ᠬᠢᠩᠭᠠᠨ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ 2023 ᠣᠨ ᠤ 8 ᠰᠠᠷ᠎ᠠ ᠶᠢᠨ | 16 ᠤ ᠡᠳᠦᠷ ᠤᠨ ᠦᠳᠡ ᠶᠢᠨ ᠬᠤᠶᠢᠨ᠎ᠠ ᠪᠥᠬᠦ ᠠᠶᠢᠮᠠᠭ ᠤᠨ ᠬᠡᠤᠬᠡᠳ ᠤᠨ ᠠᠰᠠᠷᠠᠮᠵᠢ ᠶᠢᠨ ᠬᠦᠷᠢᠶᠡᠨ ᠳᠤ ᠬᠢ | ᠭᠤᠤᠯᠳᠠᠯᠭ᠎ᠠ ᠲᠠᠢ ᠠᠵᠢᠯ ᠤᠨ ᠪᠣᠯᠪᠠᠰᠤᠷᠠᠯ ᠡᠷᠭᠢᠯᠡᠵᠦ᠂ ᠬᠢᠩᠭᠠᠨ ᠠᠶᠢᠮᠠᠭ ᠤᠨ ᠬᠡᠤᠬᠡᠳ ᠤᠨ ᠠᠰᠠᠷᠠᠮᠵᠢ ᠶᠢᠨ | ᠰᠠᠯᠠᠭ᠎ᠠ ᠶᠢᠨ ᠪᠥᠬᠦ ᠠᠵᠢᠯᠲᠠᠨ᠂ ᠬᠢᠩᠭᠠᠨ ᠠᠶᠢᠮᠠᠭ ᠤᠨ ᠬᠡᠤᠬᠡᠳ ᠤᠨ ᠠᠰᠠᠷᠠᠮᠵᠢ ᠶᠢᠨ ᠬᠦᠷᠢᠶᠡᠯᠡᠩ ᠤᠨ ᠠᠵᠢᠯᠲᠠᠨ᠂ | ᠬᠢᠩᠭᠠᠨ ᠠᠶᠢᠮᠠᠭ ᠤᠨ ᠨᠠᠰᠤᠨ ᠳᠤ ᠦᠯᠦ ᠬᠦᠷᠤᠭ᠍ᠰᠡᠳ ᠢ ᠬᠠᠮᠠᠭᠠᠯᠠᠬᠤ ᠲᠥᠪ ᠤᠨ ᠠᠵᠢᠯᠲᠠᠨ᠂ ᠵᠢᠷᠭᠤᠭᠠᠨ | ᠬᠤᠰᠢᠭᠤ ᠰᠢᠶᠠᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ | ᠪᠠ ᠬᠡᠤᠬᠡᠳ ᠤᠨ ᠠᠰᠠᠷᠠᠮᠵᠢ ᠶᠢᠨ ᠲᠠᠰᠤᠭ ᠤᠨ ᠠᠵᠢᠯᠲᠠᠨ ᠪᠤᠯᠪᠠᠰᠤᠷᠠᠯ ᠳᠤ ᠣᠷᠣᠯᠴᠠᠪᠠ᠃ | ᠪᠤᠯᠪᠠᠰᠤᠷᠠᠯ ᠲᠡᠬᠡᠷ᠎ᠡ ᠬᠢᠩᠭᠠᠨ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠡᠤᠬᠡᠳ ᠤᠨ | ᠠᠰᠠᠷᠠᠮᠵᠢ ᠶᠢᠨ ᠰᠠᠯᠠᠭ᠎ᠠ ᠶᠢᠨ ᠬᠠᠷᠢᠭᠤᠴᠠᠯᠭᠠᠲᠠᠨ ᠳᠥᠷᠪᠡᠨ ᠲᠠᠯ᠎ᠠ ᠪᠠᠷ ᠬᠢᠴᠢᠶᠡᠯ ᠤᠷᠤᠪᠠ᠄ ᠨᠢᠭᠡ ᠳᠤ᠂ ︽ | ᠬᠢᠩᠭᠠᠨ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤ ᠬᠡᠷ ᠲᠤ ᠪᠠᠨ ᠬᠤᠴᠣᠷᠤᠭᠰᠠᠨ | ᠬᠡᠤᠬᠡᠳ ᠤᠨ ᠪᠠᠶᠢᠳᠠᠯ ᠢ ᠵᠢᠭᠰᠠᠭᠠᠨ ᠪᠠᠶᠢᠴᠠᠭᠠᠵᠤ ᠤᠶᠢᠯᠠᠭᠠᠬᠤ ᠠᠵᠢᠯ ᠤᠨ ᠬᠡᠷᠡᠭᠵᠢᠭᠦᠯᠬᠦ ᠲᠥᠰᠦᠯ︾ ᠢ | ᠲᠠᠶᠢᠯᠪᠤᠷᠢᠯᠠᠪᠠ᠃ ᠬᠤᠶᠠᠷ ᠲᠤ ︽ᠬᠢᠩᠭᠠᠨ ᠠᠶᠢᠮᠠᠭ ᠤᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ︶ ᠶᠢᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠥᠷᠲᠡᠭᠡ ᠶᠢᠨ ᠬᠠᠮᠢᠶ᠎ᠠ | ᠪᠥᠬᠦᠶ ᠠᠵᠢᠯ ᠤᠨ ᠲᠤᠬᠠᠢ ᠮᠡᠳᠡᠭᠳᠡᠯ︾ ᠲᠠᠶᠢᠯᠪᠤᠷᠢᠯᠠᠪᠠ᠃ ᠭᠤᠷᠪᠠ ᠳᠤ᠂ ︽ᠬᠢᠩᠭᠠᠨ ᠠᠶᠢᠮᠠᠭ ᠤᠨ | ᠬᠡᠤᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ︿ᠨᠠᠷᠢᠯᠢᠭ ᠬᠠᠮᠢᠶᠠᠷᠤᠯᠲᠠ᠂ ᠨᠠᠷᠢᠯᠢᠬᠵᠢᠭᠤᠯᠤᠬᠰᠠᠠ | ᠤᠢᠢᠯᠡᠴᠢᠯᠡᠭᠡ﹀ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ | ᠲᠠᠶᠢᠯᠪᠤᠷᠢᠯᠠᠪᠠ᠃ ᠳᠥᠷᠪᠡ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ︽ | ᠪᠥᠬᠦ ᠣᠷᠣᠨ ᠤ ᠬᠡᠤᠬᠡᠳ ᠤᠨ ᠡᠷᠬᠢᠯᠡᠭᠴᠢ ᠶᠢᠨ ᠴᠢᠳᠠᠪᠤᠷᠢ ᠶᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ | ᠠᠵᠢᠯᠯᠠᠭ᠎ᠠ ᠶᠢ ᠥᠷᠨᠢᠭᠦᠯᠬᠦ ᠲᠤᠬᠠᠶ ᠮᠡᠳᠡᠭᠳᠡᠯ︾ ᠢ ᠲᠠᠶᠢᠯᠪᠤᠷᠢᠯᠠᠬᠤ ᠶᠢᠨ ᠬᠠᠮᠲᠤ ᠬᠡᠷᠡᠭᠵᠢᠭᠦᠯᠬᠦ ᠲᠥᠰᠦᠯ ᠤᠨ | ᠪᠠᠶᠢᠷᠢᠯᠠᠭᠤᠯᠤᠯᠲᠠ ᠶᠢ ᠦᠨᠳᠦᠰᠦᠯᠡᠨ ᠭᠤᠤᠯᠳᠠᠯᠭ᠎ᠠ ᠲᠠᠢ ᠠᠵᠢᠯ ᠢ ᠲᠤᠬᠢᠷᠠᠭᠤᠯᠬᠤ ᠳᠤ ᠪᠠᠨ ᠡᠯ᠎ᠡ ᠬᠤᠰᠢᠭᠤ | ᠰᠢᠶᠠᠨ ᠬᠤᠲᠠ ᠶᠢᠨ ᠬᠢᠨ ᠠᠵᠢᠯ ᠢ ᠲᠤᠬᠳᠠᠬᠰᠠᠨ ᠬᠤᠭᠤᠴᠠᠭᠠᠨ ᠳᠤ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃ | ᠬᠤᠷᠠᠯ ᠲᠡᠬᠡᠷ᠎ᠡ ᠪᠠᠰᠠ ᠣᠳᠣᠬᠠᠨ ᠤ ᠬᠡᠤᠬᠡᠳ ᠤᠨ ᠠᠰᠠᠷᠠᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠤᠨ | ᠬᠡᠷᠡᠭᠯᠡᠯᠲᠡ ᠳᠤ ᠣᠷᠣᠰᠢᠵᠤ ᠪᠠᠶᠢᠭ᠎ᠠ ᠠᠰᠠᠭᠤᠳᠠᠯ ᠢ ᠪᠠᠶᠢᠷᠢᠯᠠᠭᠤᠯᠬᠤ ᠶᠢᠨ ᠬᠡᠤᠬᠡᠳ ᠤᠨ ᠠᠰᠠᠷᠠᠮᠵᠢ ᠶᠢᠨ | ᠬᠦᠷᠢᠶᠡᠯᠡᠩ ᠪᠤᠯᠤᠨ ᠡᠯ᠎ᠡ ᠬᠤᠰᠢᠭᠤ ᠰᠢᠶᠠᠨ ᠬᠤᠲᠠ ᠶᠢᠨ ᠮᠡᠳᠡᠭᠡ ᠵᠠᠩᠭᠢ ᠣᠷᠣᠭᠤᠯᠬᠤ ᠠᠵᠢᠯᠲᠠᠨ ᠡᠷᠬᠡᠪᠰᠢ | ᠬᠡᠤᠬᠡᠳ᠂ ᠬᠡᠤᠬᠡᠳ ᠤᠨ ᠬᠢᠨᠠᠨ ᠵᠢᠯᠣᠭᠤᠳᠣᠭᠴᠢ᠂ ᠬᠡᠤᠬᠡᠳ ᠤᠨ ᠡᠷᠬᠢᠯᠡᠭᠴᠢ ᠶᠢᠨ ᠬᠠᠮᠢᠶ᠎ᠠ ᠪᠥᠬᠦᠶ ᠮᠡᠳᠡᠭᠡ | ᠵᠠᠩᠭᠢ ᠶᠢ ᠰᠢᠰᠲ᠋ᠧᠮ ᠳᠤ ᠴᠠᠭ ᠲᠤᠬᠠᠶ ᠳᠤ ᠨᠢ ᠣᠨᠣᠪᠴᠢᠲᠠᠶ ᠣᠷᠣᠭᠤᠯᠵᠤ᠂ ᠠᠷᠠᠳ ᠤᠨ ᠶᠠᠪᠤᠳᠠᠯ ᠤᠨ | ᠲᠤᠪᠴᠢᠶᠠᠨ ᠤ ᠬᠡᠤᠬᠡᠳ ᠤᠨ ᠰᠠᠯᠠᠭ᠎ᠠ ᠶᠢᠨ ᠬᠢᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠠᠶᠢᠴᠠᠭᠠᠬᠤ ᠪᠠ | ᠮᠡᠳᠡᠭᠡᠯᠡᠬᠦ ᠬᠡᠷᠡᠭᠲᠡᠶ ᠭᠡᠵᠦ ᠱᠠᠭᠠᠷᠳᠠᠪᠠ᠃ | ᠲᠤᠰ ᠪᠣᠯᠪᠠᠰᠤᠷᠠᠯ ᠲᠡᠬᠡᠷ᠎ᠡ ᠤᠷᠴᠢᠮ ᠤᠨ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠬᠢᠩᠭᠠᠨ | ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠲᠠᠷᠠᠭᠠᠴᠢ ᠪᠠᠷ ᠳᠡᠭᠡᠳᠦ ᠱᠠᠲᠤᠨ ᠤ ᠡᠯ᠎ᠡ | ᠲᠥᠷᠥᠯ ᠤᠨ ᠬᠡᠤᠬᠡᠳ ᠤᠨ ᠪᠠᠲᠤᠯᠠᠭ᠎ᠠ ᠶᠢᠨ ᠠᠵᠢᠯ ᠤᠨ ᠲᠤᠬᠠᠶ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ | ᠪᠤᠯᠤᠨ ᠪᠢᠴᠢᠭ ᠮᠠᠲ᠋ᠧᠷᠢᠶᠠᠯ ᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠠᠵᠢᠯ ᠢᠶᠠᠨ ᠪᠣᠳᠠᠲᠠᠶ ᠨᠠᠷᠢᠯᠢᠭ ᠬᠢᠵᠦ᠂ | ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠦᠨᠡᠨ ᠬᠦ ᠠᠳᠬᠤᠨ ᠪᠣᠳᠠᠲᠠᠶ ᠠᠵᠢᠯᠯᠠᠵᠤ᠂ | ᠬᠡᠤᠬᠡᠳ ᠢ ᠬᠠᠯᠠᠮᠵᠢᠯᠠᠨ ᠬᠠᠮᠠᠭᠠᠯᠠᠬᠤ ᠡᠩᠨᠡᠭᠡ ᠶᠢᠨ ᠲᠤᠰᠬᠠᠶ ᠮᠡᠷᠭᠡᠵᠢᠯ ᠤᠨ ᠲᠦᠪᠰᠢᠨ ᠢ ᠲᠠᠰᠤᠷᠠᠯᠲᠠ ᠥᠬᠡᠶ | ᠲᠡᠭᠡᠭᠰᠢᠯᠡᠬᠦᠯᠤᠨ᠂ ᠬᠢᠨᠭ᠍ᠭᠠᠨ ᠠᠶᠢᠮᠠᠭ ᠤᠨ ᠬᠡᠤᠬᠡᠳ ᠤᠨ ᠠᠰᠠᠷᠠᠮᠵᠢ ᠪᠠ ᠨᠠᠰᠤᠨ ᠳᠤ ᠥᠯᠥ ᠭᠦᠷᠦᠭᠰᠡᠳ ᠢ | ᠬᠠᠮᠠᠭᠠᠯᠠᠬᠤ ᠠᠵᠢᠯ ᠢ ᠨᠠᠩ ᠥᠨᠳᠥᠷ ᠲᠠᠰ᠂ ᠨᠠᠩ ᠥᠨᠳᠥᠷ ᠲᠦᠪᠰᠢᠨ ᠳᠤ ᠬᠦᠷᠦᠬᠦᠯᠬᠦ ᠪᠤᠯᠤᠨ᠎ᠠ᠃ | | | | | | | |