ᠥᠪᠡᠷᠲᠡᠭᠡᠨ ᠵᠠᠰᠠᠬᠤ ᠣᠷᠣᠨ ᠤ ᠡᠷᠡᠭᠦᠯᠵᠢᠯ ᠤᠨ ᠲᠤᠰᠠᠯᠠᠬᠤ ᠪᠠᠭᠠᠵᠢ  ᠶᠢᠨ ᠲᠥᠪ ᠤᠨ ᠬᠢᠨ ︽ᠰᠡᠳᠬᠢᠯ ᠢᠶᠠᠨ ᠨᠢᠭᠡᠳᠬᠡᠨ ᠰᠦᠭ ᠰᠦᠨᠡᠰᠦ ᠶᠢ ᠱᠤᠭᠤᠵᠤ᠂ ᠦᠨᠳᠦᠰᠦ ᠶᠢ ᠪᠠᠲᠤᠳᠬᠠᠨ ᠦᠨᠡᠨᠴᠢ ᠰᠢᠳᠤᠷᠭᠤ᠂ ᠪᠣᠳᠠᠲᠠᠢ ᠪᠠᠷ ᠠᠵᠢᠯᠯᠠᠵᠤ ᠬᠠᠷᠢᠭᠤᠴᠠᠯᠭ᠎ᠠ ᠪᠠᠨ ᠢᠯᠡᠷᠡᠭᠦᠯᠬᠦ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/21
   ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠦᠷᠨᠢᠬᠦᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠬᠤᠪᠢᠰᠬᠠᠯᠲᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠨᠠᠮ ᠤᠨ ᠭᠡᠰᠢᠭᠦᠨ ᠤ ᠡᠬᠦᠷᠬᠡ ᠬᠠᠷᠢᠭᠤᠴᠠᠯᠭᠠᠲᠤ ᠰᠡᠳᠬᠢᠯᠭᠡ ᠶᠢ ᠴᠢᠩᠭᠠᠳᠬᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠤᠯᠠᠮ ᠪᠠᠳᠤᠳᠬᠠᠬᠤ ᠶᠢᠨ ᠲᠦᠯᠤᠬᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯᠵᠢᠯ ᠤᠨ ᠲᠤᠰᠠᠯᠠᠬᠤ ᠪᠠᠭᠠᠵᠢ  ᠶᠢᠨ ᠲᠥᠪ ᠤᠨ ᠬᠢᠨ᠂ 6 ᠳ᠋ᠤᠭᠠᠷ ᠰᠠᠷ᠎ᠠ ᠶᠢᠨ 16  ᠤ ᠡᠳᠦᠷ ᠨᠠᠮ ᠤᠨ ᠭᠡᠰᠢᠭᠦᠨ ᠪᠣᠯᠣᠨ ᠵᠠᠯᠠᠭᠤ ᠺᠠᠳ᠋ᠷᠴᠤᠳ ᠢ ᠵᠣᠬᠢᠶᠠᠨ ᠪᠠᠶᠢᠭᠤᠯᠤᠨ ᠪᠤᠭᠤᠲᠤ ᠬᠤᠳᠠ ᠶᠢᠨ ᠲᠦᠮᠡᠳ ᠪᠠᠷᠠᠭᠤᠨ ᠬᠤᠰᠢᠭᠤᠨ ᠤ ᠴᠡᠯᠡᠭᠡᠷ ᠲᠠᠯ᠎ᠠ ᠮᠦᠽᠧᠢ ᠳᠤ ︽ᠰᠡᠳᠬᠢᠯ ᠢᠶᠠᠨ ᠨᠢᠭᠡᠳᠬᠡᠨ ᠰᠦᠭ ᠰᠦᠨᠡᠰᠦ ᠶᠢ ᠱᠤᠭᠤᠵᠤ᠂ ᠦᠨᠳᠦᠰᠦ ᠶᠢ ᠪᠠᠲᠤᠳᠬᠠᠨ ᠦᠨᠡᠨᠴᠢ ᠰᠢᠳᠤᠷᠭᠤ᠂ ᠪᠣᠳᠠᠲᠠᠢ ᠪᠠᠷ ᠠᠵᠢᠯᠯᠠᠵᠤ ᠬᠠᠷᠢᠭᠤᠴᠠᠯᠭ᠎ᠠ ᠪᠠᠨ ᠢᠯᠡᠷᠡᠭᠦᠯᠬᠦ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠡᠢ᠃   ᠨᠠᠮ ᠤᠨ ᠭᠡᠰᠢᠭᠦᠳ ᠲᠠᠶᠢᠯᠪᠤᠷᠢᠯᠠᠭᠴᠢ ᠶᠢᠨ ᠳᠠᠭᠠᠭᠤᠯᠭ᠎ᠠ ᠪᠠᠷ ᠴᠡᠯᠡᠭᠡᠷ ᠲᠠᠯ᠎ᠠ ᠮᠦᠽᠧᠢ ᠶᠢᠨ ᠤᠷᠤᠰᠢᠯ ᠤᠨ ᠲᠢᠩᠬᠢᠮ᠂ ᠲᠡᠤᠬᠡ ᠶᠢᠨ ᠲᠢᠩᠬᠢᠮ᠂ ᠬᠤᠪᠢᠰᠬᠠᠯ ᠤᠨ ᠲᠡᠦᠬᠡ ᠶᠢᠨ ᠲᠢᠩᠬᠢᠮ᠂ ᠠᠷᠠᠳ ᠤᠨ ᠵᠠᠩ ᠦᠢᠯᠡ ᠶᠢᠨ ᠲᠢᠩᠬᠢᠮ ᠢ ᠲᠣᠭᠤᠷᠢᠨ ᠦᠵᠡᠪᠡ᠃  ᠨᠠᠮ ᠤᠨ ᠬᠡᠰᠢᠬᠦᠳ ᠲᠠᠶᠢᠯᠪᠤᠷᠢᠯᠠᠭᠴᠢ ᠶᠢᠨ ᠲᠠᠶᠢᠯᠪᠤᠷᠢᠯᠠᠯᠲᠠ ᠶᠢ ᠬᠢᠨᠠᠮᠠᠭᠠᠢ ᠰᠣᠨᠣᠰᠴᠤ᠂ ᠬᠤᠪᠢᠰᠬᠠᠯ ᠤᠨ ᠨᠥᠭᠴᠢᠭᠰᠡᠨ ᠪᠠᠭᠠᠲᠤᠷᠴᠤᠳ ᠤᠨ ᠴᠢᠰᠤᠲᠤ ᠪᠠᠶᠢᠯᠳᠤᠭᠠᠨ ᠤ ᠭᠠᠶᠢᠬᠠᠮᠰᠢᠭᠲᠤ ᠣᠨ ᠰᠠᠷ᠎ᠠ ᠶᠢ ᠡᠷᠬᠢᠴᠡᠬᠦᠯᠤᠨ᠂  ᠲᠡᠳᠡᠨ ᠤ ᠠᠭᠤᠤ ᠭᠠᠪᠢᠶ᠎ᠠ ᠠᠤᠭ᠎ᠠ ᠵᠢᠳᠬᠦᠯ ᠢ ᠭᠦᠨ᠎ᠡ ᠳᠤᠷᠠᠰᠤᠨ ᠰᠠᠨᠠᠭᠠᠯᠵᠠᠵᠤ᠂ ᠥᠪᠥᠷ ᠮᠣᠩᠭᠤᠯ ᠤᠨ ᠴᠡᠷᠢᠭ ᠠᠷᠠᠳ ᠤᠨ ᠶᠠᠫᠤᠨ ᠢ ᠡᠰᠡᠷᠭᠦᠴᠡᠬᠦ ᠬᠤᠪᠢᠰᠬᠠᠯᠲᠤ ᠲᠡᠮᠡᠴᠡᠯ ᠤᠨ ᠬᠠᠲᠠᠭᠤᠵᠢᠯᠲᠠᠢ ᠥᠩᠭᠡᠷᠡᠯᠲᠡ ᠶᠢ ᠡᠷᠭᠢᠴᠡᠭᠦᠯᠵᠦ᠂ ᠥᠪᠥᠷ ᠮᠣᠩᠭᠤᠯ ᠤᠨ ᠬᠢᠲᠠᠳ ᠮᠣᠩᠭᠤᠯ ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠨᠳᠦᠰᠦᠲᠡᠨ ᠤ ᠠᠷᠠᠳᠴᠢᠯᠠᠭᠰᠠᠨ ᠬᠤᠪᠢᠰᠬᠠᠯ ᠤᠨ ᠲᠡᠮᠡᠴᠡᠯ ᠤᠨ ᠲᠡᠦᠬᠡ ᠶᠢ ᠤᠯᠠᠮ ᠬᠦᠨ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠤᠯᠠᠮᠵᠢᠯᠠᠯ᠂ ᠴᠢᠰᠤ ᠮᠢᠬᠠᠨ ᠤ ᠪᠠᠷᠢᠯᠳᠤᠯᠭ᠎ᠠ ᠪᠠ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠨᠳᠦᠰᠦᠲᠡᠨ ᠤ ᠴᠢᠯᠦᠭᠡᠯᠡᠯᠲᠡ ᠶᠢᠨ ᠦᠢᠯᠡᠰ ᠲᠤ ᠦᠵᠡᠭᠦᠯᠦᠭᠰᠡᠨ ᠪᠠᠯᠠᠷᠠᠰᠢ ᠦᠭᠡᠢ ᠬᠤᠪᠢ ᠨᠡᠮᠡᠷᠢ ᠶᠢ ᠬᠦᠨ᠎ᠡ ᠤᠶᠢᠯᠠᠭᠠᠬᠰᠠᠨ ᠪᠠᠶᠢᠨ᠎ᠠ᠃   ᠡᠨᠡ ᠬᠦ ᠨᠠᠮ ᠤᠨ ᠡᠳᠦᠷ ᠤᠨ ᠠᠵᠢᠯᠯᠠᠭ᠎ᠠ ᠪᠠᠷ ᠨᠠᠮ ᠤᠨ ᠬᠡᠰᠢᠬᠦᠳ ᠤᠨ ᠦᠵᠡᠯ ᠤᠬᠠᠮᠰᠠᠷ ᠪᠠ ᠨᠠᠮᠴᠢ ᠴᠢᠨᠠᠷ ᠤᠨ ᠦᠵᠡᠯᠲᠡ ᠶᠢ ᠤᠯᠠᠮ ᠴᠢᠩᠭᠠᠳᠬᠠᠵᠤ᠂ ᠨᠠᠮ ᠤᠨ ᠬᠡᠰᠢᠬᠦᠳ ᠤᠨ ᠰᠣᠶᠣᠯ ᠤᠨ ᠢᠲᠡᠭᠡᠯ ᠢ ᠨᠡᠮᠡᠭᠳᠡᠭᠦᠯᠵᠦ ᠂ ᠨᠠᠮ ᠤᠨ ᠭᠡᠰᠢᠭᠦᠨ ᠤ ᠨᠠᠮᠴᠢ ᠴᠢᠨᠠᠷ ᠤᠨ ᠪᠣᠯᠪᠠᠰᠤᠷᠠᠯ ᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠭᠦᠨ ᠵᠤᠵᠠᠭᠠᠨ ᠰᠣᠶᠣᠯ ᠤᠨ ᠠᠭᠤᠯᠬᠤᠨ ᠪᠠ ᠥᠪᠡᠷᠮᠢᠴᠡ ᠷᠢᠳᠢ ᠰᠢᠳᠢ ᠶᠢ ᠭᠦᠨᠵᠡᠭᠡᠢ ᠲᠠᠨᠢᠭᠤᠯᠤᠭᠰᠠᠨ ᠪᠥᠭᠡᠳ ᠤᠯᠤᠰ ᠣᠷᠣᠨ ᠳᠠᠰᠤᠷᠠᠯᠳᠠ ᠦᠭᠡᠢ ᠬᠥᠭᠵᠢᠵᠦ ᠭᠡᠷᠡᠯ ᠰᠠᠴᠤᠷᠠᠩᠭᠤᠢ ᠵᠠᠮ ᠢᠶᠠᠷ ᠵᠠᠮᠨᠠᠭᠰᠠᠨ ᠬᠥᠭᠵᠢᠯᠲᠡ ᠶᠢᠨ ᠲᠡᠦᠬᠡ ᠶᠢ ᠮᠡᠳᠡᠷᠡᠬᠦᠯᠦᠭᠰᠡᠨ ᠪᠠᠶᠢᠨ᠎ᠠ᠃ ᠤᠯᠠᠨ ᠢᠶᠠᠷ ᠢᠶᠠᠨ᠂ ᠨᠠᠮ ᠳᠤ ᠣᠷᠣᠬᠤ ᠲᠠᠩᠭᠠᠷᠢᠭ ᠢ ᠪᠠᠲᠤ ᠴᠡᠭᠡᠵᠢᠯᠡᠵᠦ᠂ ᠬᠤᠪᠢᠰᠬᠠᠯ ᠤᠨ ᠤᠳᠤᠮᠰᠢᠯ ᠢ ᠤᠯᠠᠮᠵᠢᠯᠠᠵᠤ᠂ ᠢᠲᠡᠭᠡᠯ ᠪᠢᠰᠢᠷᠡᠯ ᠲᠠᠢ᠂ ᠬᠠᠷᠢᠭᠤᠴᠠᠯᠭ᠎ᠠ ᠲᠠᠢ᠂ ᠴᠢᠭᠴᠢ ᠵᠣᠷᠢᠭ ᠲᠠᠢ ᠂ ᠬᠠᠶᠢᠷ᠎ᠠ ᠰᠡᠳᠬᠢᠯᠭᠡ ᠲᠠᠢ ᠡᠪ ᠬᠠᠮᠲᠤ ᠨᠠᠮ ᠤᠨ ᠭᠡᠰᠢᠭᠦᠨ ᠪᠣᠯᠣᠨ᠎ᠠ ᠬᠡᠵᠡᠬᠡᠵᠤ ᠪᠠᠶᠢᠯ᠎ᠠ᠃ 
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号