ᠬᠥᠯᠥᠨ ᠪᠤᠶᠢᠷ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ︽ᠬᠤᠶᠠᠷ ᠢ  ᠪᠠᠶᠢᠴᠠᠭᠠᠵᠤ᠂ ᠨᠢᠭᠡ ᠶᠢ ᠢᠯᠡᠵᠢᠬᠦᠯᠬᠦ︾ ᠰᠤᠭᠤᠴᠢᠨ ᠪᠠᠶᠢᠴᠠᠭᠠᠬᠤ ᠲᠤᠬᠠᠢ ᠶᠢᠨ ᠲᠠᠯᠠᠪᠤᠷ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/29
   ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠣᠲᠣᠭᠠᠳᠤ ᠶᠢᠨ ᠵᠠᠰᠠᠯᠲᠠ ᠶᠢ ᠵᠢᠷᠤᠮᠵᠢᠭᠤᠯᠤᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠷᠡᠭᠦᠯ ᠬᠦᠭᠵᠢᠯᠳᠡ ᠶᠢ ᠠᠬᠢᠭᠤᠯᠬᠤ ᠶᠢᠨ ᠲᠥᠯᠥᠭᠡ ᠬᠥᠯᠥᠨ ᠪᠤᠶᠢᠷ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ᠂ 8 ᠳ᠋ᠤᠭᠠᠷ ᠰᠠᠷ᠎ᠠ ᠶᠢᠨ 23 ᠤ ᠡᠳᠦᠷ ᠬᠥᠯᠥᠨ ᠪᠤᠶᠢᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠤᠯᠪᠤᠭᠠᠯᠠᠨ᠂ 2023 ᠣᠨ ᠤ ᠲᠣᠰ ᠱᠠᠲᠤᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ︽ᠬᠤᠶᠠᠷ ᠢ  ᠪᠠᠶᠢᠴᠠᠭᠠᠵᠤ᠂ ᠨᠢᠭᠡ ᠶᠢ  ᠢᠯᠡᠵᠢᠬᠦᠯᠬᠦ︾ ᠰᠤᠭᠤᠴᠢᠨ ᠪᠠᠶᠢᠴᠠᠭᠠᠬᠤ ᠲᠤᠬᠠᠢ ᠶᠢᠨ ᠲᠠᠯᠠᠪᠤᠷ ᠤᠨ ᠬᠤᠷᠠᠯ ᠢ ᠬᠤᠷᠠᠯᠳᠤᠭᠤᠯᠪᠠ᠃
W020230825671419597355.png
   ᠰᠣᠩᠭᠤᠨ ᠪᠠᠶᠢᠴᠠᠭᠠᠭᠰᠠᠨ 11 ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ ᠤᠨ 2022 ᠣᠨ ᠠᠴᠠ ᠨᠠᠭᠠᠰᠢᠬᠢ ᠡᠳ᠋ ᠤᠨ ᠶᠠᠪᠤᠳᠠᠯ ᠤᠨ ᠳᠠᠩᠰᠠ ᠬᠠᠷ᠎ᠠ᠂ ᠬᠤᠷᠠᠯ ᠤᠨ ᠲᠣᠪᠴᠢ ᠲᠡᠮᠳᠡᠭᠯᠡᠯ᠂ ᠬᠠᠤᠯᠢ ᠶᠢᠨ ᠡᠷᠬᠡᠲᠡᠨ ᠤ ᠦᠨᠡᠮᠯᠡᠯ ᠤᠨ ᠵᠢᠩᠬᠢᠨᠢ ᠬᠠᠭᠤᠯᠪᠤᠷᠢ ᠳᠡᠪᠲᠡᠷ ᠵᠡᠷᠭᠡ ᠮᠠᠲ᠋ᠧᠷᠢᠶᠠᠯ ᠢ ᠪᠠᠶᠢᠴᠠᠭᠠᠨ ᠦᠵᠡᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ᠂ ᠲᠤᠬᠠᠶᠢᠯᠠᠭᠰᠠᠨ ᠠᠵᠢᠯ ᠤᠨ ᠠᠵᠢᠯᠯᠠᠭ᠎ᠠ ᠥᠷᠨᠢᠭᠦᠯᠦᠭᠰᠡᠨ᠂ ᠳᠣᠲᠣᠭᠠᠳᠤ ᠶᠢᠨ ᠬᠠᠮᠢᠶᠠᠷᠤᠯᠲᠠ᠂ ᠵᠠᠷᠤᠳᠠᠯ ᠤᠨ ᠣᠷᠣᠯᠭ᠎ᠠ ᠵᠠᠷᠤᠯᠭ᠎ᠠ ᠵᠡᠷᠭᠡ ᠲᠠᠯ᠎ᠠ ᠶᠢᠨ ᠪᠠᠶᠢᠳᠠᠯ ᠢ ᠪᠠᠶᠢᠴᠠᠭᠠᠪᠠ᠃ ᠪᠠᠶᠢᠴᠠᠭᠠᠬᠤ ᠶᠠᠪᠤᠴᠠ ᠳᠤ ᠬᠡᠰᠡᠭ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠢᠯᠡᠷᠡᠭᠰᠡᠨ ᠳᠣᠲᠣᠭᠠᠳᠤ ᠶᠢᠨ ᠳᠦᠷᠢᠮ ᠲᠣᠭᠲᠠᠭᠠᠯ ᠨᠢ ᠲᠡᠭᠦᠯᠳᠡᠷ ᠪᠤᠰᠤ᠂ ᠳᠦᠷᠢᠮ ᠶᠣᠰᠣᠭᠠᠷ ᠴᠠᠭ ᠲᠤᠬᠠᠢ ᠳᠤ ᠨᠢ ᠬᠤᠭᠤᠴᠠᠭ᠎ᠠ ᠰᠣᠯᠢᠭᠰᠠᠨ ᠦᠭᠡᠢ᠂ ᠲᠠᠩᠰᠠ ᠡᠪᠬᠡᠮᠡᠯ ᠤᠨ ᠬᠠᠮᠢᠶᠠᠷᠤᠯᠲᠠ ᠨᠢ ᠵᠢᠷᠤᠮᠵᠢᠭᠤᠨ ᠪᠤᠰᠤ᠂ ︽ᠠᠷᠠᠳ ᠤᠨ ᠠᠰᠢᠭ ᠬᠤᠨᠵᠢᠪᠤᠷᠢ ᠶᠢᠨ ᠪᠤᠰᠤ ᠵᠣᠬᠢᠶᠠᠨ ᠪᠠᠶᠢᠭᠤᠯᠤᠯᠲᠠ ᠶᠢᠨ ᠨᠢᠭᠲᠠᠯᠠᠨ ᠪᠤᠳᠤᠬᠤ ᠳᠦᠷᠢᠮ︾ ᠶᠣᠰᠣᠭᠠᠷ ᠲᠣᠭᠠᠴᠠᠭ᠎ᠠ ᠬᠢᠭᠰᠡᠨ ᠦᠭᠡᠢ᠂ ᠡᠳ᠋ ᠤᠨ ᠶᠠᠪᠤᠳᠠᠯ ᠤᠨ ᠲᠠᠩᠰᠠ ᠲᠠᠶᠢᠯᠬᠤ ᠭᠠᠷ ᠭᠦᠢᠴᠡᠳᠬᠡᠯ ᠨᠢ ᠵᠢᠷᠤᠮᠵᠢᠯ ᠦᠭᠡᠢ ᠵᠡᠷᠭᠡ ᠠᠰᠠᠭᠤᠳᠠᠯ ᠳᠤ ᠴᠢᠭᠯᠡᠭᠦᠯᠦᠨ ᠨᠢᠭᠡᠳ ᠨᠢᠭᠡ ᠪᠠᠷ ᠵᠢᠭᠠᠵᠤ ᠭᠠᠷᠭᠠᠭᠰᠠᠨ ᠪᠥᠭᠡᠳ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ ᠤᠨ ᠬᠠᠤᠯᠢ ᠶᠣᠰᠣᠭᠠᠷ ᠵᠢᠷᠤᠮᠵᠢᠭᠤᠨ ᠬᠥᠭᠵᠢᠬᠦ ᠶᠢ ᠪᠦᠲᠦᠮᠵᠢᠲᠡᠶ ᠠᠬᠢᠭᠤᠯᠪᠠ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号