ᠦᠬᠠᠢ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠤᠨ ᠵᠢᠯ ᠪᠦᠬᠦ ᠤᠯᠤᠰ ᠤᠨ | ᠲᠠᠪᠤᠳᠠᠭᠢ ᠪᠦᠯᠦᠭ ᠤᠨ ᠭᠡᠷ ᠲᠤ ᠨᠢ ᠬᠦᠷᠴᠤ ᠠᠰᠠᠷᠠᠬᠤ ᠪᠠᠶᠢᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠠ ᠲᠣᠬᠢᠶᠠᠯ ᠢ ᠠᠰᠢᠭᠯᠠᠨ᠂ | ᠲᠦᠷᠦ ᠶᠢᠨ ᠪᠣᠳᠣᠯᠭ᠎ᠠ ᠶᠢ ᠤᠷᠢᠳ ᠬᠡᠷᠡᠭᠵᠢᠭᠦᠯᠬᠦ ᠶᠢ ᠪᠠᠷᠢᠮᠲᠠᠯᠠᠵᠤ᠂ ᠨᠡᠶᠢᠭᠡᠮ ᠤᠨ ᠬᠢᠨ ᠤ ᠣᠷᠣᠯᠴᠠᠬᠤ ᠶᠢ | ᠵᠣᠷᠢᠭᠵᠢᠭᠤᠯᠵ᠊ ᠤ᠂ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠬᠦᠯᠤᠨ᠂ ᠡᠷᠬᠢᠨ ᠲᠣᠭᠤᠷᠢᠨ ᠳᠤ ᠨᠢ ᠢᠳᠡᠭᠡᠨ | ᠤᠮᠳᠠᠭᠠᠨ ᠤ ᠬᠠᠷᠠᠭᠠᠯᠵᠠᠯ ᠲᠠᠢ᠂ ᠰᠦᠯᠵᠢᠶᠡᠨ ᠳᠡᠭᠡᠷᠡᠬᠢ ᠬᠠᠪᠰᠤᠷᠤᠯᠭ᠎ᠠ ᠲᠠᠢ᠂ ᠤᠷᠤ ᠶᠢᠨ ᠬᠠᠵᠠᠭᠤ ᠶᠢᠨ | ᠬᠠᠷᠠᠭᠠᠯᠵᠠᠯ ᠲᠠᠢ ᠪᠠᠶᠢᠬᠤ ᠠᠵᠢᠯ ᠢ ᠦᠷᠭᠦᠯᠵᠢᠯᠡᠨ ᠠᠬᠢᠭᠤᠯᠵᠤ᠂ ᠨᠠᠰᠤᠲᠠᠶᠢᠴᠤᠳ ᠲᠤ ᠦᠢᠯᠡᠴᠢᠯᠡᠬᠦ ᠲᠦᠪᠰᠢᠨ ᠢ | ᠦᠨᠡᠨ ᠬᠦ ᠳᠡᠭᠡᠭᠰᠢᠯᠡᠭᠦᠯᠵᠦ᠂ ᠨᠠᠰᠤᠲᠠᠶᠢᠴᠤᠳ ᠲᠤ ᠵᠣᠯ ᠵᠢᠷᠭᠠᠯᠲᠤ ᠠᠮᠢᠳᠤᠷᠠᠯ ᠢ ᠡᠳ᠋ᠯᠡᠬᠦᠯᠵᠤ ᠪᠠᠶᠢᠨ᠎ᠠ᠃ | ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠰᠤᠵᠢᠯ ᠤᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠪᠠ᠃ ᠦᠬᠠᠢ ᠬᠤᠲᠠ ᠶᠢᠨ ᠨᠠᠰᠤᠵᠢᠯ ᠤᠨ ᠦᠢᠯᠡᠴᠢᠯᠡᠭᠡᠨ ᠤ ᠦᠢᠯᠡᠰ ᠤᠨ | ᠬᠦᠭᠵᠢᠬᠦᠯᠤᠯᠳᠡ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠨᠠᠰᠤᠵᠢᠯ ᠤᠨ ᠦᠢᠯᠡᠴᠢᠯᠡᠭᠡᠨ ᠤ ᠲᠣᠪᠴᠢᠶ᠎ᠠ | ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠨᠠᠰᠤᠵᠢᠯ ᠤᠨ ᠦᠢᠯᠡᠴᠢᠯᠡᠭᠡᠨ ᠤ ᠰᠠᠯᠠᠭ᠎ᠠ | ᠮᠥᠴᠢᠷ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠬᠦᠯᠳᠡᠷᠵᠢᠬᠦᠯᠤᠨ᠂ ᠡᠬᠢ ᠪᠠᠶᠠᠯᠢᠭ ᠢ ᠨᠡᠶᠢᠯᠡᠭᠦᠯᠵᠦ᠂ | ᠬᠠᠮ ᠬᠦᠴᠦᠨ ᠢ ᠪᠦᠷᠢᠯᠳᠤᠬᠦᠯᠤᠬᠡᠳ ︽ᠦᠬᠠᠢ ᠬᠤᠲᠠ ᠶᠢᠨ ᠭᠡᠷ ᠲᠤ ᠪᠠᠨ ᠰᠠᠭᠤᠭ᠎ᠠ ᠨᠠᠰᠤᠲᠠᠶᠢᠴᠤᠳ ᠢ | ᠠᠰᠠᠷᠠᠬᠤ ᠦᠢᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ︾ ︽ᠦᠬᠠᠢ ᠬᠤᠲᠠ ᠶᠢᠨ ᠭᠡᠷ ᠲᠤ ᠨᠢ ᠬᠦᠷᠴᠤ | ᠠᠰᠠᠷᠠᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠶᠢᠨ ᠬᠡᠷᠡᠭᠵᠢᠭᠦᠯᠬᠦ ᠲᠥᠰᠥᠯ︾ ᠵᠡᠷᠭᠡ ᠪᠢᠴᠢᠭ ᠮᠠᠲ᠋ᠧᠷᠢᠶᠠᠯ ᠢ | ᠨᠡᠶᠢᠲᠡᠯᠡᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠪᠦᠬᠦ ᠬᠤᠳᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠶᠡᠷᠦᠩᠬᠡᠢ | ᠲᠥᠯᠦᠪᠵᠢᠭᠦᠯᠭᠡ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠥᠭᠵᠢᠯᠲᠡ ᠶᠢᠨ ᠲᠥᠯᠦᠪᠵᠢᠭᠦᠯᠭᠡ᠂ | ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠪᠠ ᠡᠯ᠎ᠡ ᠲᠣᠭᠤᠷᠢᠭ ᠤᠨ ᠡᠵᠡᠮᠳᠡᠯ ᠤᠨ ᠴᠢᠨᠠᠷᠲᠠᠢ ᠶᠡᠷᠦᠩᠬᠡᠢ | ᠲᠥᠯᠦᠪᠵᠢᠭᠦᠯᠭᠡ ᠳᠤ ᠣᠷᠣᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠣᠷᠣᠨ | ᠬᠤᠪᠢᠶᠠᠨ ᠱᠠᠲᠤ ᠬᠤᠪᠢᠶᠠᠨ ᠲᠥᠯᠥᠪᠵᠢᠭᠦᠯᠵᠦ ᠪᠦᠲᠦᠭᠡᠨ ᠪᠠᠶᠢᠭᠤᠯᠬᠤ ᠠᠷᠭ᠎ᠠ ᠶᠢ ᠬᠡᠷᠡᠭᠵᠢᠭᠦᠯᠵᠦ᠂ ︽ᠬᠤᠳᠠ | ᠶᠢᠨ ᠨᠢᠭᠡ ᠮᠥᠴᠡ ᠶᠢᠨ ᠲᠤᠳᠤᠷᠠᠬᠢ︾ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶ᠎ᠡ ᠶᠢ ᠪᠠᠶᠢᠭᠤᠯᠪᠠ | ᠃ ᠣᠲᠣ ᠪᠥᠬᠦ ᠬᠤᠲᠠ ᠶᠢᠨ 86 ᠲᠥᠪ ︵ᠥᠷᠲᠡᠭᠡ︶ ᠳᠤ ᠬᠤᠭᠤᠯᠠ ᠤᠮᠳᠠ ᠳᠤ ᠲᠤᠰᠠᠯᠠᠬᠤ ᠭᠠᠵᠠᠷ | ᠪᠠᠶᠢᠭᠤᠯᠵᠤ᠂ 12 ᠭᠤᠣᠯ ᠲᠣᠭᠤᠭᠠᠨ ᠭᠡᠷ ᠭᠠᠷᠭᠠᠵᠤ᠂ 28 ᠬᠠᠭᠤᠴᠢᠨ ᠬᠤᠭᠤᠯᠠᠨ ᠭᠡᠷ ᠢ ᠠᠰᠢᠬᠯᠠᠵᠤ᠂ ᠪᠥᠬᠦ | ᠬᠤᠲᠠ ᠶᠢᠨ ᠬᠡᠪᠴᠢᠶᠡᠵᠢᠭᠰᠡᠨ ᠢᠳᠡᠭᠡᠨ ᠤᠮᠳᠠᠭᠠᠨ ᠤ ᠠᠵᠢᠯ ᠲᠥᠷᠥᠯ ᠤᠨ ᠬᠢᠨ ᠲᠠᠢ ᠬᠤᠭᠤᠯᠠ ᠤᠮᠳᠠ ᠳᠤ | ᠲᠤᠰᠠᠯᠠᠬᠤ ᠬᠡᠯᠡᠯᠴᠡᠭᠡᠷ ᠲᠣᠭᠲᠠᠵᠤ᠂ ᠷᠠᠳᠢᠦ᠋ᠰ ᠨᠢ 1 ᠺᠢᠯᠣᠮᠧᠲᠷ ᠤᠨ ︽ᠲᠥᠪ ᠲᠣᠭᠤᠭᠠᠨ ᠭᠡᠷ + ᠬᠤᠭᠤᠯᠠ | ᠤᠮᠳᠠ ᠳᠤ ᠲᠤᠰᠠᠯᠠᠬᠤ ᠭᠠᠵᠠᠷ + ᠬᠠᠭᠤᠴᠢᠨ ᠬᠤᠭᠤᠯᠠᠨ ᠭᠡᠷ︾ ᠬᠡᠯᠪᠡᠷᠢᠳᠤ ᠬᠤᠭᠤᠯᠠ ᠤᠮᠳᠠ ᠳᠤ ᠲᠤᠰᠠᠯᠠᠬᠤ | ᠦᠢᠯᠡᠴᠢᠯᠡᠭᠡᠨ ᠤ ᠲᠤᠤᠷᠵᠢᠯ ᠢ ᠪᠣᠶ ᠪᠣᠯᠭᠠᠵᠤ᠂ ᠨᠠᠰᠤᠲᠠᠶᠢᠴᠤᠳ ᠤᠨ ᠢᠳᠡᠭᠡᠨ ᠤᠮᠳᠠᠭᠠᠨ ᠤ ᠲᠠᠯ᠎ᠠ ᠪᠠᠷ ᠲᠠᠪᠠ | ᠲᠤᠬ᠎ᠠ ᠲᠠᠢ ᠪᠠᠶᠢᠬᠤ ᠶᠢ ᠪᠠᠳᠤᠯᠠᠪᠠ᠃ | ᠬᠤᠶᠠᠷ ᠲᠤ᠂ ᠣᠶᠤᠨᠴᠢ ᠨᠠᠰᠤᠵᠢᠯ ᠤᠨ ᠠᠰᠠᠷᠠᠮᠵᠢ ᠶᠢᠨ ᠴᠢᠳᠠᠪᠬᠢ ᠶᠢ ᠪᠠᠶᠠᠯᠢᠭᠵᠢᠭᠤᠯᠵᠤ᠂ ᠦᠢᠯᠡᠴᠢᠯᠡᠭᠡᠨ ᠤ | ᠲᠦᠪᠰᠢᠨ ᠢ ᠲᠡᠭᠡᠭᠰᠢᠯᠡᠬᠦᠯᠪᠡ᠃ ᠡᠯ᠎ᠡ ᠲᠦᠷᠦᠯ ᠤᠨ ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠪᠠᠷ ᠰᠠᠭᠤᠷᠢ ᠴᠡᠭ ᠪᠣᠯᠭᠠᠵᠤ᠂ ᠨᠡᠶᠢᠭᠡᠮ ᠲᠣᠭᠤᠷᠢᠭ ᠤᠨ | ᠬᠠᠮᠢᠶᠠᠷᠤᠯᠲᠠ ᠶᠢᠨ ᠲᠠᠯᠠᠪᠠᠢ ᠪᠠᠷ ᠷᠠᠳᠢᠦ᠋ᠰ ᠪᠣᠯᠭᠠᠵᠤ᠂ ᠪᠦᠬᠦ ᠣᠷᠣᠨ ᠪᠦᠰᠡ ᠶᠢᠨ ᠴᠢᠨᠠᠷᠲᠠᠢ ᠨᠠᠰᠤᠵᠢᠯ ᠤᠨ | ᠠᠰᠠᠷᠠᠮᠵᠢ ᠶᠢᠨ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠶᠢᠨ ᠡᠯᠧᠺᠲᠷᠣᠨ ᠭᠠᠵᠠᠷ ᠤᠨ ᠵᠢᠷᠤᠭ ᠢ ᠵᠢᠷᠤᠬᠤ ᠶᠢᠨ | ᠬᠠᠮᠲᠤ ︽ᠦᠬᠠᠢ ᠬᠤᠲᠠ ᠶᠢᠨ ᠣᠶᠤᠨᠲᠤ ᠨᠠᠰᠤᠵᠢᠯ ᠤᠨ ᠠᠰᠠᠷᠠᠮᠵᠢ ᠶᠢᠨ ᠰᠦᠯᠵᠢᠶ᠎ᠡ︾ ᠪᠠ ︽ᠢ ᠶᠠᠩ ᠦᠬᠠᠢ︾ | ᠸᠢᠴᠠᠲ ᠲᠠᠪᠴᠠᠩ ᠢ ᠭᠠᠷᠭᠠᠵᠤ ᠨᠠᠰᠤᠵᠢᠯ ᠤᠨ ᠠᠰᠠᠷᠠᠮᠵᠢ ᠶᠢᠨ ᠭᠠᠵᠠᠷ ᠤᠨ ᠵᠢᠷᠤᠭ᠂ ᠨᠠᠰᠤᠵᠢᠯ ᠤᠨ | ᠠᠰᠠᠷᠠᠮᠵᠢ ᠶᠢᠨ ᠡᠬᠢ ᠪᠠᠶᠠᠯᠢᠭ᠂ ᠨᠠᠰᠤᠵᠢᠯ ᠤᠨ ᠠᠰᠠᠷᠠᠮᠵᠢ ᠶᠢᠨ ᠮᠡᠳᠡᠭᠡ ᠵᠠᠩᠭᠢ᠂ ᠠᠵᠢᠯᠯᠠᠭᠠᠨ ᠤ ᠴᠤᠭ ᠵᠢᠪᠬᠤᠭ᠎ᠠ | ᠵᠡᠷᠭᠡ ᠬᠡᠰᠡᠭ ᠢ ᠲᠣᠬᠢᠷᠠᠭᠤᠯᠵᠤ᠂ ᠬᠤᠲᠠ ᠶᠢᠨ ᠠᠷᠠᠳ ᠲᠤ ᠡᠯ᠎ᠡ ᠵᠦᠢᠯ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ ᠶᠢ ᠲᠠᠨᠢᠭᠤᠯᠪᠠ᠃ ᠡᠨᠡ ᠰᠠᠭᠤᠷᠢᠨ ᠳᠡᠭᠡᠷ᠎ᠡ ᠠᠳᠠᠯᠢ ᠪᠤᠰᠤ ᠳᠡᠰ ᠳᠠᠪᠬᠤᠷᠭ᠎ᠠ ᠶᠢᠨ | ᠨᠠᠰᠤᠲᠠᠶᠢᠴᠤᠳ ᠤᠨ ᠬᠡᠷᠡᠭᠴᠡᠭᠡ ᠶᠢ ᠦᠨᠳᠦᠰᠦᠯᠡᠨ ᠭᠡᠷ ᠪᠦᠯᠢ ᠶᠢᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ | ᠪᠣᠭᠤᠳᠠᠯ ᠭᠠᠷᠭᠠᠵᠤ᠂ ᠥᠪᠡᠷ ᠢᠶᠠᠨ ᠦᠢᠯᠡᠴᠢᠯᠡᠬᠦ ᠦᠢᠯᠡᠴᠢᠯᠡᠭᠡ ᠶᠢ ᠬᠡᠷᠡᠭᠵᠢᠭᠦᠯᠵᠦ᠂ ᠡᠮᠴᠢᠯᠡᠭᠡ ᠳᠤ ᠲᠤᠰᠠᠯᠠᠬᠤ᠂ | ᠴᠡᠩᠭᠡᠯ ᠳᠤ ᠲᠤᠰᠠᠯᠠᠬᠤ ᠂ ᠤᠬᠢᠶᠠᠯᠭ᠎ᠠ ᠳᠤ ᠲᠤᠰᠠᠯᠠᠬᠤ᠂ ᠠᠷᠢᠭᠤᠨ ᠴᠡᠪᠡᠷ ᠲᠤ ᠲᠤᠰᠠᠯᠠᠬᠤ᠂ ᠪᠠᠴᠢᠮ ᠪᠠᠶᠢᠳᠠᠯ | ᠲᠠᠢ ᠦᠶ᠎ᠡ ᠳᠤ ᠲᠤᠰᠠᠯᠠᠬᠤ ᠵᠡᠷᠭᠡ ︽ᠠᠷᠪᠠ ᠳᠤ ᠲᠤᠰᠠᠯᠠᠬᠤ︾ ᠦᠢᠯᠡᠴᠢᠯᠡᠭᠡ ᠬᠠᠩᠭᠠᠬᠤ ᠶᠢᠨ ᠬᠠᠮᠲᠤ | ᠡᠮᠨᠡᠯᠭᠡ ᠳᠤ ᠦᠵᠡᠭᠦᠯᠵᠦ ᠠᠰᠠᠷᠠᠨ ᠰᠤᠪᠢᠯᠠᠬᠤ᠂ ᠣᠶᠤᠨ ᠰᠠᠨᠠᠭᠠᠨ ᠤ ᠲᠠᠶᠢᠳᠬᠤᠷᠠᠭᠤᠯᠤᠯ᠂ ᠨᠠᠰᠤ ᠨᠥᠭᠴᠢᠬᠦ | ᠦᠶ᠎ᠡ ᠶᠢᠨ ᠬᠠᠯᠠᠮᠵᠢᠯᠠᠯ᠂ ᠵᠢᠭᠤᠯᠴᠢᠯᠠᠨ ᠰᠠᠭᠤᠵᠤ ᠨᠠᠰᠤᠵᠢᠯ ᠤᠨ ᠠᠰᠠᠷᠠᠮᠵᠢ ᠭᠥᠷᠳᠡᠬᠦ ᠵᠡᠷᠭᠡ ᠦᠢᠯᠡᠴᠢᠯᠡᠭᠡᠨ ᠤ | ᠲᠥᠷᠥᠯ ᠵᠦᠢᠯ ᠢ ᠢᠳᠡᠪᠬᠢᠲᠡᠢ ᠥᠷᠭᠡᠳᠬᠡᠵᠦ᠂ ᠠᠳᠠᠯᠢ ᠪᠤᠰᠤ ᠲᠠᠰ ᠳᠠᠪᠬᠤᠷᠭ᠎ᠠ ᠶᠢᠨ ᠨᠠᠰᠤᠲᠠᠶᠢᠴᠤᠳ ᠤᠨ | ᠦᠢᠯᠡᠴᠢᠯᠡᠭᠡᠨ ᠤ ᠬᠡᠷᠡᠭᠴᠡᠭᠡ ᠶᠢ ᠴᠢᠷᠮᠠᠶᠢᠨ ᠬᠠᠩᠭᠠᠵᠤ᠂ ᠨᠠᠰᠤᠲᠠᠶᠢᠴᠤᠳ ᠲᠤ ᠭᠡᠷ ᠪᠦᠯᠢ ᠨᠡᠶᠢᠭᠡᠮ ᠲᠣᠭᠤᠷᠢᠭ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ 172532 ᠤᠳᠠᠭ᠎ᠠ ᠬᠠᠨᠭ᠍ᠭᠠᠬᠰᠠᠨ ᠪᠠᠶᠢᠨ᠎ᠠ᠃ | ᠭᠤᠷᠪᠠ ᠳᠤ᠂ ᠲᠦᠷᠦ ᠶᠢᠨ ᠪᠣᠳᠣᠯᠭ᠎ᠠ ᠶᠢᠨ ᠪᠠᠲᠤᠯᠠᠭ᠎ᠠ ᠶᠢ ᠨᠠᠶᠢᠳᠠᠪᠤᠷᠢᠵᠢᠭᠤᠯᠵᠤ᠂ ᠲᠠᠭᠠᠭᠠᠮᠠᠭᠠᠢ | ᠬᠦᠭᠵᠢᠬᠦᠯᠤᠯᠳᠡ ᠳᠤ ᠬᠦᠴᠦᠨ ᠨᠡᠮᠡᠷᠢᠯᠡᠪᠡ᠃ ᠨᠠᠰᠤᠵᠢᠯ ᠤᠨ ᠠᠰᠠᠷᠠᠮᠵᠢ ᠶᠢᠨ ᠲᠡᠳᠬᠦᠮᠵᠢ ᠶᠢᠨ ᠲᠥᠷᠥ ᠶᠢᠨ | ᠪᠣᠳᠣᠯᠭ᠎ᠠ ᠶᠢᠨ ᠵᠢᠯᠤᠭᠤᠳᠬᠤ ᠦᠢᠯᠡᠳᠦᠯ ᠢ ᠬᠦᠢᠴᠡᠳ ᠪᠠᠳᠠᠷᠠᠭᠤᠯᠵᠤ᠂ ᠣᠨᠴᠠᠭᠠᠶ ᠬᠦᠴᠢᠷᠳᠡᠯ ᠲᠠᠢ | ᠨᠠᠰᠤᠲᠠᠶᠢᠴᠤᠳ ᠲᠤ ᠵᠠᠰᠠᠭ ᠤᠨ ᠣᠷᠳᠣᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠤᠳᠠᠯᠳᠤᠨ ᠠᠪᠴᠤ | ᠥᠭᠬᠦ ᠶᠢ ᠮᠠᠨ ᠤ ᠤᠷᠤᠨ ᠳᠤ ᠡᠩ ᠲᠡᠷᠢᠭᠦᠨ ᠳᠤ ᠨᠡᠶᠢᠲᠡᠯᠡᠵᠦ᠂ ᠣᠶᠤᠨᠲᠤ ᠨᠠᠰᠤᠵᠢᠯ ᠤᠨ ᠦᠢᠯᠡᠴᠢᠯᠡᠭᠡᠨ ᠤ | ᠲᠠᠪᠴᠠᠩ ᠢ ᠪᠠᠶᠢᠭᠤᠯᠬᠤ ᠳᠤ ᠪᠦᠲᠦᠭᠡᠨ ᠪᠠᠶᠢᠭᠤᠯᠵᠤ ᠡᠵᠡᠩᠨᠡᠬᠦ ᠨᠥᠬᠦᠪᠦᠷᠢ 50 ᠲᠦᠮᠡ/ᠵᠢᠯ ᠳᠤ ᠣᠯᠭᠤᠵᠤ᠂ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ | ᠲᠦᠬᠦᠬᠡᠷᠤᠮᠵᠢ ᠶᠢ ᠵᠠᠯᠭᠠᠨ ᠠᠪᠴᠤ ᠪᠦᠲᠦᠭᠡᠨ ᠪᠠᠶᠢᠭᠤᠯᠵᠤ ᠡᠵᠡᠩᠨᠡᠬᠦ ᠪᠦᠲᠦᠭᠡᠨ ᠪᠠᠶᠢᠭᠤᠯᠤᠯᠲᠠ ᠳᠤ ᠵᠣᠬᠢᠴᠠᠩᠭᠤᠢ | ᠨᠥᠬᠦᠪᠦᠷᠢ ᠣᠯᠭᠤᠵᠤ᠂ ᠦᠬᠠᠢ ᠬᠤᠲᠠ ᠶᠢᠨ ᠪᠦᠬᠦᠯᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ | ᠨᠠᠰᠤᠵᠢᠯ ᠤᠨ ᠨᠥᠬᠦᠪᠦᠷᠢ ᠣᠯᠭᠤᠵᠤ᠂ ᠪᠡᠶ᠎ᠡ ᠳᠤ ᠪᠠᠨ ᠵᠦᠪ ᠦᠬᠡᠢ ᠨᠠᠰᠤᠲᠠᠶᠢᠴᠤᠳ ᠢ ᠣᠷᠳᠣ ᠬᠤᠭᠤᠴᠠᠭ᠎ᠠ ᠪᠠᠷ | ᠠᠰᠠᠷᠠᠨ ᠰᠤᠪᠢᠯᠠᠬᠤ ᠳᠠᠭᠠᠳᠬᠠᠯ ᠤᠨ ᠳᠦᠷᠢᠮ ᠢ ᠬᠡᠷᠡᠭᠵᠢᠭᠦᠯᠬᠦ ᠵᠡᠷᠭᠡ ᠲᠡᠳᠬᠦᠨ ᠳᠡᠮᠵᠢᠬᠦ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠬᠡᠷᠡᠭᠵᠢᠬᠦᠯᠦᠭᠰᠡᠨ ᠢᠶᠠᠷ ᠦᠨᠤ ᠵᠢᠯ ᠨᠠᠰᠤᠵᠢᠯ ᠤᠨ ᠨᠥᠬᠦᠪᠦᠷᠢ 920 ᠲᠦᠮᠡᠨ | ᠲᠥᠭᠦᠷᠢᠭ᠂ ᠦᠳᠡᠬᠦᠰ ᠤᠨ ᠨᠥᠬᠦᠪᠦᠷᠢ 1421.52 ᠲᠦᠮᠡᠨ ᠲᠥᠭᠦᠷᠢᠭ ᠲᠠᠷᠬᠠᠭᠠᠭᠰᠠᠨ ᠪᠠᠶᠢᠨ᠎ᠠ᠃ | | | | | | | | |