ᠰᠢ ᠶᠢᠨ ᠫᠢᠩ ᠡᠮᠦᠨᠡᠲᠦ ᠠᠹᠷᠢᠺᠠ ᠶᠢᠨ ᠳ᠋ᠧᠷᠪᠠᠨ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠶᠢᠨ ᠺᠦᠩᠽᠢ ᠳᠡᠭᠡᠳᠦ ᠰᠤᠷᠭᠠᠭᠤᠯᠢ ᠶᠢᠨ ᠪᠠᠭᠰᠢ ᠰᠤᠷᠤᠬᠴᠢᠳ ᠲᠤ ᠬᠠᠷᠢᠭᠤ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2023/8/21
   ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 18 ᠤ ᠴᠠᠭᠢᠯᠭᠠᠨ ᠮᠡᠳᠡᠭᠡ   ᠣᠶᠢᠷ᠎ᠠ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠡᠮᠦᠨᠡᠲᠦ ᠠᠹᠷᠢᠺᠠ ᠶᠢᠨ ᠳ᠋ᠧᠷᠪᠠᠨ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠶᠢᠨ ᠺᠦᠩᠽᠢ ᠳᠡᠭᠡᠳᠦ ᠰᠤᠷᠭᠠᠭᠤᠯᠢ ᠶᠢᠨ ᠪᠠᠭᠰᠢ ᠰᠤᠷᠤᠬᠴᠢᠳ ᠲᠤ ᠬᠠᠷᠢᠭᠤ ᠵᠠᠬᠢᠳᠠᠯ ᠢᠯᠡᠭᠡᠵᠦ᠂ ᠳᠡᠳᠡᠨ ᠢ ᠬᠢᠲᠠᠳ ᠬᠡᠯᠡ ᠶᠢ ᠰᠠᠶᠢᠲᠤᠷ ᠰᠤᠷᠴᠤ᠂ ᠳᠤᠮᠳᠠᠳᠤ ᠡᠮᠦᠨᠡᠲᠦ ᠠᠹᠷᠢᠺᠠ ᠬᠤᠶᠠᠷ ᠤᠯᠤᠰ ᠤᠨ ᠨᠥᠭᠦᠷᠰᠡᠭ ᠦᠢᠯᠡᠰ ᠢ ᠤᠯᠠᠮᠵᠢᠯᠠᠨ ᠬᠥᠭᠵᠢᠭᠦᠯᠬᠦ᠂ ᠳᠤᠮᠳᠠᠳᠤ ᠠᠹᠷᠢᠺᠠ ᠶᠢᠨ ᠨᠥᠭᠦᠷᠰᠡᠭ ᠬᠠᠮᠲᠤᠷᠠᠯᠴᠠᠭ᠎ᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠭᠡᠷᠡᠢ ᠭᠡᠵᠦ ᠵᠣᠷᠢᠭᠵᠢᠭᠤᠯᠪᠠ᠃    ᠰᠢ ᠶᠢᠨ ᠫᠢᠩ᠂ ᠠᠷᠪᠠᠨ ᠵᠢᠯ ᠤᠨ ᠡᠮᠦᠨ᠎ᠡ᠂ ᠪᠢ ᠳ᠋ᠧᠷᠪᠠᠨ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠶᠢᠨ ᠺᠦᠩᠽᠢ ᠳᠡᠭᠡᠳᠦ ᠰᠤᠷᠭᠠᠭᠤᠯᠢ ᠶᠢᠨ ᠪᠠᠶᠢᠭᠤᠯᠤᠭᠳᠠᠭᠰᠠᠨ ᠢ ᠭᠡᠷᠡᠴᠢᠯᠡᠪᠡ᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠬᠤᠶᠠᠷ ᠤᠯᠤᠰ ᠤᠨ ᠰᠤᠷᠭᠠᠨ ᠬᠥᠮᠦᠵᠢᠯ ᠰᠣᠶᠣᠯ ᠤᠨ ᠰᠣᠯᠢᠯᠴᠠᠭ᠎ᠠ ᠦᠯᠡᠮᠵᠢ ᠦᠷ᠎ᠡ ᠪᠦᠲᠦᠭᠡᠯ ᠣᠯᠵᠤ᠂ ᠡᠮᠦᠨᠡᠲᠦ ᠠᠹᠷᠢᠺᠠ ᠶᠢᠨ ᠮᠠᠰᠢ ᠤᠯᠠᠨ ᠵᠠᠯᠠᠭᠤᠴᠤᠳ ᠬᠢᠲᠠᠳ ᠬᠡᠯᠡ ᠰᠤᠷᠬᠤ ᠪᠠᠷ ᠲᠠᠮᠵᠢᠨ ᠳᠤᠮᠳᠠᠳᠤ ᠤᠯᠤᠰ ᠤᠨ ᠲᠡᠦᠬᠡ ᠰᠣᠶᠣᠯ ᠢ ᠣᠶᠢᠯᠠᠭᠠᠵᠤ᠂ ᠠᠵᠢᠯ ᠮᠡᠷᠭᠡᠵᠢᠯ ᠤᠨ ᠰᠣᠩᠭᠤᠯᠲᠠ ᠶᠢᠨ ᠵᠠᠮ ᠢᠶᠠᠨ ᠥᠷᠭᠡᠳᠬᠡᠵᠦ᠂ ᠬᠥᠮᠥᠨ ᠤ ᠠᠮᠢᠳᠤᠷᠠᠯ ᠤᠨ ᠬᠦᠰᠡᠯ ᠵᠡᠭᠦᠳᠦ ᠪᠠᠨ ᠲᠡᠷᠭᠡᠯᠰᠢᠭᠦᠯᠦᠭᠰᠡᠨ ᠢ ᠣᠯᠵᠤ ᠬᠠᠷᠠᠭᠠᠳ ᠪᠢ ᠮᠠᠰᠢ ᠪᠠᠶᠠᠷᠯᠠᠵᠤ ᠪᠠᠶᠢᠨ᠎ᠠ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠳᠤᠮᠳᠠᠳᠤ ᠤᠯᠤᠰ ᠪᠣᠯᠣᠨ ᠡᠮᠦᠨᠡᠲᠦ ᠠᠹᠷᠢᠺᠠ ᠪᠣᠯ ᠪᠦᠷ ᠴᠢᠬᠤᠯᠠ ᠶᠡᠭᠡ ᠬᠥᠭᠵᠢᠵᠦ ᠪᠠᠶᠢᠭ᠎ᠠ ᠲᠣᠮᠣ ᠤᠯᠤᠰ ᠮᠥᠨ᠂ ᠬᠤᠶᠠᠷ ᠤᠯᠤᠰ ᠬᠤᠭᠤᠷᠣᠨᠳᠤ ᠪᠠᠨ ᠨᠥᠬᠦᠷ ᠪᠥᠭᠡᠳ ᠠᠬ᠎ᠠ ᠳᠡᠭᠦᠦ ᠶᠢᠨ ᠣᠨᠴᠠᠭᠠᠢ ᠨᠥᠬᠦᠷᠯᠡᠯ ᠲᠠᠢ ᠶᠤᠮ᠂ ᠲᠤᠰ ᠲᠤᠰ ᠤᠨ ᠢᠶᠠᠨ ᠦᠭᠡ ᠬᠡᠯᠡ ᠰᠣᠶᠣᠯ ᠢ ᠰᠤᠷᠤᠯᠴᠠᠨ ᠣᠶᠢᠯᠠᠭᠠᠬᠤ ᠨᠢ ᠬᠤᠶᠠᠷ ᠤᠯᠤᠰ ᠤᠨ ᠠᠷᠠᠳ ᠲᠦᠮᠡᠨ ᠤ ᠬᠠᠷᠢᠯᠴᠠᠨ ᠣᠶᠢᠯᠠᠭᠠᠵᠤ ᠬᠠᠷᠢᠯᠴᠠᠨ ᠳᠣᠲᠣᠨᠣᠴᠢᠯᠠᠬᠤ᠂ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠶᠢ ᠠᠬᠢᠭᠤᠯᠬᠤ ᠳᠤ ᠠᠰᠢᠭᠲᠠᠢ ᠶᠤᠮ᠃ ᠲᠠ ᠨᠠᠷ ᠤᠨ ᠬᠢᠲᠠᠳ ᠬᠡᠯᠡ ᠶᠢ ᠰᠠᠶᠢᠲᠤᠷ ᠰᠤᠷᠤᠯᠴᠠᠬᠤ ᠶᠢᠨ ᠬᠠᠮᠲᠤ᠂ ᠳᠤᠮᠳᠠᠳᠤ ᠤᠯᠤᠰ ᠲᠤ ᠢᠯᠡᠭᠦᠬᠡᠨ ᠢᠷᠡᠵᠥ ᠲᠣᠭᠤᠷᠢᠨ ᠦᠵᠡᠵᠦ᠂ ᠳᠤᠮᠳᠠᠳᠤ ᠤᠯᠤᠰ ᠢ ᠨᠡᠩ ᠭᠦᠨᠵᠡᠭᠡᠢ ᠲᠠᠨᠢᠨ ᠣᠶᠢᠯᠠᠭᠠᠵᠤ᠂ ᠰᠤᠷᠴᠤ ᠰᠡᠳᠬᠢᠭᠰᠡᠨ ᠦᠵᠡᠵᠦ ᠰᠣᠨᠣᠰᠤᠭᠰᠠᠨ ᠢᠶᠠᠨ ᠠᠰᠢᠭᠯᠠᠨ᠂ ᠨᠢᠭᠡᠨ ᠦᠨᠡᠨ ᠪᠣᠳᠠᠲᠠᠢ᠂ ᠪᠣᠰᠤᠭ᠎ᠠ ᠴᠣᠭᠴᠠᠲᠤ᠂ ᠪᠦᠭᠦ ᠲᠠᠯ᠎ᠠ ᠶᠢᠨ ᠳᠤᠮᠳᠠᠳᠤ ᠤᠯᠤᠰ ᠢ ᠨᠡᠩ ᠤᠯᠠᠨ ᠨᠠᠶᠢᠵᠠ ᠳᠠᠭᠠᠨ ᠲᠠᠨᠢᠯᠴᠠᠭᠤᠯᠵᠤ᠂ ᠬᠤᠶᠠᠷ ᠤᠯᠤᠰ ᠤᠨ ᠨᠥᠭᠦᠷᠰᠡᠭ ᠦᠢᠯᠡᠰ ᠢ ᠤᠯᠠᠮᠵᠢᠯᠠᠨ ᠬᠥᠭᠵᠢᠭᠦᠯᠬᠦ ᠡᠯᠴᠢᠨ ᠪᠤᠯᠬᠤ ᠪᠠᠷ ᠴᠢᠷᠮᠠᠶᠢᠵᠤ᠂ ᠳᠤᠮᠳᠠᠳᠤ ᠠᠹᠷᠢᠺᠠ ᠶᠢᠨ ᠨᠥᠬᠦᠷᠯᠡᠯ ᠤᠨ ᠬᠠᠮᠲᠤᠷᠠᠯᠴᠠᠭ᠎ᠠ ᠶᠢ ᠠᠬᠢᠭᠤᠯᠬᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠴᠢᠬᠤᠯᠠᠴᠢᠯᠠᠪᠠ᠃    2013 ᠣᠨ ᠤ 3 ᠰᠠᠷ᠎ᠠ ᠳᠤ᠂ ᠲᠡᠷᠢᠭᠦᠯᠡᠭᠴᠢ ᠰᠢ ᠶᠢᠨ ᠫᠢᠩ ᠡᠮᠦᠨᠡᠲᠦ ᠠᠹᠷᠢᠺᠠ ᠳᠤ ᠠᠶᠢᠯᠴᠢᠯᠠᠬᠤ ᠬᠤᠭᠤᠴᠠᠭᠠᠨ ᠳᠠᠭᠠᠨ᠂ ᠳᠤᠮᠳᠠᠳᠤ ᠡᠮᠦᠨᠡᠲᠦ ᠠᠹᠷᠢᠺᠠ ᠬᠤᠶᠠᠷ ᠲᠠᠯ᠎ᠠ ᠶᠢᠨ ᠳ᠋ᠧᠷᠪᠠᠨ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠶᠢᠨ ᠺᠦᠩᠽᠢ ᠳᠡᠭᠡᠳᠦ ᠰᠤᠷᠭᠠᠭᠤᠯᠢ ᠶᠢ ᠬᠠᠮᠲᠤ ᠪᠠᠷ ᠪᠠᠶᠢᠭᠤᠯᠬᠤ ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ ᠶᠢ ᠭᠡᠷᠡᠴᠢᠯᠡᠪᠡ᠃ ᠡᠮᠦᠨᠡᠲᠦ ᠠᠹᠷᠢᠺᠠ ᠶᠢᠨ ᠳ᠋ᠧᠷᠪᠠᠨ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠶᠢᠨ ᠺᠦᠩᠽᠢ ᠳᠡᠭᠡᠳᠦ ᠰᠤᠷᠭᠠᠭᠤᠯᠢ ᠪᠠᠶᠢᠭᠤᠯᠤᠭᠳᠠᠭᠰᠠᠨ ᠠᠷᠪᠠᠨ ᠵᠢᠯ ᠤᠨ ᠲᠤᠷᠰᠢ ᠨᠡᠶᠢᠲᠡ ᠲᠦᠮᠡ ᠰᠢᠬᠠᠮ ᠰᠤᠷᠤᠬᠴᠢ ᠶᠢ ᠬᠥᠮᠥᠵᠢᠭᠦᠯᠪᠡ᠃ ᠣᠶᠢᠷ᠎ᠠ ᠳᠤ᠂ ᠲᠤᠰ ᠳᠡᠭᠡᠳᠦ ᠰᠤᠷᠭᠠᠭᠤᠯᠢ ᠶᠢᠨ 50 ᠪᠠᠭᠰᠢ ᠰᠤᠷᠤᠬᠴᠢ ᠨᠡᠷ᠎ᠡ ᠬᠤᠯᠪᠤᠭᠠᠯᠠᠨ ᠲᠡᠷᠢᠭᠦᠯᠡᠭᠴᠢ ᠰᠢ ᠶᠢᠨ ᠫᠢᠩ ᠳᠤ ᠵᠠᠬᠢᠳᠠᠯ ᠢᠯᠡᠭᠡᠵᠦ᠂ ᠬᠢᠲᠠᠳ ᠬᠡᠯᠡ ᠰᠤᠷᠤᠯᠴᠠᠬᠰᠠᠨ ᠥᠩᠭᠡᠷᠡᠯᠲᠡ᠂ ᠣᠯᠣᠯᠲᠠ ᠲᠥᠷᠥᠭᠳᠡᠯ ᠢᠶᠠᠨ ᠶᠠᠷᠢᠵᠤ᠂ ᠲᠡᠷᠢᠭᠦᠯᠡᠭᠴᠢ ᠰᠢ ᠶᠢᠨ ᠫᠢᠩ ᠪᠣᠯᠣᠨ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠠᠹᠷᠢᠺᠠ ᠲᠢᠪ ᠤᠨ ᠵᠠᠯᠠᠭᠤᠴᠤᠳ ᠤᠨ ᠬᠦᠰᠡᠯ ᠵᠡᠭᠦᠳᠦ ᠪᠠᠨ ᠪᠡᠶᠡᠯᠡᠭᠦᠯᠬᠦ ᠳᠤ ᠨᠡᠩ ᠤᠯᠠᠨ ᠲᠣᠭᠢᠶᠠᠯ ᠬᠠᠩᠭᠠᠭᠰᠠᠨ ᠳᠤ ᠲᠠᠯᠠᠷᠬᠠᠵᠤ᠂ ᠲᠡᠷᠢᠭᠦᠯᠡᠭᠴᠢ ᠰᠢ ᠶᠢᠨ ᠫᠢᠩ ᠤᠨ ᠡᠮᠦᠨᠡᠲᠦ ᠠᠹᠷᠢᠺᠠ ᠳᠤ ᠳᠠᠬᠢᠨᠲᠠ ᠠᠶᠢᠯᠴᠢᠯᠠᠬᠤ ᠶᠢ ᠬᠠᠯᠠᠭᠤᠨ ᠢᠶᠠᠷ ᠬᠦᠰᠡᠭᠰᠡᠨ ᠪᠠᠶᠢᠨ᠎ᠠ᠃      
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号