠲᠡᠮᠳᠡᠭᠯᠡᠬᠦᠯᠤᠨ ᠱᠠᠩᠨᠠᠭᠳᠠᠭᠰᠠᠨ ᠵᠠᠩ ᠰᠢᠶᠣᠣ ᠰᠢᠶᠠ ᠨᠥᠬᠦᠷ ᠢ ᠬᠥᠬᠢᠭᠦᠯᠦᠨ ᠰᠠᠶᠢᠰᠢᠶᠠᠵᠤ᠂ ᠮᠠ ᠵᠢᠶᠦ᠋ᠨ ᠵᠡᠷᠭᠡ 2023 ᠣᠨ ᠤ ᠲᠢᠩᠬᠢᠮ ᠤᠨ ᠰᠢᠰᠲ᠋ᠧᠮ ᠤᠨ 6 ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠮᠦ ᠸᠧᠢ ᠴᠢᠩ ᠵᠡᠷᠭᠡ 2023 ᠣᠨ ᠤ ᠲᠢᠩᠬᠢᠮ ᠤᠨ ᠰᠢᠰᠲ᠋ᠧᠮ ᠤᠨ 6 ᠰᠢᠯᠢᠳᠡᠭ ᠨᠠᠮ ᠤᠨ ᠠᠵᠢᠯ ᠤᠨ ᠠᠵᠢᠯᠲᠠᠨ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠨᠠᠮ ᠤᠨ ᠡᠭᠦᠷ ᠵᠡᠷᠭᠡ 2023 ᠣᠨ ᠤ ᠲᠢᠩᠬᠢᠮ ᠤᠨ ᠰᠢᠰᠲ᠋ᠧᠮ ᠤᠨ 5 ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠥᠬᠢᠭᠦᠯᠦᠨ ᠰᠠᠶᠢᠰᠢᠶᠠᠪᠠ᠃  ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠬᠥᠩ ᠸᠧᠢ ᠴᠦᠨ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠯᠢᠦ ᠴᠧᠩ ᠮᠢᠨ᠂ ᠨᠡᠶᠢᠭᠡᠮ ᠤᠨ ᠶᠠᠪᠤᠳᠠᠯ ᠤᠨ ᠭᠠᠵᠠᠷ ᠤᠨ ᠳᠠᠷᠤᠭ᠎ᠠ ᠯᠢ ᠭᠦᠸᠧ ᠫᠢᠩ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠭᠠᠵᠠᠷ ᠤᠨ ᠳᠠᠷᠤᠭ᠎ᠠ ᠰᠢᠦᠢ ᠵᠢᠶᠠᠩ ᠬᠤᠸᠠ ᠨᠠᠷ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ︽ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ︾ ᠴᠢᠬᠤᠯᠠ ᠱᠠᠭᠠᠷᠳᠠᠯᠭ᠎ᠠ ᠶᠢ ᠰᠤᠷᠤᠯᠴᠠᠬᠤ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃    ᠲᠢᠩᠭᠢᠮ ᠤᠨ ᠤᠳᠤᠷᠢᠳᠤᠯᠭ᠎ᠠ  ︽ᠰᠢ ᠶᠢᠨ ᠫᠢᠡᠭ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ   ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠲᠤᠮᠤ ᠶᠠᠪᠤᠳᠠᠯ ᠢ ᠬᠦᠴᠦᠯᠡᠨ ᠠᠬᠢᠭᠤᠯᠬᠤ ᠳᠤᠮᠳᠠ ᠠᠷᠠᠳ ᠤᠨ ᠶᠠᠪᠤᠳᠠᠯ ᠤᠨ ᠬᠢᠨ ᠤ ᠬᠠᠷᠢᠭᠤᠴᠠᠯᠭ᠎ᠠ ᠪᠠ ᠠᠷᠠᠳ ᠤᠨ ᠶᠠᠪᠤᠳᠠᠯ ᠤᠨ ᠬᠢᠨ ᠤ ᠵᠢᠳᠬᠦᠯ ᠴᠢᠷᠮᠠᠶᠢᠯᠭ᠎ᠠ ᠶᠢ ᠢᠯᠡᠷᠡᠬᠦᠯᠰᠤᠬᠡᠢ︾ ᠭᠡᠬᠦ ᠰᠡᠳᠦᠪ ᠢᠶᠠᠷ ᠲᠢᠩᠬᠢᠮ ᠤᠨ ᠰᠢᠰᠲ᠋ᠧᠮ ᠤᠨ ᠪᠦᠬᠦ ᠨᠠᠮ ᠤᠨ ᠭᠡᠰᠢᠭᠦᠨ ᠳᠤ ᠲᠤᠰᠬᠠᠢ ᠰᠡᠳᠦᠪᠲᠦ ᠨᠠᠮ ᠤᠨ ᠬᠢᠴᠢᠶᠡᠯ ᠤᠷᠤᠬᠰᠠᠨ ᠪᠠᠶᠢᠨ᠎ᠠ᠃   ᠲᠢᠩᠭᠢᠮ ᠤᠨ ᠤᠳᠤᠷᠢᠳᠤᠯᠭ᠎ᠠ ᠵᠢᠭᠠᠬᠰᠠᠨ ᠨᠢ᠂ ᠨᠠᠮ ᠤᠨ ᠬᠢᠴᠢᠶᠡᠯ ᠵᠢᠭᠠᠬᠤ ᠶᠢᠨ ᠵᠣᠷᠢᠯᠭ᠎ᠠ ᠨᠢ ᠲᠡᠷᠢᠭᠦᠨ ᠤ  ᠬᠢ ᠶᠢ ᠬᠥᠬᠢᠭᠦᠯᠦᠨ ᠰᠠᠶᠢᠰᠢᠶᠠᠵᠤ᠂ ᠲᠡᠮᠡᠴᠡᠯ ᠤᠨ ᠵᠣᠷᠢᠭ ᠢ ᠬᠥᠪᠴᠢᠯᠡᠬᠦ ᠶᠢᠨ ᠲᠥᠯᠥᠭᠡ ᠶᠤᠮ᠂ ᠦᠯᠢᠭᠡᠷ ᠳᠠᠭᠤᠷᠢᠶᠠᠯ ᠤᠨ ᠵᠢᠱᠢᠶ᠎ᠡ ᠦᠵᠡᠭᠦᠯᠬᠦ ᠦᠢᠯᠡᠳᠦᠯ ᠢᠶᠠᠷ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠡᠷᠡᠰ ᠪᠠᠲᠤ ᠬᠦᠰᠡᠯᠡᠩ᠂ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ ᠪᠠ ᠦᠢᠯᠡᠳᠦᠯᠭᠡ ᠶᠢ ᠵᠢᠯᠤᠭᠤᠳᠬᠤ᠂ ᠠᠵᠢᠯ ᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠬᠤᠶᠠᠷ  ᠲᠤᠮᠤ ᠶᠠᠪᠤᠳᠠᠯ ᠳᠤ ᠬᠢ ᠠᠷᠠᠳ ᠤᠨ ᠶᠠᠪᠤᠳᠠᠯ ᠤᠨ ᠬᠢᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠳᠤ ᠬᠤᠯᠪᠣᠭᠳᠠᠬᠤ ᠨᠠᠶᠢᠳᠠᠪᠤᠷᠢᠵᠢᠭᠤᠯᠤᠯᠲᠠ ᠶᠢ ᠨᠡᠩ ᠰᠠᠶᠢᠲᠤᠷ ᠠᠬᠢᠭᠤᠯᠵᠤ᠂ ᠠᠷᠠᠳ ᠤᠨ ᠶᠠᠪᠤᠳᠠᠯ ᠤᠨ ᠦᠢᠯᠡᠰ ᠤᠨ  ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃   ᠲᠢᠩᠭᠢᠮ ᠤᠨ ᠤᠳᠤᠷᠢᠳᠤᠯᠭ᠎ᠠ ᠴᠢᠬᠤᠯᠠᠴᠢᠯᠠᠭᠰᠠᠨ ᠨᠢ᠂ ᠲᠢᠩᠬᠢᠮ ᠤᠨ ᠰᠢᠰᠲ᠋ᠧᠮ ᠤᠨ ᠨᠠᠮ ᠤᠨ ᠬᠡᠰᠢᠬᠦᠳ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠪᠣᠯᠣᠨ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠢᠬᠤᠯᠠ  ᠶᠠᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠲᠤᠮᠤ ᠶᠠᠪᠤᠳᠠᠯ ᠢ ᠪᠡᠶᠡᠯᠡᠭᠦᠯᠬᠦ ᠶᠢ ᠠᠬᠢᠭᠤᠯᠬᠤ ᠶᠠᠪᠤᠴᠠ ᠳᠤ ᠬᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠤ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠭᠦᠨᠵᠡᠭᠡᠢ ᠲᠣᠳᠣᠷᠬᠠᠶᠢᠯᠠᠵᠤ᠂ ᠭᠤᠣᠯᠳᠠᠯᠭ᠎ᠠ᠂ ᠠᠬᠢᠭᠤᠯᠬᠤ ᠠᠷᠭ᠎ᠠ ᠬᠡᠯᠪᠡᠷᠢ᠂ ᠠᠵᠢᠯ ᠤᠨ ᠵᠠᠷᠴᠢᠮ ᠲᠡᠬᠡᠷ᠎ᠡ ᠬᠦᠴᠦ ᠲᠠᠯᠪᠢᠵᠤ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠬᠦᠭᠵᠢᠯᠳᠡ ᠶᠢᠨ ᠶᠡᠭᠡ ᠲᠠᠯ᠎ᠠ ᠳᠤ ᠨᠡᠩ ᠰᠠᠶᠢᠲᠤᠷ ᠦᠢᠯᠡᠴᠢᠯᠡᠵᠦ ᠠᠭᠤᠰᠤᠯᠴᠠᠭᠤᠯᠬᠤ ᠬᠡᠷᠡᠭᠲᠡᠢ᠃ ᠰᠤᠷᠤᠯᠴᠠᠬᠤ ᠰᠡᠳᠬᠢᠬᠦ ᠬᠡᠷᠡᠭᠯᠡᠬᠦ ᠶᠢ  ᠤᠶᠠᠯᠳᠣᠭᠤᠯᠬᠤ᠂ ᠮᠡᠳᠡᠬᠦ ᠢᠲᠡᠭᠡᠬᠦ ᠬᠢᠬᠦ ᠶᠢ ᠨᠢᠬᠡᠳᠬᠡᠬᠦ ᠶᠢ ᠪᠠᠷᠢᠮᠲᠠᠯᠠᠵᠤ᠂ 《ᠲᠠᠪᠤᠨ ᠶᠡᠭᠡ ᠡᠭᠦᠷᠭᠡ 》 ᠶᠢ ᠪᠡᠶᠡᠯᠡᠭᠦᠯᠬᠦ ᠪᠠᠷ ᠠᠵᠠ ᠲᠣᠬᠢᠶᠠᠯ ᠪᠣᠯᠭᠠᠵᠤ᠂ ᠠᠷᠠᠳ ᠤᠨ ᠶᠠᠪᠤᠳᠠᠯ ᠤᠨ ᠠᠵᠢᠯ ᠤᠨ ᠤᠶᠠᠯᠳᠤᠯ ᠤᠨ ᠴᠡᠭ ᠪᠠ ᠪᠠᠷᠢᠴᠨ ᠶᠢ ᠰᠠᠨᠠᠭᠠᠴᠢᠯᠠᠭ᠎ᠠ ᠠᠴᠠ ᠪᠠᠨ ᠣᠨᠣᠪᠴᠢᠲᠠᠢ ᠡᠷᠢᠵᠦ᠂ ᠢᠳᠡᠪᠬᠢᠳᠡᠢ ᠬᠦᠳᠡᠯᠤᠩᠭᠦᠢ ᠦᠢᠯᠡᠴᠢᠯᠡᠭᠡ ᠪᠠᠷ ᠥᠪᠡᠷᠲᠡᠭᠡᠨ ᠵᠠᠰᠠᠬᠤ ᠣᠷᠣᠨ ᠤ ᠬᠤᠶᠠᠷ ᠲᠤᠮᠤ ᠶᠠᠪᠤᠳᠠᠯ ᠳᠤ  ᠠᠭᠤᠰᠤᠯᠴᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠤ ᠪᠦᠲᠦᠭᠡᠨ ᠪᠠᠶᠢᠭᠤᠯᠤᠯᠲᠠ ᠶᠢ ᠠᠷᠠᠳ ᠤᠨ ᠶᠠᠪᠤᠳᠠᠯ ᠤᠨ ᠠᠵᠢᠯ ᠤᠨ ᠡᠯ᠎ᠡ ᠬᠦᠷᠢᠶ᠎ᠡ ᠡᠯ᠎ᠡ ᠲᠠᠯ᠎ᠠ ᠳᠤ ᠬᠦᠷᠲᠡᠯ᠎ᠡ ᠤᠬᠠᠮᠰᠠᠷ ᠠᠴᠠ ᠪᠠᠨ ᠥᠷᠭᠡᠳᠬᠡᠬᠦ ᠬᠡᠷᠡᠭᠲᠡᠢ᠃    ᠲᠢᠩᠭᠢᠮ ᠤᠨ ᠤᠳᠤᠷᠢᠳᠤᠯᠭ᠎ᠠ ᠱᠠᠭᠠᠷᠳᠠᠭᠰᠠᠨ ᠨᠢ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ ᠦᠢᠯᠡᠳᠦᠯ ᠢᠶᠠᠨ ᠪᠠᠳᠠᠷᠠᠭᠤᠯᠵᠤ᠂ ᠠᠷᠠᠳ ᠤᠨ ᠠᠮᠢᠳᠤᠷᠠᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠤᠨ ᠲᠣᠣᠷ ᠢ ᠤᠯᠠᠮ ᠨᠢᠭᠲᠠ ᠪᠠᠲᠤ ᠰᠦᠯᠵᠢᠵᠦ᠂ ᠬᠦᠴᠢᠷᠳᠡᠯᠲᠡᠢ ᠤᠯᠠᠨ ᠲᠦᠮᠡᠨ ᠤ ᠲᠤᠰᠠᠯᠠᠮᠵᠢ ᠶᠢᠨ ᠪᠠᠳᠤᠯᠠᠭ᠎ᠠ ᠶᠢᠨ ᠪᠠᠷᠢᠮᠵᠢᠶ᠎ᠠ ᠶᠢᠨ ᠬᠥᠳᠡᠯᠦᠩᠭᠦᠢ ᠪᠠᠶᠢᠳᠠᠯ ᠢ ᠲᠤᠬᠢᠷᠠᠭᠤᠯᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠨᠳᠦᠰᠦᠨ ᠪᠠᠳᠤᠯᠠᠭ᠎ᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠯᠤᠭ᠎ᠠ ᠪᠦᠲᠦᠮᠵᠢᠲᠡᠢ ᠵᠣᠯᠭᠠᠭᠤᠯᠬᠤ ᠶᠢ ᠪᠠᠬᠢᠵᠢᠭᠦᠯᠦᠨ ᠥᠷᠭᠡᠳᠬᠡᠵᠦ᠂ ᠨᠡᠶᠢᠭᠡᠮ ᠤᠨ ᠠᠰᠠᠷᠠᠮᠵᠢ ᠶᠢᠨ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠬᠦᠴᠢᠷᠳᠡᠯᠲᠡᠢ ᠤᠯᠠᠨ ᠲᠦᠮᠡᠨ ᠢ ᠨᠡᠩ ᠬᠦᠷᠲᠡᠮᠵᠢ ᠶᠢᠨ ᠲᠥᠷᠥᠭᠳᠡᠯ ᠲᠠᠢ᠂ ᠨᠡᠩ ᠵᠣᠯ ᠵᠢᠷᠭᠠᠯᠲᠤ ᠲᠥᠷᠥᠭᠳᠡᠯ᠂ ᠨᠡᠩ ᠠᠮᠤᠷ ᠠᠮᠤᠭᠤᠯᠠᠩ ᠲᠥᠷᠥᠭᠳᠡᠯ ᠲᠠᠢ ᠪᠤᠯᠭᠠᠬᠤ ᠬᠡᠷᠡᠭᠳᠡᠢ᠃ ᠠᠷᠠᠳ ᠤᠨ ᠶᠠᠪᠤᠳᠠᠯ ᠤᠨ ᠬᠦᠷᠢᠶ᠎ᠡ ᠴᠠᠷᠠᠭᠠᠨ ᠳᠤ ᠬᠢ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠪᠣᠳᠠᠲᠠᠢ ᠠᠳᠬᠤᠵᠤ᠂ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠦᠷᠭᠦᠯᠵᠢᠯᠡᠨ ᠴᠢᠩᠭ᠎ᠠ ᠠᠳᠬᠤᠵᠤ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠠᠷᠠᠳ ᠤᠨ ᠶᠠᠪᠤᠳᠠᠯ ᠤᠨ ᠬᠦᠷᠢᠶ᠎ᠡ ᠴᠠᠷᠠᠭᠠᠨ ᠤ ᠠᠳᠡᠯ ᠭᠠᠷᠬᠤ ᠠᠴᠠ ᠡᠷᠡᠰ ᠬᠤᠷᠢᠭᠯᠠᠬᠤ ᠬᠡᠷᠡᠭᠲᠡᠢ᠃ ᠠᠷᠠᠳ ᠤᠨ ᠶᠠᠪᠤᠳᠠᠯ ᠤᠨ ᠬᠦᠷᠢᠶ᠎ᠡ ᠴᠠᠷᠠᠭ᠎ᠠ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠦᠷᠢᠶ᠎ᠡ ᠴᠠᠷᠠᠭᠠᠨ ᠤ ᠤᠯᠤᠰ ᠲᠦᠷᠦ ᠶᠢᠨ ᠠᠮᠤᠷ ᠲᠦᠪᠰᠢᠨ ᠤ ᠤᠬᠠᠮᠰᠠᠷ ᠢ ᠤᠯᠠᠮ ᠳᠡᠭᠡᠭᠰᠢᠯᠡᠭᠦᠯᠵᠦ᠂ ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠨᠠᠷᠢᠨ ᠪᠣᠳᠠᠲᠠᠢ ᠠᠳᠬᠤᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠴᠢᠷᠮᠠᠶᠢᠨ ᠰᠡᠷᠬᠡᠶᠢᠯᠡᠬᠦ ᠬᠡᠷᠡᠭᠳᠡᠢ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠣᠷᠣᠰᠢᠭᠤᠯᠭ᠎ᠠ ᠶᠢᠨ  ᠬᠦᠷᠢᠶ᠎ᠡ ᠴᠠᠷᠠᠭᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢ ᠴᠢᠨᠠᠭᠰᠢᠳᠠ ᠴᠢᠩᠭᠠᠳᠬᠠᠵᠤ᠂ ᠲᠣᠭᠲᠠᠭᠠᠯ ᠠᠴᠠ  ᠵᠦᠷᠢᠴᠡᠨ ᠪᠠᠶᠢᠭᠤᠯᠤᠬᠰᠠᠨ ᠤᠡᠭᠭᠤᠨ ᠤ ᠭᠠᠵᠠᠷ ᠢ  ᠴᠦᠬᠡᠳᠬᠡᠬᠦ᠂ ᠨᠡᠮᠡᠭᠳᠡᠯ ᠢ ᠬᠢᠵᠠᠭᠠᠷᠯᠠᠬᠤ ᠠᠵᠢᠯ ᠢ ᠦᠷᠬᠦᠯᠵᠢᠯᠡᠨ ᠠᠬᠢᠭᠤᠯᠵᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠬᠤᠭᠤᠰᠤᠨ ᠢ ᠨᠦᠬᠦᠪᠤᠷᠢᠯᠡᠬᠦ ᠶᠢ ᠦᠷᠭᠦᠯᠵᠢᠯᠡᠨ ᠲᠦᠷᠬᠡᠳᠬᠡᠵᠤ᠂ ᠭᠠᠵᠠᠷ ᠠᠷᠪᠢᠯᠠᠬᠤ ᠠᠮᠢ ᠠᠬᠤᠢ ᠶᠢᠨ ᠣᠷᠣᠰᠢᠭᠤᠯᠭ᠎ᠠ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠬᠤ ᠬᠡᠷᠡᠭᠲᠡᠢ᠃ ᠣᠷᠴᠢᠨ ᠠᠬᠤᠢ ᠶᠢᠨ ᠬᠠᠮᠠᠭᠠᠯᠠᠯᠲᠠ ᠶᠢᠨ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠣᠶᠢᠵᠢᠭᠤᠯᠤᠨ ᠲᠡᠳᠬᠦᠬᠦ ᠪᠠ ᠶᠡᠷᠤᠩᠭᠡᠶᠢᠯᠡᠭᠰᠡᠨ ᠬᠢᠨᠠᠯᠳᠠ ᠬᠠᠮᠢᠶᠠᠷᠤᠯᠳᠠ ᠶᠢ ᠤᠯᠠᠮ ᠴᠢᠩᠭᠠᠳᠬᠠᠵᠤ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠢᠭᠤᠳ ᠳᠠᠩᠰᠠᠯᠠᠬᠤ ᠳᠦᠷᠢᠮ ᠢ ᠪᠠᠶᠢᠭᠤᠯᠵᠤ᠂ ᠨᠠᠷᠢᠯᠢᠭ ᠣᠨᠣᠴᠠᠲᠠᠢ ᠪᠠᠷ ᠵᠣᠯᠭᠠᠭᠤᠯᠬᠤ ᠦᠢᠯᠡᠴᠢᠯᠡᠭᠡ ᠪᠠ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠢ  ᠨᠠᠶᠢᠳᠠᠪᠤᠷᠢᠵᠢᠭᠤᠯᠬᠤ ᠬᠡᠷᠡᠭᠳᠡᠢ᠃ ︽ᠬᠤᠶᠠᠷ ᠰᠠᠭᠤᠷᠢᠨ︾ ︽ᠨᠢᠭᠡ ᠪᠠᠬᠢᠯᠡᠯᠲᠡ︾ ᠶᠢ ᠪᠠᠶᠢᠭᠤᠯᠬᠤ ᠶᠢᠨ ᠲᠣᠭᠤᠷᠢᠨ ᠳᠤ ᠢᠳᠡᠪᠬᠢᠲᠡᠢ ᠪᠠᠷ ᠦᠢᠯᠡᠴᠢᠯᠡᠬᠦ ᠶᠢᠨ ᠲᠣᠭᠤᠷᠢᠨ ᠳᠤ ᠠᠭᠤᠰᠤᠯᠴᠠᠵᠤ᠂ ᠡᠯ᠎ᠡ ᠱᠠᠲᠤᠨ ᠤ ᠡᠯ᠎ᠡ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠠᠶᠢᠨ ᠳᠤᠷ᠎ᠠ ᠶᠢᠨ ᠵᠣᠬᠢᠶᠠᠨ ᠪᠠᠶᠢᠭᠤᠯᠤᠯᠲᠠ᠂ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢ ᠥᠷᠭᠡᠨ ᠢᠶᠠᠷ ᠳᠠᠶᠢᠴᠢᠯᠠᠨ ᠵᠢᠯᠤᠭᠤᠳᠴᠤ ᠪᠠᠶᠢᠭᠠᠳ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠥᠨᠳᠥᠷ ᠲᠦᠪᠰᠢᠨ ᠢᠶᠠᠷ ᠭᠠᠳᠠᠭᠰᠢ ᠨᠡᠭᠡᠭᠡᠯᠲᠡ ᠬᠢᠬᠦ ᠵᠡᠷᠭᠡ ᠠᠵᠢᠯ ᠳᠤ ᠢᠳᠡᠪᠬᠢᠲᠡᠢ ᠣᠷᠣᠯᠴᠠᠭᠤᠯᠵᠤ᠂ ︽ᠲᠠᠪᠤᠨ ᠨᠡᠶᠢᠬᠡᠮ ᠬᠤᠯᠪᠤᠭᠠᠯᠠᠨ ᠬᠥᠳᠡᠯᠦᠯᠴᠡᠬᠦ︾᠂ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ᠂ ᠭᠠᠵᠠᠷ ᠤᠨ ᠨᠡᠷᠡᠰ ᠤᠨ ᠬᠠᠮᠢᠶᠠᠷᠤᠯᠲᠠ ᠵᠡᠷᠭᠡ ᠶᠢ ᠭᠦᠢᠴᠡᠳ ᠠᠰᠢᠭᠯᠠᠨ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂  ᠴᠢᠨᠠᠷᠯᠢᠭ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠤᠨ ᠠᠰᠠᠭᠤᠳᠠᠯ ᠢ ᠬᠠᠮᠳᠤ ᠪᠠᠷ ᠰᠢᠢᠳᠪᠤᠷᠢᠯᠡᠬᠦ ᠬᠡᠷᠡᠭᠳᠡᠢ᠃ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ ᠬᠥᠭᠵᠢᠯᠲᠡ ᠶᠢ ᠠᠬᠢᠭᠤᠯᠵᠤ᠂ ︽ᠰᠢᠨ᠎ᠡ ᠴᠠᠭ ᠦᠶ᠎ᠡ᠂ ᠰᠢᠨ᠎ᠡ ᠨᠡᠶᠢᠭᠡᠮ ᠲᠣᠭᠤᠷᠢᠭ᠂ ᠰᠢᠨ᠎ᠡ ᠠᠮᠢᠳᠤᠷᠠᠯ︾ ᠤᠨ ᠦᠢᠯᠡᠴᠢᠯᠡᠭᠡᠨ ᠤ ᠵᠠᠰᠠᠯᠲᠠ ᠶᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢ ᠥᠷᠨᠢᠭᠦᠯᠬᠦ ᠪᠠ ︽2121︾ ᠢᠨᠵᠧᠨᠧᠷᠢᠩ ᠢ ᠬᠡᠷᠡᠭᠵᠢᠭᠦᠯᠬᠦ ᠪᠠᠷ ᠭᠤᠣᠯ ᠪᠠᠷᠢᠴᠨ ᠪᠣᠯᠭᠠᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠳᠤᠮᠳᠠ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠠᠷᠠᠳ ᠤᠨ ᠶᠠᠪᠤᠳᠠᠯ ᠤᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠦᠷᠢᠯᠡᠵᠦ᠂ ᠭᠡᠷ ᠲᠤ ᠨᠢ ᠬᠦᠷᠴᠤ ᠠᠰᠠᠷᠠᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠡᠰ ᠲᠡᠪᠰᠢᠬᠦᠯᠬᠦ ᠶᠢ ᠠᠬᠢᠭᠤᠯᠬᠤ ᠬᠡᠷᠡᠭᠳᠡᠢ᠃ ᠤᠯᠤᠰ ᠤᠨ ᠣᠷᠤᠭ ᠲᠠᠩᠰᠠᠯᠠᠯᠳᠠ ᠶᠢ ᠮᠤᠵᠢ ᠠᠯᠤᠰᠯᠠᠨ ᠲᠤᠭᠤᠰᠢᠳᠠᠢ ᠭᠦᠢᠴᠡᠳᠬᠡᠬᠦ ᠲᠤᠬᠠᠢ ᠮᠤᠵᠢ ᠶᠢᠨ ᠱᠠᠲᠤᠨ ᠤ ᠲᠤᠷᠰᠢᠯᠲᠠ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠣᠷᠤᠭ ᠲᠠᠩᠰᠠᠯᠠᠯᠳᠠ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠲᠡᠭᠡᠭᠰᠢᠯᠡᠬᠦᠯᠬᠦ ᠬᠡᠷᠡᠭᠳᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠢ ᠭᠠᠴᠠᠭ᠎ᠠ ᠲᠣᠰᠬᠤᠨ ᠤ ᠨᠡᠶᠢᠭᠡᠮ ᠲᠣᠭᠤᠷᠢᠭ ᠲᠤ ᠣᠷᠣᠭᠤᠯᠬᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠣᠷᠣᠭᠤᠯᠬᠤ᠂ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠪᠠ ᠦᠢᠯᠡᠴᠢᠯᠡᠭᠡᠨ ᠤ ᠲᠠᠯᠠᠪᠤᠷ ᠲᠤ ᠣᠷᠣᠭᠤᠯᠬᠤ ᠶᠢ ᠠᠬᠢᠭᠤᠯᠵᠤ᠂ ᠠᠵᠢᠯᠯᠠᠭ᠎ᠠ ᠶᠢᠨ ᠢᠯᠡ ᠲᠣᠳᠣ ᠲᠥᠷᠥᠭᠳᠡᠯ ᠲᠠᠢ ᠪᠥᠭᠡᠳ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃《 ᠮᠣᠩᠭᠤᠯ ᠮᠣᠷᠢᠨ ᠤ ᠵᠣᠷᠢᠭ ᠰᠠᠨᠠᠭ᠎ᠠ 》 ᠶᠢ ᠶᠡᠭᠡ ᠪᠠᠷ ᠪᠠᠳᠠᠷᠠᠭᠤᠯᠵᠤ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠪᠠᠷ ᠳᠠᠮᠵᠢᠭᠤᠯᠤᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠭᠦᠨᠵᠡᠭᠡᠶᠢᠷᠡᠭᠦᠯᠬᠦ᠂ ᠳᠣᠲᠣᠭᠰᠢᠯᠠᠭᠤᠯᠬᠤ᠂ ᠤᠯᠠᠷᠢᠭᠤᠯᠬᠤ ᠶᠢ ᠠᠬᠢᠭᠤᠯᠵᠤ᠂ ᠤᠯᠤᠰ ᠲᠦᠷᠦ ᠶᠢᠨ ᠴᠢᠳᠠᠪᠤᠷᠢ᠂ ᠰᠡᠳᠬᠢᠮᠵᠢ ᠶᠢᠨ ᠴᠢᠳᠠᠪᠤᠷᠢ᠂ ᠦᠢᠯᠡᠳᠦᠯᠭᠡ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠦᠢᠯᠡᠰ ᠢ ᠬᠥᠮᠥᠨ ᠪᠦᠳᠤᠬᠡᠬᠦ᠂ ᠠᠵᠢᠯ ᠢ ᠬᠢᠬᠦ ᠳᠤ ᠪᠤᠢ ᠬᠡᠬᠦ ᠠᠵᠢᠯ ᠤᠨ ᠤᠶᠢᠯᠠᠭᠠᠬᠳᠠᠬᠤᠨ ᠢ ᠪᠤᠢ ᠪᠤᠯᠭᠠᠵᠤ᠂ ᠵᠣᠷᠢᠭᠲᠠᠢ ᠰᠡᠳᠬᠢᠵᠦ ᠵᠣᠷᠢᠭᠲᠠᠢ ᠬᠢᠬᠦ᠂ ᠵᠣᠷᠢᠭᠲᠠᠢ ᠬᠢᠵᠦ ᠵᠣᠷᠢᠭᠲᠠᠢ ᠲᠡᠮᠡᠴᠡᠬᠦ ᠠᠵᠢᠯ ᠤᠨ ᠡᠷᠴᠢ ᠵᠣᠷᠢᠭ ᠢ ᠪᠠᠳᠠᠷᠠᠭᠤᠯᠤᠨ᠂ ᠬᠠᠷᠠᠯᠲᠠ  ᠳᠤ ᠪᠠᠨ ᠠᠩᠬᠠᠷᠤᠯ ᠢᠶᠠᠨ ᠲᠥᠪᠯᠡᠷᠡᠭᠦᠯᠦᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠯᠠᠪᠳᠠᠭᠤᠨ ᠪᠠᠲᠤᠲᠠᠢ ᠤᠷᠤᠭᠰᠢᠯᠠᠨ ᠲᠠᠪᠰᠢᠬᠤ ᠬᠡᠷᠡᠭᠲᠡᠢ᠃ ᠪᠣᠳᠠᠲᠠᠢ ᠶᠢ ᠡᠷᠬᠢᠮᠯᠡᠬᠦ ᠰᠤᠷᠲᠠᠯ ᠢ ᠶᠡᠭᠡ ᠪᠠᠷ ᠪᠠᠳᠠᠷᠠᠭᠤᠯᠵᠤ᠂ ᠠᠷᠢᠭᠤᠨ ᠴᠢᠭᠴᠢ ᠰᠤᠷᠲᠠᠯ ᠢ ᠪᠠᠳᠠᠷᠠᠭᠤᠯᠵᠤ᠂ ᠠᠷᠪᠢᠴᠢ ᠪᠣᠷᠣᠭᠵᠢᠭᠤᠨ ᠰᠤᠷᠲᠠᠯ ᠢ ᠪᠤᠢ ᠪᠣᠯᠭᠠᠵᠤ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠠᠬᠢᠴᠠ ᠶᠢ ᠴᠢᠩᠭ᠎ᠠ ᠠᠩᠬᠠᠷᠴᠤ᠂ ᠲᠠᠩᠰᠠ ᠮᠡᠳᠡᠭᠦᠯᠬᠦ ᠤᠬᠠᠮᠰᠠᠷ ᠢᠶᠠᠨ ᠴᠢᠩᠭᠠᠳᠬᠠᠵᠤ᠂ ᠦᠷ᠎ᠡ ᠪᠦᠲᠦᠮᠵᠢ ᠶᠢ ᠴᠢᠩᠭ᠎ᠠ ᠠᠩᠬᠠᠷᠴᠤ᠂  ᠡᠪᠬᠡᠮᠡᠯ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠡᠷᠴᠢ ᠵᠣᠷᠢᠭ ᠢᠶᠠᠨ ᠬᠤᠷᠴᠠᠯᠠᠨ ᠶᠠᠰᠤ ᠴᠢᠨᠠᠷ᠂ ᠦᠷ᠎ᠡ ᠪᠦᠲᠦᠮᠵᠢ ᠶᠢ ᠨᠢ ᠳᠡᠭᠡᠭᠰᠢᠯᠡᠭᠦᠯᠬᠦ ᠲᠡᠭᠦᠰ ᠲᠡᠭᠦᠯᠳᠡᠷ ᠪᠠᠶᠢᠳᠠᠯ ᠢᠶᠠᠷ ᠠᠵᠢᠯ ᠬᠢᠵᠦ ᠦᠢᠯᠡᠰ ᠪᠤᠰᠬᠠᠨ᠂ ᠠᠷᠠᠳ ᠤᠨ ᠶᠠᠪᠤᠳᠠᠯ ᠤᠨ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠬᠡᠷᠡᠭᠲᠡᠢ᠃  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠶᠢᠰᠦᠳᠦᠭᠡᠷ ᠲᠣᠭᠤᠷᠢᠨ ᠵᠢᠯᠤᠭᠤᠳᠬᠤ ᠳᠤᠭᠤᠶᠢᠯᠠᠩ ᠤᠨ ᠪᠦᠷᠢᠯᠳᠦᠭᠦᠨ ᠵᠤᠤ ᠬᠤᠩ ᠸᠧᠢ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠭᠤᠷᠢᠨ ᠪᠠᠶᠢᠴᠠᠭᠠᠭᠴᠢ᠂ ᠲᠢᠩᠬᠢᠮ ᠤᠨ ᠪᠠᠶᠢᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷ᠂ ᠲᠢᠩᠬᠢᠮ ᠤᠨ ᠰᠢᠭᠤᠳ ᠬᠠᠷᠢᠶ᠎ᠠ ᠠᠵᠢᠯ ᠦᠢᠯᠡᠰ ᠤᠨ ᠨᠢᠬᠡᠴᠢ ᠶᠢᠨ ᠰᠠᠯᠠᠭᠠᠨ ᠤ ᠲᠡᠰ ᠠᠴᠠ ᠳᠡᠭᠡᠭᠰᠢᠬᠢ ᠺᠠᠳ᠋ᠷ 100 ᠭᠠᠷᠤᠢ ᠬᠥᠮᠥᠨ ᠲᠤᠰ ᠠᠵᠢᠯᠯᠠᠭ᠎ᠠ ᠳᠤ ᠤᠷᠤᠯᠴᠠᠵᠠᠢ᠃  
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号