ᠥᠪᠥᠷ ᠮᠣᠩᠭᠤᠯ ᠤᠨ ᠡᠮᠴᠢ ᠶᠢᠨ ᠨᠡᠶᠢᠭᠡᠮᠯᠢᠭ ᠤᠨ ᠬᠢᠨ ᠵᠠᠯᠠᠭᠤ ᠡᠮᠴᠢ ᠶᠢᠨ ᠮᠡᠳᠡᠯᠭᠡ‌‍ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠢ ᠡᠷᠭᠢᠯᠡᠪᠡ
ᠨᠡᠶᠢᠲᠡᠯᠡᠭᠰᠡᠨ ᠴᠠᠭ᠄
2023/8/29
   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ  ᠲᠤᠭᠤᠰᠢᠯᠠᠭᠤᠯᠵᠤ᠂ ᠵᠠᠯᠠᠭᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠶᠢᠨ ᠲᠦᠯᠤᠬᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠢᠨ ᠭᠤᠣᠯᠯᠠᠨ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠡᠮᠴᠢ ᠶᠢᠨ ᠨᠡᠶᠢᠭᠡᠮᠯᠢᠭ ᠠᠴᠠ ᠳᠠᠭᠠᠭᠠᠴᠢᠯᠠᠨ ᠡᠷᠬᠢᠯᠡᠭᠰᠡᠨ 2023 ᠣᠨ ᠤ ᠪᠦᠬᠦ ᠣᠷᠣᠨ ᠤ ᠵᠠᠯᠠᠭᠤ ᠡᠮᠴᠢ ᠶᠢᠨ ᠮᠡᠳᠡᠯᠭᠡ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ 8 ᠰᠠᠷ᠎ᠠ ᠶᠢᠨ 18  ᠤ ᠡᠳᠦᠷ ᠬᠥᠬᠡᠬᠤᠲᠠ ᠳᠤ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠢᠦᠢ ᠬᠤᠩ ᡁᠢ᠂ ᠥᠪᠡᠷᠲᠡᠭᠡᠨ ᠵᠠᠰᠠᠬᠤ ᠣᠷᠣᠨ ᠤ ᠡᠮᠴᠢ ᠶᠢᠨ ᠨᠡᠶᠢᠭᠡᠮᠯᠢᠭ ᠤᠨ ᠳᠠᠷᠤᠭ᠎ᠠ ᠾᠧ ᠹᠸᠡᠭ ᠴᠢ ᠵᠡᠷᠭᠡ ᠤᠳᠤᠷᠢᠳᠤᠯᠭ᠎ᠠ  ᠬᠤᠷᠠᠯ ᠳᠤ ᠣᠷᠣᠯᠴᠠᠪᠠ ᠃ ᠥᠪᠥᠷ ᠮᠣᠩᠭᠤᠯ ᠤᠨ ᠰᠢᠯᠢᠳᠡᠭ ᠡᠮᠴᠢ ᠶᠢᠨ ᠱᠠᠩᠨᠠᠯ ᠬᠦᠷᠲᠡᠭᠰᠡᠳ᠂ ᠶᠦᠨ ᠱᠤ᠋ ᠪᠢ ᠶᠢᠨ ᠵᠣᠷᠢᠭ ᠰᠠᠨᠠᠭᠠᠨ ᠤ ᠱᠠᠩᠨᠠᠯ ᠬᠦᠷᠲᠡᠭᠰᠡᠳ᠂ ᠥᠪᠡᠷᠲᠡᠭᠡᠨ ᠵᠠᠰᠠᠬᠤ ᠣᠷᠣᠨ ᠤ ᠡᠮᠴᠢ ᠶᠢᠨ ᠨᠡᠶᠢᠭᠡᠮᠯᠢᠭ ᠤᠨ ᠨᠡᠷᠡᠳᠦ ᠡᠮᠴᠢ᠂ ᠦᠭᠠᠨᠳᠠ  ᠶᠢ ᠲᠤᠰᠠᠯᠠᠬᠤ ᠡᠮᠴᠢᠯᠡᠭᠡᠨ ᠤ ᠠᠩᠭᠢ ᠶᠢᠨ ᠭᠡᠰᠢᠭᠦᠨ ᠪᠤᠯᠤᠨ ᠥᠪᠡᠷᠲᠡᠭᠡᠨ ᠵᠠᠰᠠᠬᠤ ᠣᠷᠣᠨ ᠤ ᠡᠮᠴᠢ ᠶᠢᠨ ᠨᠡᠶᠢᠭᠡᠮᠯᠢᠭ ᠤᠨ ᠬᠤᠪᠢᠶᠠᠷᠢ ᠨᠡᠶᠢᠭᠡᠮᠯᠢᠭ ᠤᠨ ᠲᠥᠯᠥᠭᠡᠯᠡᠭᠴᠢ ᠵᠡᠷᠭᠡ 300 ᠬᠥᠮᠥᠨ ᠬᠤᠷᠠᠯ ᠳᠤ ᠣᠷᠣᠯᠴᠠᠪᠠ᠃
W020230825669203982873.png
   ᠰᠢᠦᠢ ᠬᠤᠩ ᡁᠢ ᠪᠦᠬᠦ ᠣᠷᠣᠨ ᠤ ᠡᠮ ᠡᠮᠨᠡᠯᠭᠡ ᠶᠢᠨ ᠠᠵᠢᠯᠲᠠᠳ ᠲᠤ ᠴᠢᠩ ᠰᠡᠳᠬᠢᠯ ᠤᠨ ᠮᠡᠨᠳᠦᠴᠢᠯᠡᠯ ᠬᠦᠷᠭᠡᠵᠦ᠂ ᠪᠦᠬᠦ ᠨᠡᠶᠢᠭᠡᠮ ᠢᠶᠠᠷ ᠢᠶᠠᠨ ᠡᠮᠴᠢ ᠰᠤᠪᠢᠯᠠᠭᠴᠢᠳ ᠢ ᠬᠠᠯᠠᠮᠵᠢᠯᠠᠨ ᠬᠠᠶᠢᠷᠠᠯᠠᠬᠤ ᠶᠢ ᠤᠷᠢᠶᠠᠯᠠᠬᠤ ᠶᠢᠨ ᠬᠠᠮᠳᠤ ᠬᠥᠭᠵᠢᠯᠲᠡ ᠶᠢᠨ ᠣᠷᠣᠨ ᠵᠠᠢ᠂ ᠠᠵᠢᠯ ᠮᠡᠷᠭᠡᠵᠢᠯ ᠤᠨ ᠣᠷᠴᠢᠨ ᠲᠣᠭᠤᠷᠢᠨ᠂ ᠨᠡᠶᠢᠭᠡᠮ ᠤᠨ ᠪᠠᠶᠢᠷᠢ ᠰᠠᠭᠤᠷᠢ ᠵᠡᠷᠭᠡ ᠲᠠᠯ᠎ᠠ ᠠᠴᠠ ᠭᠠᠷᠳᠠᠵᠤ᠂ ᠡᠮᠨᠡᠯᠭᠡ ᠶᠢᠨ ᠠᠵᠢᠯᠲᠠᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠳᠠᠶᠢᠴᠢᠯᠠᠨ᠂ ᠠᠵᠢᠯ ᠮᠡᠷᠭᠡᠵᠢᠯ ᠤᠨ ᠲᠠᠲᠠᠬᠤ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠵᠤ᠂ ᠡᠮᠴᠢ ᠶᠢ ᠬᠦᠨᠳᠦᠳᠬᠡᠨ ᠡᠷᠡᠭᠦᠯ ᠬᠠᠮᠠᠭᠠᠯᠠᠯ ᠢ ᠴᠢᠬᠤᠯᠠᠴᠢᠯᠠᠬᠤ ᠨᠡᠶᠢᠭᠡᠮ ᠤᠨ ᠠᠭᠤᠷ ᠠᠮᠢᠰᠬᠤᠯ  ᠢ ᠴᠢᠷᠮᠠᠶᠢᠨ ᠪᠤᠶ ᠪᠣᠯᠭᠠᠬᠤ ᠬᠡᠷᠡᠭᠲᠡᠢ ᠭᠡᠵᠤ ᠴᠢᠬᠤᠯᠠᠴᠢᠯᠠᠪᠠ᠃    ᠬᠤᠶᠠᠷ ᠴᠠᠭ ᠤᠨ ᠪᠠᠴᠢᠮ ᠰᠢᠷᠦᠭᠦᠨ ᠤᠷᠤᠯᠳᠤᠭᠠᠨ ᠢᠶᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠲᠥᠯᠥᠭᠡᠯᠡᠭᠴᠢᠳ ᠤᠨ ᠠᠩᠭᠢ ᠪᠦᠯᠬᠦᠮ ᠤᠨ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ ᠪᠤᠭᠤᠲᠤ ᠬᠤᠲᠠ ᠶᠢᠨ ᠳᠥᠷᠪᠡᠳᠦᠭᠡᠷ ᠡᠮᠨᠡᠯᠭᠡ ᠶᠢᠨ ᠬᠤᠷᠢᠶ᠎ᠠ ᠪᠠ ᠣᠷᠳᠣᠰ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ᠶᠢᠨ ᠲᠥᠯᠥᠭᠡᠯᠡᠭᠴᠢᠳ ᠤᠨ ᠠᠩᠭᠢ ᠪᠦᠯᠬᠦᠮ ᠤᠨ ᠬᠤᠶᠠᠳᠤᠭᠠᠷ ᠳᠡᠰ ᠤᠨ ᠱᠠᠩᠨᠠᠯ ᠭᠥᠷᠳᠡᠵᠦ᠂ ᠦᠬᠠᠢ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ ᠪᠤᠭᠤᠲᠤ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ ᠡᠮᠨᠡᠯᠭᠡ ᠶᠢᠨ ᠬᠤᠷᠢᠶ᠎ᠠ ᠪᠤᠯᠤᠨ ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢᠨ ᠲᠥᠯᠥᠭᠡᠯᠡᠭᠴᠢᠳ ᠤᠨ ᠠᠩᠭᠢ ᠪᠦᠯᠬᠦᠮ ᠤᠨ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠦ᠋ ᠬᠠᠢ ᠾᠧ ᠨᠥᠬᠦᠷ ᠬᠤᠪᠢ ᠬᠥᠮᠥᠨ ᠤ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ ᠣᠷᠳᠣᠰ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ᠶᠢᠨ ᠵᠧᠦ ᠶᠠᠩ ᠨᠥᠬᠦᠷ᠂ ᠪᠤᠭᠤᠲᠤ ᠬᠤᠲᠠ ᠶᠢᠨ ᠳᠥᠷᠪᠡᠳᠦᠭᠡᠷ ᠡᠮᠨᠡᠯᠭᠡ ᠶᠢᠨ ᠬᠤᠷᠢᠶ᠎ᠠ ᠶᠢᠨ ᠨᠢᠩ ᠬᠠᠢ ᠪᠥᠸᠧ ᠨᠥᠬᠦᠷ ᠬᠤᠪᠢ ᠬᠥᠮᠥᠨ ᠤ ᠬᠤᠶᠠᠳᠤᠭᠠᠷ ᠳᠡᠰ ᠤᠨ ᠱᠠᠩᠨᠠᠯ ᠭᠥᠷᠳᠡᠵᠦ᠂ ᠪᠤᠭᠤᠲᠤ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ ᠡᠮᠨᠡᠯᠭᠡ ᠶᠢᠨ ᠬᠤᠷᠢᠶ᠎ᠠ ᠶᠢᠨ ᠷᠧᠨ ᠸᠠᠨ ᠯᠦᠩ ᠨᠥᠬᠦᠷ᠂ ᠦᠬᠠᠢ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠯᠢ ᠵᠢᠶᠠᠨ ᠨᠥᠬᠦᠷ᠂ ᠠᠯᠠᠱᠠ ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ ᠶᠢᠨ ᠯᠢ ᠸᠧᠢ ᠨᠥᠬᠦᠷ ᠬᠤᠪᠢ ᠬᠥᠮᠥᠨ ᠤ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃ ᠬᠤᠷᠠᠯ ᠲᠡᠬᠡᠷ᠎ᠡ ᠪᠠᠰᠠ ︽ᠥᠪᠥᠷ ᠮᠣᠩᠭᠤᠯ ᠤᠨ ᠰᠢᠯᠢᠳᠡᠭ ᠡᠮᠴᠢ ᠶᠢᠨ ᠱᠠᠩᠨᠠᠯ︾ ᠤᠨ ᠱᠠᠩᠨᠠᠯ ᠬᠦᠷᠲᠡᠭᠰᠡᠳ᠂ ᠶᠦᠨ ᠱᠤ᠋ ᠪᠢ ᠶᠢᠨ ᠵᠣᠷᠢᠭ ᠰᠠᠨᠠᠭᠠᠨ ᠤ ᠱᠠᠩᠨᠠᠯ ᠬᠦᠷᠲᠡᠭᠰᠡᠳ᠂ ᠥᠪᠡᠷᠲᠡᠭᠡᠨ ᠵᠠᠰᠠᠬᠤ ᠣᠷᠣᠨ ᠤ ᠨᠡᠷᠡᠳᠦ ᠡᠮᠴᠢ᠂ ᠦᠭᠠᠨᠳᠠ ᠶᠢ ᠲᠤᠰᠠᠯᠠᠬᠤ ᠡᠮ ᠡᠮᠨᠡᠯᠭᠡ ᠶᠢᠨ ᠠᠩᠭᠢ ᠶᠢᠨ ᠭᠡᠰᠢᠭᠦᠳ ᠢ ᠬᠥᠬᠢᠭᠦᠯᠦᠨ ᠲᠤᠬᠤᠨᠢᠭᠤᠯᠤᠬᠰᠠᠨ ᠪᠠᠶᠢᠨ᠎ᠠ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号