ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠤᠯᠠᠭᠠᠨᠬᠠᠳᠠ ᠬᠤᠲᠠ ᠳᠤ 2023 ᠣᠨ ᠤ ᠪᠥᠬᠦ ᠣᠷᠣᠨ ᠤ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠠᠵᠢᠯ ᠤᠨ ᠪᠣᠯᠪᠠᠰᠤᠷᠠᠯ ᠡᠷᠭᠢᠯᠡᠪᠡ
ᠨᠡᠶᠢᠲᠡᠯᠡᠭᠰᠡᠨ ᠴᠠᠭ᠄
2023/8/25
   ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ 8 ᠳ᠋ᠤᠭᠠᠷ ᠰᠠᠷ᠎ᠠ ᠶᠢᠨ 19᠂ 20  ᠤ ᠡᠳᠦᠷ ᠤᠯᠠᠭᠠᠨᠬᠠᠳᠠ ᠬᠤᠲᠠ ᠳᠤ 2023 ᠣᠨ ᠤ ᠪᠥᠬᠦ ᠣᠷᠣᠨ ᠤ  ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠠᠵᠢᠯ ᠤᠨ ᠪᠣᠯᠪᠠᠰᠤᠷᠠᠯ ᠡᠷᠭᠢᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠣᠷᠤᠭ ᠭᠡᠷ ᠪᠦᠯᠢ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ  ᠲᠤᠭᠤᠰᠢᠯᠠᠭᠤᠯᠤᠨ᠂ ᠪᠥᠬᠦ ᠣᠷᠣᠨ ᠤ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠤᠷᠰᠢᠯᠭ᠎ᠠ ᠶᠢ ᠳ᠋ᠦᠩᠨᠡᠵᠦ᠂ ᠥᠭᠡᠷᠡᠴᠢᠯᠡᠯᠲᠡ ᠶᠢᠨ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠵᠠᠳᠠᠯᠤᠨ᠂ ᠥᠭᠡᠷᠡᠴᠢᠯᠡᠯᠲᠡ ᠶᠢ ᠠᠬᠢᠭᠤᠯᠬᠤ ᠭᠤᠣᠯᠳᠠᠯᠭ᠎ᠠ ᠲᠠᠢ ᠠᠵᠢᠯ ᠢ ᠰᠤᠳᠤᠯᠪᠠ᠃  ᠪᠠᠰᠨ ᠲᠤᠷᠰᠢᠯᠭ᠎ᠠ ᠰᠣᠯᠢᠯᠴᠠᠬᠤ ᠬᠤᠷᠠᠯ ᠬᠢᠵᠦ᠂ ᠠᠷᠠᠳ ᠤᠨ ᠶᠠᠪᠤᠳᠠᠯ ᠤᠨ ᠶᠠᠮᠤᠨ ᠤ ᠨᠡᠶᠢᠭᠡᠮ ᠤᠨ ᠬᠡᠷᠡᠭ ᠶᠠᠪᠤᠳᠠᠯ ᠤᠨ ᠵᠤᠷᠭᠠᠨ ᠤ ᠳᠠᠷᠤᠭ᠎ᠠ ᠸᠠᠩ ᠶᠢᠨ ᠬᠤᠸᠠ᠂  ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠴᠤᠭ ᠬᠤᠷᠠᠯ ᠢ ᠡᠷᠭᠢᠯᠡᠪᠡ᠃     ᠸᠠᠩ ᠶᠢᠨ ᠬᠤᠸᠠ ᠵᠢᠭᠠᠬᠰᠠᠨ ᠨᠢ᠂ ᠥᠪᠥᠷ ᠮᠣᠩᠭᠤᠯ ᠤᠨ ᠬᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠠᠷᠠᠳ ᠤᠨ ᠶᠠᠪᠤᠳᠠᠯ ᠤᠨ ᠶᠠᠮᠤᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠣᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠪᠠᠶᠢᠳᠠᠯ ᠡᠭᠦᠷᠭᠡ ᠶᠢ ᠪᠠᠲᠤ ᠡᠵᠡᠮᠳᠡᠨ᠂ ᠣᠷᠤᠭ ᠤᠨ ᠵᠠᠩᠰᠢᠯ ᠢ ᠦᠬᠡᠷᠡᠴᠢᠯᠡᠯᠳᠡ ᠶᠢ ᠠᠬᠢᠭᠤᠯᠵᠤ᠂ ᠭᠠᠵᠠᠷ ᠣᠷᠣᠨ ᠤ ᠣᠨᠴᠠᠯᠢᠭ ᠲᠠᠢ ᠠᠷᠭ᠎ᠠ ᠲᠤᠷᠰᠢᠯᠭ᠎ᠠ ᠶᠢ ᠪᠣᠶ ᠪᠣᠯᠭᠠᠪᠠ᠃ ᠥᠪᠥᠷ ᠮᠣᠩᠭᠤᠯ ᠤᠨ  ᠬᠢᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠨᠡᠩ ᠤᠯᠠᠨ ᠰᠢᠨ᠎ᠡ  ᠠᠷᠭ᠎ᠠ ᠪᠠᠷ ᠨᠡᠩ ᠤᠯᠠᠨ ᠣᠨᠴᠠᠯᠢᠭ ᠲᠠᠢ ᠬᠢᠯᠠᠰ ᠴᠡᠭ ᠪᠦᠬᠦᠢ ᠲᠦᠷᠦᠯ ᠲᠡᠮᠳᠡᠭ ᠢ ᠡᠭᠦᠳᠴᠦ᠂ ᠰᠢᠨ᠎ᠡ ᠴᠠᠭ ᠦᠶ᠎ᠡ ᠶᠢᠨ  ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠠᠵᠢᠯ ᠤᠨ ᠰᠢᠨ᠎ᠡ ᠳᠡᠭᠲᠡᠷ ᠲᠤ  ᠭᠠᠷᠭᠠᠬᠤ ᠳᠤ ᠠᠬᠢᠭᠤᠯᠬᠤ ᠦᠢᠯᠡᠳᠤᠯ ᠦᠵᠡᠬᠦᠯᠬᠦ ᠶᠢ ᠬᠦᠰᠡᠵᠦ ᠪᠠᠶᠢᠨ᠎ᠠ᠃    ᠲᠢᠩᠭᠢᠮ ᠤᠨ ᠤᠳᠤᠷᠢᠳᠤᠯᠭ᠎ᠠ  ᠴᠢᠬᠤᠯᠠᠴᠢᠯᠠᠭᠰᠠᠨ ᠨᠢ᠂ ᠪᠦᠬᠦ ᠣᠷᠣᠨ ᠤ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠳᠡᠭᠡᠭᠰᠢᠯᠡᠭᠦᠯᠵᠦ᠂ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠳᠤᠲᠠᠭᠤᠳᠠᠯ ᠢ ᠨᠥᠬᠦᠪᠦᠷᠢᠯᠡᠬᠦ᠂ ᠦᠢᠯᠡᠴᠢᠯᠡᠭᠡ ᠶᠢ ᠰᠢᠯᠢᠳᠡᠭᠵᠢᠭᠦᠯᠬᠦ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠷᠤᠭ ᠲᠠᠩᠰᠠᠯᠠᠬᠤ ᠦᠢᠯᠡᠴᠢᠯᠡᠭᠡᠨ ᠤ  ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠪᠣᠯᠪᠠᠰᠤᠨ ᠥᠭᠡᠳᠡᠷᠬᠡᠭ ᠤᠷᠤᠭ ᠬᠤᠷᠢᠮ ᠤᠨ ᠰᠣᠶᠣᠯ ᠢ ᠪᠣᠶᠢᠵᠢᠭᠤᠯᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠦᠴᠦᠨ ᠢ ᠨᠢᠭᠲᠠᠷᠠᠭᠤᠯᠵᠤ᠂ ᠥᠭᠡᠷᠡᠴᠢᠯᠡᠯᠲᠡ ᠶᠢᠨ ᠦᠨᠡᠨ ᠪᠣᠳᠠᠲᠠᠢ ᠦᠷ᠎ᠡ ᠪᠦᠲᠦᠭᠡᠯ ᠢᠶᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠷᠠᠳ ᠤᠨ ᠶᠠᠪᠤᠳᠠᠯ ᠤᠨ  ᠬᠢᠨ ᠤ ᠬᠦᠴᠦᠨ ᠴᠢᠳᠠᠯ ᠢᠶᠠᠨ ᠡᠷᠭᠦᠵᠦ᠂ ᠪᠦᠬᠦ ᠤᠯᠤᠰ ᠤᠨ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠠᠵᠢᠯ ᠢ ᠭᠦᠨᠵᠡᠭᠡᠶᠢᠷᠡᠭᠦᠯᠬᠦ ᠳᠤ ᠥᠪᠥᠷ ᠮᠣᠩᠭᠤᠯ ᠤᠨ ᠬᠢᠨ ᠤ ᠲᠤᠷᠰᠢᠯᠭ᠎ᠠ ᠶᠢ ᠬᠠᠩᠭᠠᠵᠤ᠂ ᠥᠪᠥᠷ ᠮᠣᠩᠭᠤᠯ ᠳᠤ ᠬᠤᠪᠢ ᠨᠡᠮᠡᠷᠢ ᠦᠵᠡᠬᠦᠯᠬᠦ ᠬᠡᠷᠡᠭᠳᠡᠢ᠃   ᠬᠤᠷᠠᠯ ᠳᠡᠭᠡᠷ᠎ᠡ ᠴᠤᠭ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠶᠠᠪᠤᠳᠠᠯ ᠤᠨ ᠠᠵᠢᠯ ᠤᠨ ᠲᠤᠰᠬᠠᠢ ᠮᠡᠷᠭᠡᠵᠢᠯᠲᠡᠨ ᠤ ᠯᠠᠪᠯᠠᠯᠭ᠎ᠠ ᠶᠢᠨ ᠳᠤᠭᠤᠶᠢᠯᠠᠩ ᠢ ᠪᠠᠶᠢᠭᠤᠯᠬᠤ ᠲᠤᠬᠠᠢ ᠮᠡᠳᠡᠭᠳᠡᠯ︾  ᠢ ᠤᠡᠭᠰᠢᠪᠠ᠃ ᠤᠯᠠᠭᠠᠨᠬᠠᠳᠠ ᠬᠤᠳᠠ ᠶᠢᠨ ᠬᠤᠩᠱᠠᠨ ᠲᠣᠭᠤᠷᠢᠭ᠂ ᠪᠤᠭᠤᠲᠤ ᠬᠤᠳᠠ ᠶᠢᠨ ᠴᠢᠩᠱᠠᠨ ᠲᠣᠭᠤᠷᠢᠭ᠂ ᠬᠥᠯᠥᠨ ᠪᠤᠶᠢᠷ ᠬᠤᠳᠠ ᠶᠢᠨ ᠠᠷᠤᠨ ᠬᠤᠰᠢᠭᠤ᠂ ᠬᠢᠩᠭᠠᠨ ᠠᠶᠢᠮᠠᠭ ᠤᠨ ᠤᠯᠠᠭᠠᠨᠬᠤᠲᠠ ᠶᠢᠨ ᠬᠢᠨ ᠪᠤᠯᠤᠨ ᠲᠤᠰᠬᠠᠢ ᠮᠡᠷᠭᠡᠵᠢᠯᠲᠡᠨ᠂ ᠨᠡᠶᠢᠭᠡᠮᠯᠢᠭ ᠤᠨ ᠲᠥᠯᠥᠭᠡᠯᠡᠭᠴᠢ   ᠨᠠᠷ ᠨᠡᠶᠢᠲᠡᠯᠢᠭ ᠲᠤᠷᠰᠢᠯᠭ᠎ᠠ ᠶᠢᠨ ᠲᠠᠨᠢᠯᠴᠠᠭᠤᠯᠭ᠎ᠠ ᠪᠠ ᠰᠣᠯᠢᠯᠴᠠᠭᠠᠨ ᠤ ᠶᠠᠷᠢᠶ᠎ᠠ ᠲᠠᠯᠪᠢᠵᠠᠢ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号