ᠴᠢ ᠪᠠᠲᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠳᠤ ᠲᠤᠰᠬᠠᠢ ᠰᠡᠳᠦᠪᠲᠦ ᠨᠠᠮ ᠤᠨ ᠬᠢᠴᠢᠶᠡᠯ ᠤᠷᠤᠪᠠ
ᠨᠡᠶᠢᠲᠡᠯᠡᠭᠰᠡᠨ ᠴᠠᠭ᠄
2023/8/21
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ ᠪᠠᠳᠤ 6 ᠳ᠋ᠤᠭᠠᠷ ᠰᠠᠷ᠎ᠠ ᠶᠢᠨ 29 ᠤ ᠡᠳᠦᠷ ︽ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠠᠷᠠᠳ ᠤᠨ ᠶᠠᠪᠤᠳᠠᠯ ᠤᠨ ᠠᠵᠢᠯ ᠤᠨ ᠴᠢᠨᠠᠷᠯᠢᠭ ᠬᠥᠭᠵᠢᠯᠲᠡ ᠶᠢ ᠬᠦᠴᠦᠯᠡᠨ ᠠᠬᠢᠭᠤᠯᠤᠶ᠎ᠠ︾ ᠭᠡᠬᠦ ᠰᠡᠳᠦᠪ ᠢᠶᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠲᠤ ᠲᠤᠰᠬᠠᠢ ᠰᠡᠳᠦᠪᠲᠦ ᠨᠠᠮ ᠤᠨ ᠬᠢᠴᠢᠶᠡᠯ ᠤᠷᠤᠬᠰᠠᠨ ᠪᠠᠶᠢᠨ᠎ᠠ᠃    ᠴᠢ ᠪᠠᠲᠤ ᠵᠢᠭᠠᠬᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠰᠢ ᠶᠢᠨ ᠫᠢᠡᠭ ᠶᠡᠷᠦᠩᠬᠡᠢ ᠱᠦᠵᠢ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠤᠯᠠᠨ ᠤᠳᠠᠭ᠎ᠠ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠥᠭᠴᠦ᠂ ᠰᠢᠨ᠎ᠡ ᠴᠠᠭ ᠦᠶ᠎ᠡ ᠶᠢᠨ ᠠᠷᠠᠳ ᠤᠨ ᠶᠠᠪᠤᠳᠠᠯ ᠤᠨ ᠠᠵᠢᠯ ᠤᠨ ᠤᠯᠤᠰ ᠲᠦᠷᠦ ᠶᠢᠨ ᠰᠢᠨᠵᠢ ᠴᠢᠨᠠᠷ᠂ ᠪᠦᠬᠦ ᠲᠠᠯ᠎ᠠ ᠶᠢᠨ ᠪᠠᠶᠢᠷᠢ ᠲᠣᠭᠲᠠᠭᠠᠯᠲᠠ᠂ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠠᠷᠠᠳ ᠤᠨ ᠶᠠᠪᠤᠳᠠᠯ ᠤᠨ ᠦᠢᠯᠡᠰ ᠤᠨ ᠴᠢᠨᠠᠷᠯᠢᠭ ᠬᠥᠭᠵᠢᠯᠲᠡ ᠳᠤ ᠦᠨᠳᠦᠰᠦᠨ ᠵᠢᠷᠤᠮᠯᠠᠯ ᠬᠠᠨᠭ᠍ᠭᠠᠬᠰᠠᠨ ᠶᠤᠮ᠃ ᠰᠢ ᠶᠢᠨ ᠫᠢᠩ ᠶᠡᠷᠤᠩᠭᠡᠢ ᠱᠦᠵᠢ ᠦᠨᠤ ᠵᠢᠯ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠵᠤ ᠴᠢᠬᠤᠯᠠ ᠶᠠᠷᠢᠶ᠎ᠠ ᠲᠠᠯᠪᠢᠬᠤ ᠳᠤ ᠪᠠᠨ ᠪᠠᠰᠠ ᠠᠷᠠᠳ ᠤᠨ ᠶᠠᠪᠤᠳᠠᠯ ᠤᠨ ᠬᠦᠷᠢᠶ᠎ᠡ ᠴᠠᠷᠠᠭᠠᠨ ᠤ ᠨᠡᠶᠢᠭᠡᠮ ᠤᠨ  ᠲᠤᠰᠠᠯᠠᠮᠵᠢ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠠᠮᠢᠶ᠎ᠠ ᠪᠦᠬᠦᠢ ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠠᠷᠠᠳ ᠤᠨ ᠶᠠᠪᠤᠳᠠᠯ ᠤᠨ  ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠶᠡᠷᠦᠩᠬᠡᠢ ᠱᠦᠵᠢ ᠴᠢᠬᠤᠯᠠ ᠶᠠᠷᠢᠶᠠᠨ ᠤ ᠪᠠᠶᠠᠯᠢᠭ ᠠᠭᠤᠯᠤᠭᠳᠠᠬᠤᠨ᠂ ᠭᠤᠣᠯ ᠴᠢᠬᠤᠯᠠ ᠠᠭᠤᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠤᠯᠤᠰ ᠲᠦᠷᠦ ᠶᠢᠨ᠂ ᠪᠠᠶᠢᠯᠳᠤᠬᠤ ᠪᠣᠳᠣᠯᠭ᠎ᠠ ᠶᠢᠨ᠂ ᠪᠦᠬᠦ ᠲᠠᠯ᠎ᠠ ᠶᠢᠨ ᠥᠨᠳᠥᠷᠴᠡ ᠠᠴᠠ  ᠭᠦᠨᠵᠡᠭᠡᠢ ᠣᠶᠢᠯᠠᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠪᠠᠷ  ᠡᠷᠡᠯᠬᠡᠭᠯᠡᠨ ᠤᠷᠤᠭᠰᠢᠯᠠᠵᠤ᠂  ᠲᠤᠤᠭᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ᠃   ᠴᠢ ᠪᠠᠲᠤ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠪᠣᠯᠣᠨ ᠴᠢᠬᠤᠯᠠ ᠵᠢᠭᠠᠪᠤᠷᠢ ᠠᠴᠠ ᠠᠷᠠᠳ ᠤᠨ ᠶᠠᠪᠤᠳᠠᠯ ᠤᠨ ᠠᠵᠢᠯ ᠤᠨ ᠪᠠᠶᠢᠷᠢ ᠰᠠᠭᠤᠷᠢ ᠪᠣᠯᠣᠨ ᠦᠢᠯᠡᠳᠦᠯ ᠢ ᠭᠦᠢᠴᠡᠳ ᠲᠠᠨᠢᠵᠤ᠂ ᠰᠢ ᠶᠢᠨ ᠫᠢᠡᠭ ᠶᠡᠷᠦᠩᠬᠡᠢ ᠱᠦᠵᠢ ᠶᠢᠨ ᠠᠷᠠᠳ ᠤᠨ ᠶᠠᠪᠤᠳᠠᠯ ᠤᠨ ᠠᠵᠢᠯ ᠳᠤ ᠲᠠᠯᠪᠢᠭᠰᠠᠨ ᠴᠢᠬᠤᠯᠠ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠡᠶᠢᠭᠡᠮ ᠤᠨ ᠲᠤᠰᠠᠯᠠᠮᠵᠢ᠂ ᠨᠡᠶᠢᠭᠡᠮ ᠤᠨ ᠠᠰᠠᠷᠠᠮᠵᠢ᠂ ᠨᠡᠶᠢᠭᠡᠮ ᠤᠨ ᠵᠠᠰᠠᠯᠲᠠ᠂ ᠨᠡᠶᠢᠭᠡᠮ ᠤᠨ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠠᠷᠠᠳ ᠤᠨ ᠶᠠᠪᠤᠳᠠᠯ ᠤᠨ ᠠᠵᠢᠯ ᠤᠨ ᠪᠠᠶᠢᠷᠢᠯᠠᠭᠤᠯᠤᠯᠲᠠ ᠶᠢ ᠠᠷᠠᠳ ᠤᠯᠠᠨ ᠤ ᠰᠡᠳᠬᠢᠯ ᠬᠠᠨᠤᠮᠵᠢᠲᠠᠢ ᠴᠢᠨᠠᠷᠵᠢᠭᠤᠨ ᠦᠢᠯᠡᠴᠢᠯᠡᠭᠡ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠠᠷᠠᠳ ᠤᠯᠠᠨ ᠤ ᠰᠡᠳᠬᠢᠯ ᠢ ᠮᠡᠳᠡᠭᠴᠢ ᠪᠠ ᠳᠣᠲᠣᠨᠣ ᠬᠥᠮᠥᠨ ᠪᠣᠯᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠨᠡᠩ ᠰᠠᠶᠢᠲᠤᠷ ᠠᠬᠢᠭᠤᠯᠵᠤ᠂ ᠨᠠᠮ ᠤᠨ ᠲᠦᠷᠦ ᠪᠠᠷᠢᠬᠤ ᠨᠡᠶᠢᠭᠡᠮ ᠤᠨ ᠰᠠᠭᠤᠷᠢ ᠶᠢ ᠪᠠᠲᠤᠳᠬᠠᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠪᠣᠯᠣᠨ ᠴᠢᠬᠤᠯᠠ ᠵᠢᠭᠠᠪᠤᠷᠢ ᠠᠴᠠ ᠠᠷᠠᠳ ᠤᠨ ᠶᠠᠪᠤᠳᠠᠯ ᠤᠨ ᠠᠵᠢᠯ ᠤᠨ ᠡᠭᠦᠷᠭᠡᠯᠡᠵᠦ ᠪᠠᠶᠢᠭ᠎ᠠ ᠴᠢᠬᠤᠯᠠ ᠶᠡᠭᠡ ᠬᠠᠷᠢᠭᠤᠴᠠᠯᠭ᠎ᠠ ᠶᠢ ᠭᠦᠨᠵᠡᠭᠡᠢ ᠡᠵᠡᠮᠳᠡᠵᠦ᠂ ᠠᠷᠠᠳ ᠤᠨ ᠠᠮᠢᠳᠤᠷᠠᠯ ᠤᠨ ᠦᠨᠳᠦᠰᠦᠨ ᠪᠠᠳᠤᠯᠠᠭ᠎ᠠ ᠶᠢᠨ ᠠᠮᠤᠷ ᠲᠦᠪᠰᠢᠨ ᠤ ᠲᠣᠣᠷ ᠢ ᠪᠠᠬᠢᠵᠢᠭᠦᠯᠵᠦ᠂ ᠪᠦᠬᠦ ᠲᠠᠯ᠎ᠠ ᠶᠢ ᠪᠦᠷᠬᠦᠭᠰᠡᠨ᠂ ᠱᠠᠲᠤ ᠲᠦᠷᠦᠯ ᠬᠤᠪᠢᠶᠠᠭᠰᠠᠨ᠂ ᠶᠡᠷᠦᠩᠬᠡᠶᠢᠯᠡᠭᠰᠡᠨ ᠥᠨᠳᠥᠷ ᠪᠦᠲᠦᠮᠵᠢᠲᠡᠢ ᠨᠡᠶᠢᠭᠡᠮ ᠤᠨ  ᠲᠤᠰᠠᠯᠠᠮᠵᠢ  ᠶᠢᠨ ᠪᠠᠶᠢᠷᠢᠰᠢᠯ ᠢ ᠪᠠᠶᠢᠭᠤᠯᠬᠤ ᠬᠡᠷᠡᠭᠲᠡᠢ᠃ ᠣᠷᠣᠯᠭ᠎ᠠ ᠪᠠᠭ᠎ᠠ ᠬᠦᠮᠦᠰ ᠤᠨ ᠬᠥᠳᠡᠯᠦᠩᠭᠦᠢ ᠪᠠᠶᠢᠳᠠᠯ ᠢ ᠬᠢᠨᠠᠬᠤ ᠪᠠ ᠲᠤᠰᠠᠯᠠᠮᠵᠢ ᠶᠢᠨ ᠪᠠᠶᠢᠩᠭᠤ ᠶᠢᠨ  ᠲᠣᠭᠲᠠᠴᠠ ᠶᠢ ᠪᠠᠶᠢᠭᠤᠯᠬᠤ᠂ ᠨᠡᠶᠢᠭᠡᠮ ᠤᠨ ᠲᠤᠰᠠᠯᠠᠮᠵᠢ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠵᠡᠷᠭᠡ ᠠᠷᠭ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠦᠷ᠎ᠡ ᠪᠦᠲᠦᠭᠡᠯ ᠢ ᠲᠠᠰᠤᠷᠠᠯᠳᠠ ᠦᠭᠡᠢ ᠪᠠᠬᠢᠵᠢᠭᠦᠯᠦᠨ ᠦᠷᠬᠡᠳᠬᠡᠬᠦ ᠬᠡᠷᠡᠭᠳᠡᠢ᠃ ︽  ᠨᠠᠰᠤᠲᠠᠶᠢᠴᠤᠳ ᠬᠡᠤᠬᠡᠳ︾ ᠪᠠ ᠵᠡᠮᠳᠡᠭᠴᠦᠳ ᠤᠨ ᠠᠰᠠᠷᠠᠮᠵᠢ ᠶᠢᠨ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠢᠭᠦᠯᠡᠰᠦᠩᠭᠦᠢ ᠶᠢᠨ ᠠᠵᠢᠯ ᠲᠥᠷᠥᠯ ᠵᠡᠷᠭᠡ ᠶᠢᠨ ᠬᠤᠯᠪᠤᠭᠠᠯᠠᠨ ᠬᠥᠳᠡᠯᠦᠯᠴᠡᠬᠦ ᠦᠢᠯᠡᠳᠦᠯ ᠢ ᠪᠠᠳᠠᠷᠠᠭᠤᠯᠤᠨ᠂ ᠠᠷᠠᠳ ᠤᠨ ᠠᠮᠢᠳᠤᠷᠠᠯ ᠢ ᠪᠠᠲᠤᠯᠠᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠬᠦᠴᠦᠷᠬᠡᠭ ᠶᠡᠭᠡ  ᠬᠠᠮ ᠬᠦᠴᠦᠨ ᠢ ᠨᠢᠬᠳᠠᠷᠡᠠᠭᠤᠯᠬᠤ ᠬᠡᠷᠡᠭᠳᠡᠢ᠃ ᠠᠷᠠᠳ ᠤᠨ ᠠᠮᠢᠳᠤᠷᠠᠯ ᠤᠨ ᠦᠨᠳᠦᠰᠦᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠠ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂  ᠵᠠᠩ ᠳᠠᠳᠬᠠᠯ ᠢ ᠦᠬᠡᠷᠡᠴᠢᠯᠡᠬᠦ ᠠᠵᠢᠯ ᠢ ᠣᠯᠠᠨ ᠠᠷᠭ᠎ᠠ ᠪᠠᠷ ᠬᠦᠨᠵᠡᠬᠡᠶᠢᠷᠡᠬᠦᠯᠬᠦ ᠬᠡᠷᠡᠭᠳᠡᠢ᠃ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ ᠰᠢᠨ᠎ᠡ ᠴᠠᠭ ᠦᠶ᠎ᠡ ᠶᠢᠨ ᠠᠷᠠᠳ ᠤᠨ ᠶᠠᠪᠤᠳᠠᠯ ᠤᠨ ᠠᠵᠢᠯ ᠤᠨ  ᠴᠢᠨᠠᠷ ᠰᠠᠶᠢᠲᠠᠢ ᠬᠥᠭᠵᠢᠯᠲᠡ ᠶᠢ ᠢᠳᠡᠪᠬᠢᠲᠡᠢ ᠠᠬᠢᠭᠤᠯᠵᠤ᠂  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠰᠤᠷᠤᠯᠴᠠᠨ  ᠲᠤᠭᠤᠰᠢᠯᠠᠭᠤᠯᠬᠤ ᠳᠤᠮᠳᠠ ᠵᠢᠮ᠎ᠡ ᠶᠣᠰᠣ  ᠶᠢ ᠣᠶᠢᠯᠠᠭᠠᠵᠤ᠂ ᠣᠶᠤᠨ ᠤᠬᠠᠭᠠᠨ ᠢᠶᠠᠨ ᠴᠡᠨᠡᠭᠯᠡᠨ᠂ ᠴᠢᠳᠠᠪᠤᠷᠢ ᠪᠠᠨ ᠳᠡᠭᠡᠭᠰᠢᠯᠡᠭᠦᠯᠵᠦ᠂ ᠰᠢ ᠶᠢᠨ ᠫᠢᠡᠭ ᠶᠡᠷᠦᠩᠬᠡᠢ ᠱᠦᠵᠢ ᠶᠢᠨ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠴᠢᠬᠤᠯᠠ ᠵᠢᠭᠠᠪᠤᠷᠢ ᠠᠴᠠ ᠴᠢᠭᠯᠡᠯ  ᠢᠶᠠᠨ ᠲᠣᠳᠣᠷᠬᠠᠶᠢᠯᠠᠵᠤ᠂ ᠠᠷᠭ᠎ᠠ  ᠶᠢ ᠰᠤᠷᠤᠯᠴᠠᠵᠤ᠂ ᠠᠷᠭ᠎ᠠ ᠵᠠᠮ ᠢ ᠡᠷᠢᠯᠬᠢᠯᠡᠵᠦ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ᠂ ᠰᠤᠷᠤᠯᠴᠠᠯᠭ᠎ᠠ ᠪᠠᠷ ᠠᠵᠢᠯ ᠢ ᠠᠬᠢᠭᠤᠯᠬᠤ  ᠲᠠᠯ᠎ᠠ ᠪᠠᠷ ᠪᠤᠳᠠᠳᠠᠢ ᠠᠵᠢᠯᠯᠠᠭ᠎ᠠ ᠲᠠᠢ ᠪᠣᠯᠵᠤ᠂ ᠪᠣᠳᠠᠲᠤ ᠦᠷ᠎ᠡ ᠪᠦᠲᠦᠮᠵᠢ ᠲᠠᠢ ᠪᠣᠯᠵᠤ᠂ ᠭᠤᠣᠯ ᠤᠶᠤᠨ ᠴᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠤᠯᠤᠨ ᠵᠠᠰᠠᠭ ᠤᠨ ᠣᠷᠳᠣᠨ ᠤ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠶᠡᠭᠡ ᠶᠠᠪᠤᠳᠠᠯ ᠴᠢᠬᠤᠯᠠ ᠶᠠᠪᠤᠳᠠᠯ ᠳᠡᠭᠡᠷ᠎ᠡ ᠲᠠᠯᠪᠢᠵᠤ᠂ ᠠᠷᠠᠳ ᠤᠯᠠᠨ ᠤ ᠲᠤᠯᠭᠠᠮ ᠰᠢᠢᠳᠪᠦᠷᠢᠯᠡᠬᠦ ᠴᠢᠬᠤᠯᠠᠲᠠᠢ ᠬᠦᠴᠢᠷ ᠶᠠᠪᠤᠳᠠᠯ ᠪᠠᠴᠢᠮ ᠶᠠᠪᠤᠳᠠᠯ ᠳᠡᠭᠡᠷ᠎ᠡ ᠲᠠᠯᠪᠢᠵᠤ᠂ ᠡᠯ᠎ᠡ ᠲᠦᠷᠦᠯ ᠤᠨ ᠪᠦᠲᠦᠮᠵᠢᠲᠡᠢ ᠡᠬᠢ ᠪᠠᠶᠠᠯᠢᠭ ᠢ ᠨᠡᠶᠢᠳᠬᠡᠵᠦ᠂ ᠠᠵᠢᠯ ᠢᠶᠠᠨ ᠠᠬᠢᠭᠤᠯᠬᠤ ᠬᠠᠮ ᠬᠦᠴᠦᠨ ᠢ ᠨᠢᠭᠲᠠᠷᠠᠭᠤᠯᠬᠤ ᠬᠡᠷᠡᠭᠲᠡᠢ᠃ ︽ᠠᠷᠠᠳ ᠤᠨ ᠶᠠᠪᠤᠳᠠᠯ ᠠᠷᠠᠳ ᠤᠨ ᠲᠥᠯᠥᠭᠡ᠂ ᠠᠷᠠᠳ ᠤᠨ ᠶᠠᠪᠤᠳᠠᠯ ᠠᠷᠠᠳ ᠢᠶᠠᠨ ᠬᠠᠶᠢᠷᠠᠯᠠᠬᠤ︾ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠴᠤᠭ ᠰᠦᠯᠳᠡ ᠪᠠᠨ ᠪᠠᠳᠠᠷᠠᠭᠤᠯᠤᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠷᠢᠭᠤᠴᠠᠯᠭ᠎ᠠ ᠪᠠᠨ ᠡᠭᠦᠷᠭᠡᠯᠡᠵᠦ ᠴᠢᠳᠠᠮᠠᠭᠠᠢ ᠪᠠᠷ ᠠᠵᠢᠯᠯᠠᠵᠤ᠂  ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ  ᠭᠤᠤᠯᠳᠠᠯᠭ᠎ᠠ ᠲᠠᠢ ᠰᠢᠢᠳᠪᠤᠷᠢᠯᠡᠨ᠂ ᠣᠯᠠᠨ ᠲᠦᠮᠡᠨ ᠳᠤ ᠪᠣᠳᠠᠲᠠᠢ ᠶᠠᠪᠤᠳᠠᠯ᠂ ᠰᠠᠶᠢᠨ ᠶᠠᠪᠤᠳᠠᠯ ᠬᠢᠨ ᠦᠭᠴᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠠᠮᠤᠭᠤᠯᠠᠩ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠬᠦᠯᠬᠦ ᠬᠡᠷᠡᠭᠳᠡᠢ᠃  ᠬᠢᠴᠢᠶᠡᠯ ᠠᠴᠠ ᠡᠮᠦᠨ᠎ᠡ᠂ ᠴᠢ ᠪᠠᠲᠤ ᠥᠪᠡᠷᠲᠡᠭᠡᠨ ᠵᠠᠰᠠᠬᠤ ᠣᠷᠣᠨ ᠤ ᠠᠰᠠᠷᠠᠮᠵᠢ ᠶᠢᠨ ᠱᠠᠩᠨᠠᠯᠳᠤ ᠰᠤᠭᠤᠯᠤᠭ᠎ᠠ ᠶᠢᠨ ᠪᠤᠷᠤᠯᠠᠭᠤᠯᠤᠯᠳᠠ ᠬᠠᠮᠢᠶᠠᠷᠤᠯᠲᠠ ᠶᠢᠨ ᠲᠥᠪ ᠤᠨ ᠪᠤᠷᠤᠯᠠᠭᠤᠯᠤᠯᠳᠠ ᠶᠢᠨ ᠦᠵᠡᠭᠦᠯᠦᠯᠭᠡ ᠶᠢᠨ ᠲᠢᠩᠬᠢᠮ ᠳᠤ ᠪᠠᠶᠢᠴᠠᠭᠠᠨ ᠰᠤᠳᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠠᠰᠠᠷᠠᠮᠵᠢ ᠶᠢᠨ  ᠱᠠᠩᠨᠠᠯᠳᠤ ᠰᠤᠭᠤᠯᠤᠭ᠎ᠠ ᠶᠢᠨ ᠪᠤᠷᠤᠯᠠᠭᠤᠯᠤᠯᠳᠠ ᠬᠠᠮᠢᠶᠠᠷᠤᠯᠲᠠ ᠶᠢᠨ ᠲᠥᠪ ᠤᠨ ᠬᠢᠨ ᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ︽ᠰᠤᠷᠤᠯᠴᠠᠯᠭ᠎ᠠ ᠪᠠᠷ ᠠᠵᠢᠯ ᠢ ᠠᠬᠢᠭᠤᠯᠬᠤ︾ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠤᠨᠤᠰᠤᠬᠰᠠᠨ ᠪᠠᠶᠢᠨ᠎ᠠ᠃   ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠰᠦᠨ ᠯᠢ ᠵᠢᠶᠠᠨ ᠂ ᠠᠷᠠᠳ ᠤᠨ ᠶᠠᠪᠤᠳᠠᠯ ᠤᠨ ᠲᠢᠩᠬᠢᠮ ᠤᠨ ᠲᠢᠩᠭᠢᠮ ᠳᠤ ᠪᠠᠨ ᠪᠠᠶᠢᠭ᠎ᠠ ᠲᠢᠩᠬᠢᠮ ᠤᠨ ᠲᠠᠰ ᠤᠨ ᠺᠠᠳ᠋ᠷ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠪᠠ ᠲᠢᠩᠬᠢᠮ ᠤᠨ ᠪᠠᠶᠢᠭᠤᠯᠭ᠎ᠠ᠂ ᠰᠢᠭᠤᠳ ᠬᠠᠷᠢᠶ᠎ᠠ ᠨᠢᠬᠡᠴᠢ ᠶᠢᠨ ᠳᠡᠳ᠋ ᠭᠠᠵᠠᠷ ᠤᠨ ᠲᠠᠰ ᠠᠴᠠ ᠳᠡᠭᠡᠭᠰᠢᠬᠢ ᠨᠠᠮ ᠤᠨ ᠭᠡᠰᠢᠭᠦᠨ ᠺᠠᠳ᠋ᠷ ᠂ ᠥᠪᠡᠷᠲᠡᠭᠡᠨ ᠵᠠᠰᠠᠬᠤ ᠣᠷᠣᠨ ᠤ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠪᠤᠷᠤᠯᠠᠭᠤᠯᠤᠯᠳᠠ ᠬᠠᠮᠢᠶᠠᠷᠤᠯᠲᠠ ᠶᠢᠨ ᠲᠥᠪ ᠤᠨ ᠪᠥᠬᠦ ᠨᠠᠮ ᠤᠨ ᠭᠡᠰᠢᠭᠦᠨ ᠺᠠᠳ᠋ᠷ ᠬᠢᠴᠢᠶᠡᠯ ᠰᠤᠨᠤᠰᠪᠠ᠃     
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号